ᠡᠵᠡᠨ ᠵᠠᠰᠠᠭ ᠲᠠᠷᠬᠠᠭᠠᠭᠰᠠᠨ ﹇2021﹈ 18 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠲᠣᠮᠣ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠮᠠᠨ ᠤ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠡᠪᠡᠳᠴᠢᠨ ᠢᠶᠠᠷ | ᠥᠭᠦᠭᠰᠡᠨ ᠮᠠᠯ ᠵᠢᠭᠦᠷᠲᠡᠨ ᠢ ᠬᠤᠷᠢᠶᠠᠨ ᠴᠤᠭᠯᠠᠭᠤᠯᠵᠤ ᠬᠤᠤᠷ ᠥᠬᠡᠶ ᠪᠣᠯᠭᠠᠨ ᠰᠢᠢᠳᠪᠦᠷᠢᠯᠡᠬᠦ ᠠᠵᠢᠯ ᠢ ᠦᠨᠡᠨ ᠬᠦ | ᠰᠠᠶᠢᠲᠤᠷ ᠬᠢᠬᠦ ᠶᠢᠨ ᠲᠥᠯᠥᠭᠡ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠠ | ᠬᠤᠳᠠᠯᠳᠤᠭᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ | ᠴᠢᠩᠭᠠᠷᠠᠭᠤᠯᠤᠨ᠎ᠠ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠠ ᠫᠠᠨᠽᠠᠯᠠᠭᠰᠠᠨ ᠠᠴᠠ | ᠪᠣᠯᠵᠤ ᠣᠷᠴᠢᠨ ᠲᠣᠭᠤᠷᠢᠨ ᠤ ᠪᠣᠬᠢᠷᠲᠤᠯ ᠪᠠ ᠠᠮᠢᠲᠠᠨ ᠤ ᠬᠢᠵᠢᠭ ᠡᠪᠡᠳᠴᠢᠨ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠶ᠂ | ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠂ ᠠᠮᠢ ᠠᠬᠤᠶ ᠶᠢᠨ ᠣᠷᠴᠢᠨ | ᠲᠣᠭᠤᠷᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠨ᠎ᠠ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ︽ᠡᠪᠡᠳᠴᠢᠨ ᠢᠶᠠᠷ | ᠦᠬᠦᠭᠰᠡᠨ ᠮᠠᠯ ᠵᠢᠭᠦᠷᠲᠡᠨ ᠢ ᠬᠤᠣᠷ ᠦᠭᠡᠶ ᠪᠣᠯᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠤᠯᠤᠰ ᠤᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠬᠡᠷᠡᠭᠲᠡᠶ᠃ | ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠶᠡᠭᠡ ᠬᠡᠮᠵᠢᠶᠡᠨ ᠤ ᠡᠪᠡᠳᠴᠢᠨ ᠡᠭᠦᠰᠭᠡᠭᠴᠢ ᠶᠢ ᠠᠪᠴᠤ ᠶᠠᠪᠤᠵᠤ᠂ | ᠳᠤᠷ᠎ᠠ ᠪᠠᠷ ᠬᠠᠶᠠᠬᠤ ᠪᠤᠶᠤ ᠬᠤᠳᠠᠯᠳᠤᠪᠠᠯ᠂ ᠣᠷᠴᠢᠨ ᠲᠣᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠪᠠᠷ | ᠪᠠᠷᠠᠬᠤ ᠥᠬᠡᠶ᠂ ᠪᠠᠰᠠ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠡᠭᠦᠰᠭᠡᠵᠦ ᠮᠡᠳᠡᠨ᠎ᠡ᠂ ᠶᠠᠮᠠᠷᠪᠠ ᠨᠢᠭᠡᠴᠡ | ᠪᠠ ᠬᠤᠪᠢ ᠬᠥᠮᠦᠨ ᠭᠡᠳ ᠭᠤᠤᠯ ᠮᠥᠷᠡᠨ ᠨᠠᠭᠤᠷ ᠴᠥᠭᠦᠷᠥᠮ᠂ ᠤᠰᠤᠨ ᠰᠤᠪᠠᠭ ᠵᠡᠷᠭᠡ ᠤᠰᠤᠨ ᠣᠷᠣᠨ ᠵᠢᠴᠢ | ᠵᠠᠮ ᠳᠠᠭᠠᠤ᠂ ᠬᠠᠳᠤᠯᠠᠩ ᠪᠡᠯᠴᠢᠭᠡᠷ᠂ ᠣᠶ ᠶᠢᠨ ᠪᠦᠰᠡ᠂ ᠬᠡᠭᠡᠷ᠎ᠡ ᠲᠠᠯ᠎ᠠ ᠭᠤᠤᠯ ᠤᠨ ᠰᠠᠶᠢᠷᠭᠠᠯ᠂ ᠠᠮᠢᠳᠤᠷᠠᠯ ᠤᠨ | ᠬᠤᠭ ᠨᠣᠪᠰᠢ ᠶᠢᠨ ᠴᠥᠭᠦᠷᠥᠮ ᠵᠡᠷᠭᠡ ᠣᠷᠣᠨ ᠪᠦᠰᠡ ᠳᠤ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ | ᠳᠤᠷ᠎ᠠ ᠪᠠᠷ ᠬᠠᠶᠠᠬᠤ ᠶᠢ ᠴᠢᠩᠭ᠎ᠠ ᠴᠠᠭᠠᠵᠠᠯᠠᠨ᠎ᠠ᠃ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠠᠤᠯᠢ | ᠪᠤᠰᠤ ᠪᠠᠷ ᠬᠤᠳᠠᠯᠳᠤᠭᠠᠯᠠᠬᠤ᠂ ᠲᠡᠭᠡᠭᠡᠪᠦᠷᠢᠯᠡᠬᠦ᠂ ᠨᠢᠲᠤᠯᠬᠤ᠂ ᠡᠳ᠋ᠰᠢᠭᠦᠯᠬᠦ ᠶᠢ ᠴᠢᠩᠭ᠎ᠠ ᠴᠠᠭᠠᠵᠠᠯᠠᠨ᠎ᠠ᠃ | ᠡᠪᠡᠳᠴᠢᠨ ᠢᠶᠠᠷ ᠦᠬᠦᠭᠰᠡᠨ ᠪᠤᠶᠤ ᠡᠪᠡᠳᠴᠢᠨ ᠬᠥᠨᠥᠭᠡᠯ ᠲᠠᠢ ᠠᠮᠢᠲᠠᠨ ᠢ ᠬᠤᠯᠪᠣᠭᠳᠠᠯ ᠪᠦᠬᠦᠢ ᠲᠣᠭᠲᠠᠭᠠᠯ ᠢ | ᠴᠢᠩᠭ᠎ᠠ ᠵᠢᠷᠤᠮᠯᠠᠨ ᠬᠤᠣᠷ ᠥᠬᠡᠶᠢᠳᠡᠭᠦᠯᠦᠨ ᠰᠢᠢᠳᠪᠦᠷᠢᠯᠡᠬᠦ ᠬᠡᠷᠡᠭᠲᠡᠶ᠃ | ᠬᠤᠶᠠᠷ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠵᠦ ᠦᠢᠯᠡᠳᠪᠦᠷᠢᠯᠡᠬᠦ ᠡᠵᠡᠩᠨᠡᠭᠴᠢ ᠪᠣᠯ ᠡᠪᠡᠳᠴᠢᠨ ᠢᠶᠠᠷ | ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ | ᠠᠮᠢᠲᠠᠨ ᠢ ᠲᠡᠵᠢᠭᠡᠬᠦ᠂ ᠨᠢᠲᠤᠯᠬᠤ᠂ ᠡᠵᠡᠩᠨᠡᠬᠦ᠂ ᠲᠡᠭᠡᠭᠡᠪᠦᠷᠢᠯᠡᠬᠦ᠂ ᠪᠣᠯᠪᠠᠰᠤᠷᠠᠭᠤᠯᠬᠤ᠂ ᠬᠠᠳᠠᠭᠠᠯᠠᠬᠤ ᠵᠡᠷᠭᠡ | ᠨᠢᠭᠡᠴᠢ ᠪᠠ ᠬᠤᠪᠢ ᠬᠥᠮᠦᠨ ᠪᠣᠯ ᠡᠪᠡᠳᠴᠢᠯᠡᠵᠦ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠣᠳᠣᠷᠬᠠᠢ ᠦᠭᠡᠢ | ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠢᠭᠡᠳᠦᠭᠡᠷ | ᠬᠠᠷᠢᠭᠤᠴᠠᠯᠭᠠᠲᠠᠨ ᠮᠥᠨ᠃ ᠬᠠᠮᠢᠶ᠎ᠠ ᠪᠦᠬᠦᠢ ᠨᠢᠭᠡᠴᠡ ᠪᠣᠯᠤᠨ ᠬᠤᠪᠢ ᠬᠥᠮᠦᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠮᠢᠲᠠᠨ ᠲᠡᠵᠢᠭᠡᠨ ᠦᠷᠡᠵᠢᠭᠦᠯᠬᠦ ᠦᠢᠯᠡᠳᠪᠦᠷᠢᠯᠡᠵᠦ ᠡᠵᠡᠩᠨᠡᠬᠦ | ᠠᠵᠢᠯᠯᠠᠭ᠎ᠠ ᠬᠢᠵᠦ᠂ ᠦᠢᠯᠡᠳᠪᠦᠷᠢᠯᠡᠵᠦ ᠡᠵᠡᠩᠨᠡᠬᠦ ᠶᠠᠪᠤᠴᠠ ᠳᠤ ᠢᠯᠡᠷᠡᠭᠰᠡᠨ ᠡᠪᠡᠳᠴᠢᠨ ᠢᠶᠠᠷ ᠦᠬᠦᠭᠰᠡᠨ ᠪᠤᠶᠤ | ᠦᠬᠦᠭᠰᠡᠨ ᠰᠢᠯᠲᠠᠭᠠᠨ ᠨᠢ ᠲᠣᠳᠣᠷᠬᠠᠶ ᠦᠭᠡᠶ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠣᠷ ᠦᠭᠡᠶ ᠪᠣᠯᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠶ᠂ ᠡᠰᠡᠬᠦᠯ᠎ᠡ ᠲᠤᠬᠠᠶ ᠶᠢᠨ ᠭᠠᠵᠠᠷ ᠤᠨ ᠬᠢᠵᠢᠭ ᠰᠡᠷᠭᠡᠶᠢᠯᠡᠭᠴᠢ ᠪᠤᠶᠤ ᠬᠢᠵᠢᠭ ᠰᠡᠷᠭᠡᠶᠢᠯᠡᠬᠦ ᠰᠠᠯᠠᠭ᠎ᠠ | ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ᠂ ᠡᠪᠡᠳᠴᠢᠨ ᠢᠶᠠᠷ ᠦᠬᠦᠭᠰᠡᠨ ᠪᠤᠶᠤ ᠦᠬᠦᠭᠰᠡᠨ ᠰᠢᠯᠲᠠᠭᠠᠨ ᠨᠢ | ᠲᠣᠳᠣᠷᠬᠠᠶ ᠦᠭᠡᠶ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠳᠤᠷ᠎ᠠ ᠪᠠᠷ ᠢᠶᠠᠨ ᠬᠠᠶᠠᠬᠤ ᠪᠠ ᠫᠠᠨᠽᠠᠯᠠᠬᠤ ᠶᠢ | ᠴᠠᠭᠠᠵᠠᠯᠠᠵᠤ᠂ ᠵᠥᠷᠢᠴᠡᠭᠰᠡᠳ ᠢ ᠬᠠᠤᠯᠢ ᠶᠣᠰᠣᠭᠠᠷ ᠰᠢᠳᠬᠡᠨ ᠲᠣᠷᠭᠠᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠢ | ᠨᠢ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠨᠡᠬᠡᠮᠵᠢᠯᠡᠬᠦ ᠬᠡᠷᠡᠭᠲᠡᠶ᠃ | ᠭᠤᠷᠪᠠ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠤᠶᠤ ᠫᠠᠨᠽᠠᠯᠠᠬᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠡᠪᠡᠳᠴᠢᠨ ᠢᠶᠠᠷ ᠥᠭᠦᠭᠰᠡᠨ ᠮᠠᠯ | ᠵᠢᠭᠦᠷᠲᠡᠨ ᠢ ᠳᠤᠷ᠎ᠠ ᠪᠠᠷ ᠬᠠᠶᠠᠬᠤ ᠪᠤᠶᠤ ᠬᠤᠳᠠᠯᠳᠤᠭᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠬᠤᠰᠢᠭᠤᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠵᠠᠮ | ᠬᠠᠷᠢᠯᠴᠠᠭᠠᠨ ᠤ ᠲᠣᠪᠴᠢᠶ᠎ᠠ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠨᠢᠭᠡᠴᠡ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠥᠷᠨᠢᠭᠦᠯᠵᠦ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠤᠶᠤ ᠫᠠᠨᠽᠠᠯᠠᠭᠰᠠᠨ ᠠᠴᠠ | ᠪᠣᠯᠵᠣ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠡᠭᠦᠰᠭᠡᠭᠰᠡᠨ ᠪᠣᠯ ᠬᠠᠤᠯᠢ ᠶᠣᠰᠣᠭᠠᠷ ᠰᠢᠳᠬᠡᠵᠦ᠂ ᠶᠠᠯ᠎ᠠ | ᠬᠢᠭᠰᠡᠨ ᠰᠡᠵᠢᠭᠯᠡᠯᠲᠡᠶ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ | ᠬᠠᠤᠯᠢ ᠠᠴᠠ ᠵᠥᠷᠢᠴᠡᠨ ᠰᠢᠯᠵᠢᠭᠦᠯᠦᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠭᠠᠵᠠᠷ ᠣᠷᠣᠨ | ᠠᠯᠤᠰᠯᠠᠨ ᠮᠠᠯ ᠤᠨᠤᠭ᠎ᠠ ᠲᠡᠵᠢᠭᠡᠪᠦᠷᠢ ᠵᠢᠭᠦᠷᠲᠡᠨ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ ᠠᠷᠠᠴᠢᠯᠠᠨ | ᠲᠡᠵᠢᠭᠡᠭᠴᠢ ᠶᠢ ᠰᠢᠯᠵᠢᠭᠦᠯᠦᠨ ᠲᠡᠭᠡᠭᠡᠪᠦᠷᠢᠯᠡᠬᠦ ᠳᠤ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠮᠠᠯ ᠡᠮᠨᠡᠯᠭᠡ ᠶᠢᠨ | ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠬᠢᠵᠢᠭ ᠪᠠᠶᠢᠴᠠᠭᠠᠭᠠᠳ ᠬᠢᠷᠢ ᠲᠡᠩᠴᠡᠭᠰᠡᠨ ᠭᠡᠷᠡᠴᠢ ᠪᠣᠯᠤᠨ ᠲᠡᠷᠭᠡ | ᠬᠥᠰᠬᠡ ᠶᠢᠨ ᠳᠠᠩᠰᠠᠯᠠᠭᠤᠯᠬᠤ ᠬᠦᠰᠦᠨᠦᠭᠲᠦ ᠬᠠᠩᠭᠠᠬᠤ ᠬᠡᠷᠡᠭᠲᠡᠶ︔ ᠣᠷᠳᠣᠰ ᠬᠤᠲᠠ ᠠᠴᠠ ᠪᠤᠰᠤᠳ ᠮᠠᠨ ᠤ | ᠬᠤᠰᠢᠭᠤᠨ ᠳᠤ ᠰᠢᠯᠵᠢᠵᠦ ᠢᠷᠡᠭᠰᠡᠨ ᠭᠠᠭ᠋ᠠᠶ ᠪᠠᠰᠠ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠢᠯᠭᠠᠨ | ᠪᠠᠶᠢᠴᠠᠭᠠᠭᠰᠠᠨ ᠮᠡᠳᠡᠭᠦᠯᠦᠯᠲᠡ ᠪᠠᠶᠢᠬᠤ ᠬᠡᠷᠡᠭᠲᠡᠶ︔ ᠦᠨᠡᠮᠯᠡᠯ ᠦᠭᠡᠶ ᠮᠠᠯ ᠵᠢᠭᠦᠷᠲᠡᠨ ᠢ ᠫᠠᠨᠽᠠᠯᠠᠨ ᠲᠡᠭᠡᠭᠡᠪᠦᠷᠢᠯᠡᠬᠦ᠂ | ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠪᠡᠯ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ | ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠲᠠᠪᠤ᠂ ᠰᠠᠯᠠᠭ᠎ᠠ ᠮᠥᠴᠢᠷ ᠤᠨ ᠬᠠᠮᠢᠶᠠᠷᠴᠤ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠬᠤ | ᠬᠡᠷᠡᠭᠲᠡᠶ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ | ︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ᠡᠵᠡᠨ ᠵᠠᠰᠠᠭ ᠲᠠᠷᠬᠠᠭᠠᠭᠰᠠᠨ | ﹇2021﹈16 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠥᠬᠦᠶ | ᠬᠥᠮᠦᠰ ᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠲᠠᠯᠠᠪᠤᠷ ᠭᠠᠵᠠᠷ᠂ ᠭᠤᠤᠯ ᠨᠠᠭᠤᠷ᠂ ᠤᠰᠤᠨ ᠴᠥᠭᠦᠷᠥᠮ᠂ | ᠬᠠᠳᠤᠯᠠᠩ ᠪᠡᠯᠴᠢᠭᠡᠷ᠂ ᠠᠮᠢᠳᠤᠷᠠᠯ ᠤᠨ ᠬᠤᠭ ᠨᠣᠪᠰᠢ ᠶᠢᠨ ᠴᠥᠭᠦᠷᠥᠮ ᠵᠡᠷᠭᠡ ᠲᠠᠯᠠᠪᠤᠷ ᠭᠠᠵᠠᠷ ᠲᠤ | ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠯᠵᠤ | ᠮᠡᠳᠡᠭᠰᠡᠨ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠴᠤᠭᠯᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ | ᠲᠤᠬᠠᠶ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠤᠤᠷ᠎ᠠ ᠳᠠᠷᠤᠶ ᠲᠦᠷᠭᠡᠨ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠤᠤᠷ ᠥᠬᠡᠶ ᠪᠣᠯᠭᠠᠨ ᠰᠢᠢᠳᠪᠦᠷᠢᠯᠡᠬᠦ ᠬᠡᠷᠡᠭᠲᠡᠶ᠃ | ᠵᠢᠷᠭᠤᠭ᠎ᠠ᠂ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠵᠢᠷᠤᠮᠵᠢᠭᠤᠯᠤᠨ ᠰᠢᠢᠳᠪᠦᠷᠢᠯᠡᠬᠦ ᠬᠡᠷᠡᠭᠲᠡᠶ᠃ | ᠪᠣᠶ ᠪᠥᠬᠦᠶ ᠨᠢᠭᠡᠴᠡ ᠪᠠ ᠬᠤᠪᠢ ᠬᠥᠮᠦᠨ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠣᠯᠵᠤ ᠮᠡᠳᠡᠪᠡᠯ᠂ ᠳᠠᠷᠤᠶ | ᠲᠦᠷᠭᠡᠨ ᠲᠤᠬᠠᠶ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠪᠤᠶᠤ ᠬᠤᠰᠢᠭᠤᠨ ᠤ ᠠᠮᠢᠲᠠᠨ ᠤ ᠬᠢᠵᠢᠭ | ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠵᠦ᠂ ᠡᠯ᠎ᠡ ᠪᠠᠯᠭᠠᠰᠤᠨ ᠤ ᠮᠠᠯ ᠡᠮᠨᠡᠯᠭᠡ ᠶᠢᠨ ᠰᠠᠯᠠᠭ᠎ᠠ | ᠮᠥᠴᠢᠷ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠲᠡᠷᠡ ᠳᠠᠷᠤᠶ ᠳᠤᠨᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ | ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠬᠡᠷᠡᠭᠲᠡᠶ᠃ | ᠳᠣᠯᠤᠭ᠎ᠠ᠂ ᠪᠦᠬᠦ ᠠᠷᠠᠳ ᠢᠶᠠᠷ ᠢᠶᠠᠨ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠣᠭᠲᠠᠴᠠ ᠶᠢ ᠬᠡᠷᠡᠭᠵᠢᠭᠦᠯᠬᠦ | ᠬᠡᠷᠡᠭᠲᠡᠶ᠃ ᠥᠭᠦᠭᠰᠡᠨ ᠮᠠᠯ ᠢᠶᠠᠨ ᠭᠡᠭᠡᠭᠰᠡᠨ ᠰᠦᠪᠡᠭᠴᠢ ᠬᠠᠩᠭᠠᠵᠤ ᠦᠨᠡᠨ ᠪᠣᠳᠠᠲᠠᠶ ᠪᠠᠶᠢᠪᠠᠯ 50 ᠲᠥᠭᠦᠷᠢᠭ ᠤᠨ | ᠱᠠᠩᠨᠠᠯ ᠣᠯᠭᠤᠨ᠎ᠠ︔ ᠥᠭᠦᠭᠰᠡᠨ ᠮᠠᠯ ᠢᠶᠠᠨ ᠭᠡᠭᠡᠭᠰᠡᠨ ᠨᠠᠷᠢᠨ ᠰᠦᠪᠡᠭᠴᠢ ᠬᠠᠩᠭᠠᠭᠰᠠᠨ ᠪᠠᠶᠢᠪᠠᠯ᠂ ᠪᠠᠶᠢᠴᠠᠭᠠᠨ | ᠳᠣᠲᠣᠯᠠᠮᠠᠭᠴᠠ 500 ᠲᠥᠭᠦᠷᠢᠭ ᠤᠨ ᠱᠠᠩᠨᠠᠯ ᠣᠯᠭᠤᠨ᠎ᠠ᠃ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ | ᠲᠣᠭᠲᠠᠭᠠᠯ ᠶᠣᠰᠣᠭᠠᠷ ᠬᠤᠣᠷ ᠦᠭᠡᠶ ᠪᠣᠯᠭᠠᠨ ᠰᠢᠢᠳᠪᠦᠷᠢᠯᠡᠭᠰᠡᠨ ᠦᠭᠡᠶ ᠪᠠ ᠨᠢᠲᠤᠯᠤᠭᠰᠠᠨ᠂ ᠬᠠᠳᠠᠭᠠᠯᠠᠭᠰᠠᠨ᠂ | ᠡᠳ᠋ᠰᠢᠬᠦᠯᠦᠭᠰᠡᠨ ᠬᠢᠵᠢᠭ ᠬᠠᠯᠳᠠᠪᠤᠷᠢᠯᠠᠭᠰᠠᠨ ᠮᠠᠯ ᠵᠢᠭᠦᠷᠲᠡᠨ ᠤ ᠪᠦᠲᠦᠭᠡᠭᠳᠡᠬᠦᠨ ᠤ ᠰᠦᠪᠡᠭᠴᠢ ᠶᠢ ᠢᠯᠡᠴᠢᠯᠡᠨ | ᠮᠡᠳᠡᠭᠦᠯᠦᠭᠰᠡᠨ ᠦᠭᠡᠶ ᠪᠠᠶᠢᠪᠠᠯ᠂ ᠪᠠᠶᠢᠴᠠᠭᠠᠨ ᠳᠣᠲᠣᠯᠠᠭᠰᠠᠨ ᠤ ᠳᠠᠷᠠᠭ᠎ᠠ ᠢᠯᠡᠴᠢᠯᠡᠨ ᠮᠡᠳᠡᠭᠦᠯᠦᠭᠴᠢ ᠳᠤ 1000 | ᠲᠥᠭᠦᠷᠢᠭ ᠤᠨ ᠱᠠᠩᠨᠠᠯ ᠣᠯᠭᠤᠬᠤ ᠶᠢᠨ ᠬᠠᠮᠲᠤ᠂ ᠮᠡᠳᠡᠭᠡ ᠵᠠᠩᠭᠢ ᠬᠠᠩᠭᠠᠭᠴᠢ ᠪᠠ ᠢᠯᠡᠴᠢᠯᠡᠨ ᠮᠡᠳᠡᠭᠦᠯᠦᠭᠴᠢ ᠶᠢᠨ | ᠨᠢᠭᠤᠴᠠ ᠶᠢ ᠴᠢᠩᠭ᠎ᠠ ᠬᠠᠮᠠᠭᠠᠯᠠᠨ᠎ᠠ᠃ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ | ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠨᠢᠭᠡᠴᠡ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠶᠢ ᠬᠠᠤᠯᠢ ᠶᠣᠰᠣᠭᠠᠷ | ᠰᠢᠳᠬᠡᠨ ᠲᠣᠷᠭᠠᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ | ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠨᠡᠶᠢᠭᠡᠮ ᠤᠨ | ᠡᠯ᠎ᠡ ᠡᠲᠡᠭᠡᠳ ᠪᠣᠯᠤᠨ ᠥᠷᠭᠡᠨ ᠣᠯᠠᠨ ᠲᠦᠮᠡᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ | ᠬᠠᠶᠠᠭᠰᠠᠨ ᠪᠠ ᠫᠠᠨᠽᠠᠯᠠᠨ ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠬᠡᠷᠡᠭᠲᠡᠶ᠃ | ᠢᠯᠡᠴᠢᠯᠡᠨ ᠮᠡᠳᠡᠭᠦᠯᠬᠦ ᠤᠲᠠᠰᠤ᠄ | ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ 0477—89639000 | ᠡᠵᠡᠨ ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ | 0477—8960038 | ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ 0477—8831005 | ᠡᠵᠡᠨ ᠬᠤᠷᠤᠭ᠎ᠠ ᠬᠤᠰᠢᠭᠤᠨ ᠤ ᠠᠯᠳᠠᠨᠰᠢᠷᠡᠭᠡᠳᠦ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ 0477—8969144 | ᠡᠵᠡᠨ ᠬᠤᠷᠤᠭ᠎ᠠ ᠬᠤᠰᠢᠭᠤᠨ ᠤ ᠨᠠᠷᠢᠨᠳᠤᠬᠤᠢ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ 0477—8871066 | ᠡᠵᠡᠨ ᠬᠤᠷᠤᠭ᠎ᠠ ᠬᠤᠰᠢᠭᠤᠨ ᠤ ᠤᠯᠠᠭᠠᠨᠮᠦ᠋ᠷᠡᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ 0477—8928232 | ᠡᠵᠡᠨ ᠬᠤᠷᠤᠭ᠎ᠠ ᠬᠤᠰᠢᠭᠤᠨ ᠤ ᠬᠤᠨᠢᠴᠢᠨᠭᠤᠤᠯ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ 0477—8821044 | ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ 0477—8961032 | ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ | ᠲᠥᠪ 0477 — 8951054 | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 4 ᠰᠠᠷ᠎ᠠ ᠶᠢᠨ 13 ᠤ ᠡᠳᠦᠷ | | | | | | | | |