︽ᠡᠵᠡᠨ ᠬᠤᠷᠤᠭ᠎ᠠ ᠬᠤᠰᠢᠭᠤᠨ ᠤ 2021 ᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/15
                    ᠡᠵᠡᠨ ᠵᠠᠰᠠᠭ ᠲᠠᠷᠬᠠᠭᠠᠭᠰᠠᠨ  ﹇2021﹈ 33 ᠳ᠋ᠤᠭᠠᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄    ᠡᠳᠦᠭᠡ ︽ᠡᠵᠡᠨ ᠬᠤᠷᠤᠭ᠎ᠠ ᠬᠤᠰᠢᠭᠤᠨ ᠤ 2021 ᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                    ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                        2021 ᠣᠨ ᠤ 7 ᠰᠠᠷ᠎ᠠ ᠶᠢᠨ 27᠎ ᠤ ᠡᠳᠦᠷ         ᠡᠵᠡᠨ ᠬᠤᠷᠤᠭ᠎ᠠ ᠬᠤᠰᠢᠭᠤᠨ ᠤ 2021 ᠣᠨ ᠤ ᠭᠠᠵᠠᠷ ᠰᠢᠨᠵᠢᠯᠡᠭᠡᠨ ᠤ ᠭᠠᠮᠰᠢᠭ ᠢ                  ᠰᠡᠷᠭᠡᠶᠢᠯᠡᠨ ᠵᠠᠰᠠᠬᠤ ᠲᠥᠰᠦᠯ          ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ 2021 ᠣᠨ ᠤ ᠭᠠᠵᠠᠷ ᠰᠢᠨᠵᠢᠯᠡᠭᠡᠨ ᠤ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠬᠤᠬᠢᠷᠠᠯ ᠢ ᠰᠡᠷᠭᠡᠶᠢᠯᠡᠨ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠂ ᠠᠵᠤ ᠠᠬᠤᠶ ᠪᠠ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾᠎ ᠢ ᠦᠨᠳᠦᠰᠦᠯᠡᠨ᠂ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃     ᠭᠠᠵᠠᠷ ᠰᠢᠨᠵᠢᠯᠡᠭᠡᠨ ᠤ ᠭᠠᠢ ᠭᠠᠮᠰᠢᠭ ᠲᠤ ᠪᠠᠶᠢᠭᠠᠯᠢ ᠶᠢᠨ ᠬᠦᠴᠦᠨ ᠵᠦᠢᠯ ᠪᠤᠶᠤ ᠵᠣᠷᠢᠭᠤᠳᠠ ᠠᠵᠢᠯᠯᠠᠭ᠎ᠠ ᠠᠴᠠ ᠪᠣᠯᠤᠭᠰᠠᠨ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠭᠤᠯᠠ ᠨᠤᠷᠠᠯᠲᠠ᠂ ᠶᠡᠭᠦᠷᠡᠯ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠤᠨ ᠭᠠᠳᠠᠷᠭᠤ ᠨᠤᠷᠠᠬᠤ᠂ ᠭᠠᠵᠠᠷ ᠤᠨ ᠠᠩ ᠴᠠᠪᠠ ᠭᠠᠷᠬᠤ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠰᠢᠨᠵᠢᠯᠡᠭᠡᠨ ᠤ ᠦᠢᠯᠡᠳᠦᠯ ᠲᠠᠢ ᠬᠤᠯᠪᠣᠭᠳᠠᠯ ᠪᠦᠬᠦᠢ ᠭᠠᠢ ᠭᠠᠮᠰᠢᠭ ᠪᠠᠭᠲᠠᠨ᠎ᠠ᠃ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠵᠠᠶᠢᠯᠠᠬᠤ ᠪᠠ ᠵᠠᠰᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠶᠢᠨ ᠬᠠᠷᠠᠯᠲᠠ ᠪᠣᠯ ᠬᠥᠮᠦᠨ ᠦᠬᠦᠵᠦ ᠰᠢᠷᠬᠠᠲᠤᠬᠤ ᠠᠴᠠ ᠵᠠᠶᠢᠯᠠᠰᠬᠢᠵᠦ᠂ ᠠᠵᠤ ᠠᠬᠤᠶ ᠶᠢᠨ ᠬᠤᠬᠢᠷᠠᠯ ᠢ ᠪᠠᠭᠠᠰᠬᠠᠨ᠂ ᠰᠡᠷᠡᠮᠵᠢᠯᠡᠭᠦᠯᠦᠨ ᠤᠷᠢᠳᠴᠢᠯᠠᠨ ᠮᠡᠳᠡᠭᠡᠯᠡᠬᠦ ᠶᠢᠨ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠵᠦ᠂ ᠭᠠᠵᠠᠷ ᠤᠨ ᠣᠷᠴᠢᠨ ᠲᠣᠭᠤᠷᠢᠨ ᠪᠠ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠬᠤ ᠶᠠᠪᠤᠳᠠᠯ ᠪᠣᠯᠤᠨ᠎ᠠ᠃     ᠬᠤᠶᠠᠷ᠂ ᠭᠠᠵᠠᠷ ᠰᠢᠨᠵᠢᠯᠡᠭᠡᠨ ᠤ ᠭᠠᠮᠰᠢᠭ ᠤᠨ ᠲᠥᠷᠥᠯ ᠬᠡᠯᠪᠡᠷᠢ᠂ ᠲᠠᠷᠬᠠᠯᠲᠠ ᠶᠢᠨ ᠬᠡᠪᠴᠢᠶ᠎ᠡ ᠵᠢᠴᠢ ᠰᠡᠷᠭᠡᠶᠢᠯᠡᠨ ᠵᠠᠰᠠᠬᠤ ᠭᠤᠤᠯᠳᠠᠯᠭ᠎ᠠ      ︵ᠨᠢᠭᠡ︶ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠲᠥᠷᠦᠯ ᠵᠦᠢᠯ᠃ ᠪᠦᠬᠦ ᠬᠤᠰᠢᠭᠤᠨ ᠤ ᠬᠢᠯᠢ ᠳᠣᠲᠣᠷ᠎ᠠ ᠣᠷᠣᠰᠢᠵᠤ ᠪᠠᠶᠢᠭ᠎ᠠ ᠭᠡᠨᠡᠳᠲᠡ ᠶᠢᠨ ᠴᠢᠨᠠᠷᠲᠠᠢ ᠭᠠᠵᠠᠷ ᠰᠢᠨᠵᠢᠯᠡᠭᠡᠨ ᠤ ᠭᠠᠢ ᠭᠠᠮᠰᠢᠭ ᠲᠤ ᠭᠤᠣᠯᠳᠠᠭᠤ ᠭᠠᠵᠠᠷ ᠤᠨ ᠭᠠᠳᠠᠷᠭᠤ ᠴᠥᠮᠥᠷᠡᠬᠦ᠂ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠤᠨ ᠳᠠᠯᠳᠠ ᠭᠡᠮ ᠵᠡᠷᠭᠡ ᠭᠤᠷᠪᠠᠨ ᠲᠥᠷᠥᠯ ᠪᠤᠢ᠃ ᠡᠭᠦᠨ ᠳᠤ ᠭᠠᠵᠠᠷ ᠴᠥᠮᠥᠷᠡᠬᠦ ᠪᠠ ᠶᠡᠭᠦᠷᠡᠬᠦ ᠪᠣᠯ ᠪᠥᠬᠦ ᠬᠤᠰᠢᠭᠤᠨ ᠤ ᠨᠡᠶᠢᠭᠡᠮ ᠪᠠ ᠠᠵᠤ ᠠᠬᠤᠶ ᠶᠢᠨ ᠬᠥᠭᠵᠢᠯᠲᠡ ᠶᠢᠨ ᠨᠥᠯᠥᠭᠡ ᠪᠠᠷ ᠨᠡᠯᠢᠶᠡᠳ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠲᠥᠷᠥᠯ ᠬᠡᠯᠪᠡᠷᠢ ᠪᠣᠯᠤᠨ᠎ᠠ᠃      ︵ᠬᠤᠶᠠᠷ︶ ᠲᠠᠷᠬᠠᠯᠲᠠ ᠶᠢᠨ ᠬᠡᠪᠴᠢᠶ᠎ᠡ᠃ ᠡᠯ᠎ᠡ ᠪᠠᠯᠭᠠᠰᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠲᠠᠷᠬᠠᠯᠲᠠ ᠲᠡᠭᠰᠢ ᠪᠤᠰᠤ᠂ ᠤᠯᠠᠭᠠᠨᠮᠦ᠋ᠷᠡᠨ ᠪᠠᠯᠭᠠᠰᠤ ᠪᠣᠯᠤᠨ ᠨᠠᠷᠢᠨᠲᠤᠬᠤᠢ ᠪᠠᠯᠭᠠᠰᠤ 2 ᠪᠠᠯᠭᠠᠰᠤᠨ ᠳᠤ ᠲᠥᠪᠯᠡᠷᠡᠵᠦ ᠪᠣᠶ᠃     ︵ᠭᠤᠷᠪᠠ︶ ᠰᠡᠷᠭᠡᠶᠢᠯᠡᠨ ᠵᠠᠰᠠᠬᠤ ᠭᠤᠣᠯᠳᠠᠯᠭ᠎ᠠ᠃ ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠵᠠᠷ ᠤᠨ ᠭᠠᠳᠠᠷᠭᠤ ᠴᠥᠮᠥᠷᠡᠬᠦ ᠨᠢ ᠪᠦᠬᠦ ᠵᠢᠯ ᠤᠨ ᠬᠢᠨᠠᠨ ᠬᠡᠮᠵᠢᠵᠦ ᠰᠡᠷᠭᠡᠶᠢᠯᠡᠬᠦ ᠶᠢᠨ ᠭᠤᠣᠯᠳᠠᠯᠭ᠎ᠠ ᠪᠣᠯᠤᠨ᠎ᠠ᠃ ᠪᠦᠬᠦ ᠬᠤᠰᠢᠭᠤᠨ ᠤ ᠠᠭᠤᠷ ᠠᠮᠢᠰᠬᠤᠯ ᠵᠢᠴᠢ ᠪᠣᠷᠣᠭᠠᠨ ᠤᠷᠤᠭᠰᠠᠨ ᠪᠣᠳᠠᠲᠤ ᠪᠠᠶᠢᠳᠠᠯ ᠢ ᠦᠨᠳᠦᠰᠦᠯᠡᠨ᠂ 7—9 ᠳ᠋ᠦ᠋ᠭᠡᠷ ᠰᠠᠷ᠎ᠠ ᠪᠣᠯ ᠰᠢᠪᠠᠷ ᠴᠢᠯᠠᠭᠤᠨ ᠤᠷᠤᠰᠬᠠᠯ ᠢ ᠰᠡᠷᠭᠡᠶᠢᠯᠡᠬᠦ ᠭᠤᠣᠯᠳᠠᠯᠭ᠎ᠠ ᠲᠠᠢ ᠴᠠᠭ ᠬᠤᠭᠤᠴᠠᠭ᠎ᠠ ᠪᠣᠯᠤᠨ᠎ᠠ᠂ ᠶᠡᠭᠦᠷᠡᠬᠦ᠂ ᠨᠤᠷᠠᠵᠤ ᠶᠡᠭᠦᠷᠡᠬᠦ ᠶᠢ ᠭᠤᠣᠯᠳᠠᠯᠭ᠎ᠠ ᠲᠠᠢ ᠰᠡᠷᠭᠡᠶᠢᠯᠡᠬᠦ ᠴᠠᠭ ᠬᠤᠭᠤᠴᠠᠭ᠎ᠠ ᠪᠣᠯ ᠬᠥᠯᠳᠡᠵᠦ ᠬᠠᠶᠢᠯᠬᠤ ᠬᠤᠭᠤᠴᠠᠭ᠎ᠠ ᠪᠠ ᠦᠶᠡᠷ ᠤᠨ ᠬᠤᠭᠤᠴᠠᠭ᠎ᠠ ᠪᠣᠯᠤᠨ᠎ᠠ᠃     ᠭᠤᠷᠪᠠ᠂ ᠭᠠᠵᠠᠷ ᠰᠢᠨᠵᠢᠯᠡᠭᠡᠨ ᠤ ᠭᠠᠮᠰᠢᠭ ᠢ ᠲᠥᠰᠦᠭᠡᠯᠡᠬᠦ     ︵ᠨᠢᠭᠡ︶  ᠲᠤᠨᠤᠳᠠᠰᠤᠨ ᠤ ᠬᠠᠨᠳᠤᠰᠢ ᠶᠢ ᠲᠥᠰᠦᠭᠡᠯᠡᠬᠦ᠃     ᠴᠠᠭ ᠠᠭᠤᠷ ᠤᠨ ᠰᠠᠯᠠᠭ᠎ᠠ ᠮᠥᠴᠢᠷ ᠤᠨ ᠲᠥᠰᠦᠭᠡᠯᠡᠭᠰᠡᠨ ᠢᠶᠠᠷ᠂ 2021 ᠣᠨ ᠳᠤ ᠮᠠᠨ ᠤ ᠬᠤᠰᠢᠭᠤ ᠠᠭᠠᠷ ᠤᠨ ᠳᠤᠯᠠᠭᠠᠨ ᠵᠢᠭᠠᠬᠠᠨ ᠥᠨᠳᠥᠷ ᠪᠠ ᠬᠤᠷ᠎ᠠ ᠲᠣᠨᠣᠳᠠᠰᠤ ᠠᠷᠪᠢᠨ ᠵᠢᠯ ᠪᠣᠯᠤᠨ᠎ᠠ᠂ ᠵᠣᠨ ᠤ ᠤᠯᠠᠷᠢᠯ ᠳᠤ ᠬᠤᠷ᠎ᠠ ᠲᠣᠨᠣᠳᠠᠰᠤ ᠪᠠᠷᠤᠭ 260 —280 ᠮᠢᠯᠢᠮᠧᠲᠷ ᠬᠦᠷᠴᠦ᠂ ᠭᠤᠤᠯ ᠪᠣᠯᠬᠤ ᠬᠤᠷ᠎ᠠ ᠲᠣᠨᠣᠳᠠᠰᠤ ᠶᠢᠨ ᠴᠠᠭ ᠬᠤᠭᠤᠴᠠᠭ᠎ᠠ ᠨᠢ 7 ᠰᠠᠷ᠎ᠠ ᠶᠢᠨ ᠳᠤᠮᠳᠠᠴᠢ ᠠᠴᠠ 8 ᠰᠠᠷ᠎ᠠ ᠶᠢᠨ ᠰᠡᠭᠦᠯᠴᠢ ᠪᠣᠯᠲᠠᠯ᠎ᠠ ᠲᠥᠪᠯᠡᠷᠡᠵᠦ᠂ ᠵᠣᠨ ᠤ ᠤᠯᠠᠷᠢᠯ ᠳᠤ ᠰᠣᠯᠢᠭ ᠤᠷᠤᠰᠬᠠᠯ ᠤᠨ ᠴᠢᠨᠠᠷᠲᠠᠶ ᠬᠤᠷ᠎ᠠ ᠲᠣᠨᠣᠳᠠᠰᠤ ᠠᠷᠪᠢᠨ ᠪᠣᠯᠬᠤᠷ ᠮᠥᠨᠳᠥᠷ᠂ ᠠᠶᠤᠩᠭ᠎ᠠ ᠴᠠᠬᠢᠯᠭᠠᠨ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠪᠠ ᠦᠶᠡᠷ ᠤᠰᠤᠲᠤᠯ ᠠᠮᠠᠷᠬᠠᠨ ᠡᠭᠦᠰᠳᠡᠭ᠃ ᠡᠭᠦᠨ ᠤ ᠬᠠᠮᠲᠤ ᠱᠠᠲᠤ ᠦᠶ᠎ᠡ ᠶᠢᠨ ᠴᠢᠨᠠᠷᠲᠠᠶ ᠭᠠᠩ ᠬᠠᠭᠰᠠᠷᠠᠭᠠᠨ ᠡᠭᠦᠰᠬᠦ ᠪᠣᠯᠬᠤᠷ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠤᠶᠠᠷ ᠲᠠᠯ᠎ᠠ ᠪᠠᠷ ᠠᠳᠬᠤᠬᠤ ᠬᠡᠷᠡᠭᠲᠡᠶ᠃      ᠡᠪᠦᠯ ᠤᠨ ᠤᠯᠠᠷᠢᠯ ︵1—2 ᠰᠠᠷ᠎ᠠ︶      ᠬᠤᠷ᠎ᠠ ᠲᠣᠨᠣᠳᠠᠰᠤ ᠶᠢᠨ ᠬᠠᠨᠳᠤᠰᠢ᠄ ᠪᠥᠬᠦ ᠬᠤᠰᠢᠭᠤᠨ ᠤ ᠬᠤᠷ᠎ᠠ ᠲᠣᠨᠣᠳᠠᠰᠤ ᠶᠢᠨ ᠬᠡᠮᠵᠢᠶ᠎ᠡ ᠨᠢ 4 . 1— 4 . 9 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠵᠢᠭᠠᠬᠠᠨ ᠠᠷᠪᠢᠨ ᠪᠠᠶᠢᠳᠠᠭ᠃      ᠬᠠᠪᠤᠷ ᠤᠨ ᠤᠯᠠᠷᠢᠯ ︵3—5 ᠰᠠᠷ᠎ᠠ︶      ᠲᠤᠨᠤᠳᠠᠰᠤᠨ ᠤ ᠬᠠᠨᠳᠤᠰᠢ᠄ ᠪᠦᠬᠦ ᠬᠤᠰᠢᠭᠤᠨ ᠤ ᠲᠤᠨᠳᠠᠰᠤᠨ ᠤ ᠬᠡᠮᠵᠢᠶ᠎ᠡ 43 . 5—54 . 4 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠪᠠᠭ᠎ᠠ ᠰᠢᠭ᠋ ᠪᠠᠶᠢᠳᠠᠭ᠃      ᠵᠤᠨ ᠤ ᠤᠯᠠᠷᠢᠯ ︵6—8 ᠰᠠᠷ᠎ᠠ︶      ᠲᠤᠨᠤᠳᠠᠰᠤᠨ ᠤ ᠬᠡᠮᠵᠢᠶ᠎ᠡ᠄ ᠪᠦᠬᠦ ᠬᠤᠰᠢᠭᠤᠨ ᠤ ᠲᠤᠨᠳᠠᠰᠤᠨ ᠤ ᠬᠡᠮᠵᠢᠶ᠎ᠡ ᠨᠢ 221 . 6 —265 . 9 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠵᠢᠭᠠᠬᠠᠨ ᠢᠯᠡᠭᠦᠦ ᠪᠠᠶᠢᠳᠠᠭ᠃      ︵ᠬᠤᠶᠠᠷ︶ ᠭᠠᠵᠠᠷ ᠰᠢᠨᠵᠢᠯᠡᠭᠡᠨ ᠤ ᠭᠠᠮᠰᠢᠭ ᠢ ᠲᠥᠰᠦᠭᠡᠯᠡᠬᠦ      1᠂ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ ᠪᠠ ᠭᠠᠵᠠᠷ ᠰᠢᠨᠵᠢᠯᠡᠭᠡᠨ ᠤ ᠪᠦᠷᠢᠯᠳᠦᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠴᠠᠭ ᠠᠭᠤᠷ ᠤᠨ ᠰᠠᠯᠠᠭ᠎ᠠ ᠮᠥᠴᠢᠷ ᠤᠨ ᠬᠤᠷ᠎ᠠ ᠲᠣᠨᠣᠳᠠᠰᠤ ᠪᠠᠭᠤᠬᠤ ᠬᠠᠨᠳᠤᠰᠢ ᠲᠠᠢ ᠤᠶᠠᠯᠳᠤᠭᠤᠯᠤᠨ ᠤᠷᠢᠳᠴᠢᠯᠠᠨ ᠲᠥᠰᠦᠪᠯᠡᠨ᠎ᠡ᠃ 2021 ᠣᠨ ᠤ ᠬᠡᠰᠡᠭ ᠭᠠᠵᠠᠷ ᠣᠷᠣᠨ ᠤ ᠦᠶᠡᠷ ᠤᠨ ᠬᠤᠭᠤᠴᠠᠭᠠᠨ ᠳᠤ ᠬᠤᠷ᠎ᠠ ᠲᠣᠨᠣᠳᠠᠰᠤ ᠲᠥᠪᠯᠡᠷᠡᠭᠰᠡᠨ ᠬᠤᠭᠤᠴᠠᠭ᠎ᠠ ᠪᠠ ᠰᠢᠷᠦᠭᠦᠨ ᠪᠣᠷᠣᠭᠠᠨ ᠣᠷᠣᠨ᠎ᠠ᠂ ᠡᠯ᠎ᠡ ᠪᠠᠯᠭᠠᠰᠤ᠂ ᠲᠣᠰᠬᠤᠨ ᠲᠤᠬᠠᠶ ᠶᠢᠨ ᠭᠠᠵᠠᠷ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠢᠭᠲᠠ ᠠᠩᠬᠠᠷᠴᠤ᠂ ᠭᠠᠵᠠᠷ ᠰᠢᠨᠵᠢᠯᠡᠭᠡᠨ ᠤ ᠭᠠᠮᠰᠢᠭ ᠢ ᠬᠢᠨᠠᠨ ᠬᠡᠮᠵᠢᠬᠦ ᠪᠠ ᠰᠡᠷᠭᠡᠶᠢᠯᠡᠬᠦ ᠪᠠᠨ ᠴᠢᠩᠭᠠᠳᠬᠠᠬᠤ ᠬᠡᠷᠡᠭᠲᠡᠶ᠃      2᠂ ᠭᠠᠵᠠᠷ ᠰᠢᠨᠵᠢᠯᠡᠭᠡᠨ ᠤ ᠭᠠᠮᠰᠢᠭ ᠭᠤᠤᠯ ᠡᠭᠦᠰᠬᠦ ᠬᠡᠰᠡᠭ᠂ ᠵᠢᠯ ᠤᠨ ᠲᠤᠨᠤᠳᠠᠰᠤᠨ ᠎ ᠤ ᠬᠡᠮᠵᠢᠶ᠎ᠡ ᠬᠠᠮᠤᠭ ᠠᠷᠪᠢᠨ ᠳᠤ ᠪᠠᠨ 5—9  ᠳ᠋ᠤᠭᠡᠷ ᠰᠠᠷ᠎ᠠ ᠳᠤ ᠲᠥᠪᠯᠡᠷᠡᠪᠡ᠃ ᠪᠣᠷᠣᠭᠠᠨ ᠵᠣᠬᠢᠬᠤ ᠬᠡᠮᠵᠢᠶᠡᠨ ᠳᠤ ᠬᠥᠷᠬᠦ ᠦᠶ᠎ᠡ ᠳᠤ ᠠᠮᠠᠷᠬᠠᠨ ᠥᠭᠢᠷᠡᠰᠢᠯ ᠤᠨ ᠦᠯᠡᠳᠡᠭᠳᠡᠯ ᠪᠡᠯ ᠤᠨ ᠲᠤᠨᠤᠮᠠᠯ ᠰᠢᠷᠣᠶ᠂ ᠠᠭᠤᠷᠬᠠᠶ ᠶᠢᠨ ᠣᠷᠣᠨ ᠤ ᠰᠢᠪᠠᠷ ᠴᠢᠯᠠᠭᠤᠨ ᠤ ᠤᠷᠤᠰᠬᠠᠯ᠂ ᠶᠡᠭᠦᠷᠡᠯ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠰᠢᠨᠵᠢᠯᠡᠭᠡᠨ ᠤ ᠭᠠᠮᠰᠢᠭ ᠢ ᠡᠭᠦᠰᠭᠡᠨ᠎ᠡ᠃ ᠨᠢᠭᠡᠨᠲᠡ ᠣᠯᠵᠤ ᠮᠡᠳᠡᠭᠰᠡᠨ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠤᠨ ᠴᠢᠭ ᠢ ᠦᠷᠭᠦᠯᠵᠢᠯᠡᠨ ᠪᠣᠷᠣᠭᠠᠨ ᠣᠷᠣᠭᠤᠯᠬᠤ ᠦᠶ᠎ᠡ ᠳᠤ ᠬᠢᠨᠠᠨ ᠬᠡᠮᠵᠢᠬᠦ ᠪᠠᠨ ᠴᠢᠩᠭᠠᠳᠬᠠᠵᠤ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠳᠠᠷᠦ᠋ᠢᠬᠠᠨ ᠬᠥᠮᠦᠨ ᠵᠣᠬᠢᠶᠠᠨ ᠪᠠᠶᠢᠭᠤᠯᠤᠨ ᠵᠠᠶᠢᠯᠠᠭᠤᠯᠬᠤ ᠬᠡᠷᠡᠭᠲᠡᠶ᠃     3᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠵᠣᠷᠢᠭᠤᠳᠠ ᠪᠠᠷᠢᠯᠭ᠎ᠠ ᠶᠢᠨ ᠠᠵᠢᠯᠯᠠᠭ᠎ᠠ ᠪᠣᠯ ᠭᠠᠵᠠᠷ ᠰᠢᠨᠵᠢᠯᠡᠭᠡᠨ ᠤ ᠭᠠᠢ ᠭᠠᠮᠰᠢᠭ ᠢ ᠡᠭᠦᠰᠭᠡᠬᠦ ᠴᠢᠬᠤᠯᠠ ᠬᠦᠴᠦᠨ ᠵᠦᠢᠯ ᠮᠥᠨ᠃ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠲᠣᠭᠤᠷᠢᠭ ᠤᠨ ᠨᠠᠯᠠᠤ ᠬᠡᠷᠴᠢᠬᠦ ᠬᠡᠰᠡᠭ᠂ ᠠᠭᠤᠷᠬᠠᠶ᠂ ᠴᠢᠯᠠᠭᠤ ᠭᠠᠷᠭᠠᠬᠤ ᠲᠠᠯᠠᠪᠠᠶ᠂ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠵᠠᠰᠠᠮᠠᠯ ᠵᠠᠮ ᠤᠨ ᠬᠠᠵᠠᠭᠤ ᠬᠥᠲᠥᠯ᠂ ᠤᠰᠤᠨ ᠴᠥᠭᠦᠷᠥᠮ ︵ᠴᠠᠬᠢᠯᠭᠠᠨ ᠥᠷᠲᠡᠭᠡ︶᠎ ᠤᠨ ᠬᠠᠰᠢᠯᠭ᠎ᠠ ᠶᠢᠨ ᠮᠥᠷᠥ᠂ ᠦᠶᠡᠷ ᠪᠢᠯᠬᠠᠬᠤ ᠵᠠᠮ ᠵᠢᠴᠢ ᠤᠰᠤ ᠲᠠᠲᠠᠬᠤ ︵ᠤᠰᠤᠯᠠᠬᠤ︶ ᠰᠤᠪᠠᠭ ᠵᠡᠷᠭᠡ ᠨᠢ ᠨᠤᠷᠠᠵᠤ ᠶᠡᠭᠦᠷᠡᠬᠦ ᠪᠠᠶᠢᠳᠠᠯ ᠭᠠᠷᠴᠤ ᠮᠡᠳᠡᠬᠦ ᠭᠤᠣᠯ ᠬᠡᠰᠡᠭ ᠪᠣᠯᠬᠤᠷ ᠬᠢᠨᠠᠨ ᠬᠡᠮᠵᠢᠵᠦ ᠰᠡᠷᠡᠮᠵᠢᠯᠡᠬᠦ ᠪᠠᠨ ᠴᠢᠩᠭ᠎ᠠ ᠠᠳᠬᠠᠵᠤ᠂ ᠢᠯᠠᠩᠭᠤᠶ᠎ᠠ ᠠᠭᠤᠯᠠᠷᠬᠠᠭ ᠣᠷᠣᠨ ᠤ ᠠᠭᠤᠯᠠ ᠶᠢ ᠬᠠᠪᠢᠳᠠᠵᠤ ᠪᠠᠯ ᠬᠡᠷᠴᠢᠵᠦ ᠭᠡᠷ ᠪᠠᠷᠢᠬᠤ ᠭᠠᠵᠠᠷ ᠤᠨ ᠶᠡᠭᠦᠷᠡᠬᠦ ᠠᠶᠤᠯ ᠢ ᠠᠩᠬᠠᠷᠤᠨ ᠰᠡᠷᠭᠡᠶᠢᠯᠡᠵᠦ᠂ ᠠᠭᠤᠯᠠ ᠶᠢ ᠬᠠᠪᠢᠳᠠᠵᠤ ᠥᠨᠳᠥᠷ ᠨᠠᠯᠠᠤ ᠬᠡᠷᠴᠢᠵᠦ ᠭᠡᠷ ᠪᠠᠷᠢᠬᠤ ᠶᠠᠪᠤᠳᠠᠯ ᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠶ᠂ ᠰᠢᠨ᠎ᠡ ᠳᠠᠯᠳᠠ ᠭᠡᠮ ᠭᠠᠷᠬᠤ ᠶᠢ ᠰᠡᠷᠭᠡᠶᠢᠯᠡᠬᠦ ᠬᠡᠷᠡᠭᠲᠡᠶ᠃     ᠳᠥᠷᠪᠡ᠂ ᠭᠠᠵᠠᠷ ᠰᠢᠨᠵᠢᠯᠡᠭᠡᠨ ᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠴᠠᠭ ᠬᠤᠭᠤᠴᠠᠭ᠎ᠠ     5 ᠰᠠᠷ᠎ᠠ ᠶᠢᠨ 1᠎ ᠤ ᠡᠳᠦᠷ ᠠᠴᠠ 9 ᠰᠠᠷ᠎ᠠ ᠶᠢᠨ 30᠎ ᠤ ᠡᠳᠦᠷ ᠪᠣᠯᠲᠠᠯ᠎ᠠ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠨ᠎ᠡ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠶᠢ ᠣᠨ ᠤ ᠭᠤᠤᠯᠳᠠᠯᠭ᠎ᠠ ᠲᠠᠢ ᠠᠵᠢᠯ ᠪᠣᠯᠭᠠᠵᠤ᠂ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠪᠠ ᠭᠤᠤᠯᠳᠠᠯᠭ᠎ᠠ ᠲᠠᠢ ᠴᠠᠭ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠶᠢᠨ ᠦᠬᠦᠯ ᠰᠢᠷᠬᠠᠲᠤᠯ ᠪᠠ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃      ᠲᠠᠪᠤ᠂ ᠴᠢᠬᠤᠯᠠ ᠰᠡᠷᠭᠡᠶᠢᠯᠡᠨ ᠵᠠᠰᠠᠬᠤ ᠣᠷᠣᠨ ᠪᠦᠰᠡ     ︵ᠨᠢᠭᠡ︶ ᠭᠠᠵᠠᠷ ᠰᠢᠨᠵᠢᠯᠡᠭᠡᠨ ᠤ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠬᠡᠰᠡᠭ     1᠂ ᠤᠯᠠᠭᠠᠨᠮᠥ᠋ᠷᠡᠨ ᠪᠠᠯᠭᠠᠰᠤ ᠶᠢᠨ ᠬᠢᠯᠢ ᠳᠣᠲᠣᠷᠠᠬᠢ ᠪᠣᠶ ᠪᠥᠬᠦᠶ ᠠᠭᠤᠷᠬᠠᠶ ᠮᠠᠯᠲᠠᠬᠤ ᠣᠷᠣᠨ ᠳᠤ᠂ ᠨᠡᠭᠦᠷᠡᠰᠦ ᠮᠠᠯᠲᠠᠬᠤ ᠪᠠ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠤᠰᠤ ᠲᠤᠨᠤᠭᠰᠠᠨ ᠠᠴᠠ ᠡᠷᠬᠢᠨ ᠲᠣᠭᠤᠷᠢᠨ ᠤ ᠭᠠᠵᠠᠷ ᠤᠨ ᠭᠠᠳᠠᠷᠭᠤ ᠴᠥᠮᠥᠷᠡᠬᠦ ᠪᠠ ᠰᠠᠭᠤᠭᠳᠠᠬᠤ ᠪᠣᠯᠤᠯᠴᠠᠭ᠎ᠠ ᠲᠠᠢ᠂ ᠤᠯᠠᠭᠠᠨᠮᠥ᠋ᠷᠡᠨ ᠭᠤᠤᠯ ᠤᠨ ᠰᠠᠪᠠ ᠭᠠᠵᠠᠷ᠂ ᠪᠤᠬ᠎ᠠ ᠶᠢᠨ ᠭᠤᠤᠯ ᠤᠨ ᠰᠠᠪᠠ ᠭᠠᠵᠠᠷ ᠲᠤ ᠰᠢᠷᠦᠭᠦᠨ ᠪᠣᠷᠣᠭᠠᠨ ᠣᠷᠣᠪᠠᠯ ᠪᠡᠯ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠡᠭᠦᠰᠴᠦ᠂ ᠰᠠᠪᠠ ᠭᠠᠵᠠᠷ ᠤᠨ ᠳᠣᠲᠣᠷᠠᠬᠢ ᠨᠡᠭᠦᠷᠡᠰᠦᠨ ᠠᠭᠤᠷᠬᠠᠶ ᠵᠢᠴᠢ ᠬᠡᠰᠡᠭ ᠬᠠᠶᠢᠷ ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠶᠢᠨ ᠠᠮᠤᠷ ᠲᠦᠪᠰᠢᠨ ᠢ ᠰᠦᠷᠳᠡᠭᠦᠯᠵᠦ ᠮᠡᠳᠡᠨ᠎ᠡ᠃     2᠂  ᠨᠠᠷᠢᠨᠳᠤᠬᠤᠢ ᠪᠠᠯᠭᠠᠰᠤ ᠶᠢᠨ ᠬᠢᠯᠢ ᠳᠣᠲᠣᠷᠠᠬᠢ ᠵᠢᠷᠦᠬᠡ ᠶᠢᠨ ᠭᠤᠤᠯ᠂ ᠨᠠᠷᠢᠨ ᠭᠤᠤ ᠳᠤ ᠰᠢᠷᠦᠭᠦᠨ ᠪᠣᠷᠣᠭᠠᠨ ᠣᠷᠣᠪᠠᠯ ᠪᠡᠯ ᠶᠡᠭᠦᠷᠡᠵᠦ᠂ ᠰᠢᠪᠠᠷ ᠴᠢᠯᠠᠭᠤᠨ ᠤᠷᠤᠰᠬᠠᠯ ᠭᠠᠷᠴᠤ᠂ ᠣᠶᠢᠷ᠎ᠠ ᠬᠠᠪᠢ ᠶᠢᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠳᠤ ᠬᠥᠨᠥᠭᠡᠯ ᠤᠴᠠᠷᠠᠭᠤᠯᠵᠤ ᠮᠡᠳᠡᠨ᠎ᠡ᠃     3᠂ ᠮᠠᠨ ᠤ ᠬᠤᠰᠢᠭᠤᠨ ᠤ ᠵᠠᠳᠠᠭᠠᠶ ᠨᠡᠭᠦᠷᠡᠰᠦᠨ ᠠᠭᠤᠷᠬᠠᠶ ᠨᠡᠯᠢᠶᠡᠳ ᠣᠯᠠᠨ᠂ ᠬᠦᠷᠢᠶ᠎ᠡ ᠬᠡᠪᠴᠢᠶ᠎ᠡ ᠥᠷᠭᠡᠨ ᠪᠠᠶᠢᠵᠤ᠂ ᠨᠡᠭᠦᠷᠡᠰᠦᠨ ᠠᠭᠤᠷᠬᠠᠶ ᠶᠢᠨ ᠰᠢᠷᠣᠶ ᠭᠠᠷᠭᠠᠬᠤ ᠲᠠᠯᠠᠪᠤᠷ᠂ ᠨᠡᠭᠦᠷᠡᠰᠦᠨ ᠴᠢᠯᠠᠭᠤᠨ ᠠᠭᠤᠯᠠ ᠲᠣᠭᠲᠠᠭᠤᠨ ᠢᠶᠠᠨ ᠠᠯᠳᠠᠪᠠᠯ ᠰᠢᠷᠣᠶ ᠴᠢᠯᠠᠭᠤ ᠶᠡᠭᠦᠷᠡᠬᠦ ᠪᠠ ᠴᠥᠮᠥᠷᠡᠬᠦ ᠠᠶᠤᠯ ᠭᠠᠷᠴᠤ᠂ ᠪᠠᠷᠢᠯᠭ᠎ᠠ ᠶᠢᠨ ᠬᠦᠨᠳᠦ ᠶᠡᠭᠡ ᠠᠳᠡᠯ ᠭᠠᠷᠴᠤ ᠮᠡᠳᠡᠨ᠎ᠡ᠃      ︵ᠬᠤᠶᠠᠷ︶ ᠭᠠᠵᠠᠷ ᠰᠢᠨᠵᠢᠯᠡᠭᠡᠨ ᠤ ᠭᠠᠶ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠠᠭᠤᠷᠬᠠᠶ ᠶᠢᠨ ᠲᠣᠭᠤᠷᠢᠭ     1᠂ ᠭᠠᠵᠠᠷ ᠤᠨ ᠭᠠᠳᠠᠷᠭᠤ ᠴᠥᠮᠥᠷᠡᠬᠦ ︵ᠳᠠᠭᠠᠯᠳᠤᠨ ᠡᠭᠦᠰᠦᠭᠰᠡᠨ ᠭᠠᠵᠠᠷ ᠤᠨ ᠠᠩ︶᠃ ᠠᠭᠤᠷᠬᠠᠶ ᠶᠢᠨ ᠤᠷᠤᠨ ᠤ ᠭᠠᠵᠠᠷ ᠤᠨ ᠭᠠᠳᠠᠷᠭᠤ ᠨᠤᠷᠠᠬᠤ ᠪᠤᠯ ︵ᠳᠠᠭᠠᠯᠳᠤᠨ ᠡᠭᠦᠰᠦᠭᠰᠡᠨ ᠭᠠᠵᠠᠷ ᠤᠨ ᠠᠩ ᠴᠠᠪᠠ︶ ᠬᠤᠳᠳᠤᠭ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠲᠠᠷᠬᠠᠵᠤ᠂ ᠥᠷᠭᠡᠨ ᠤ ᠬᠡᠮᠵᠢᠶ᠎ᠡ ᠨᠢ ᠶᠡᠷᠦ ᠳᠡᠭᠡᠨ 0 . 01—1 . 5 m᠂ ᠭᠦᠨ ᠤ ᠬᠡᠮᠵᠢᠶ᠎ᠡ ᠨᠢ 0 . 1—1 . 5 m ᠪᠠᠶᠢᠵᠤ᠂ ᠲᠡᠭᠰᠢ ᠭᠠᠵᠠᠷ ᠣᠷᠣᠨ ᠤ ᠠᠩ ᠴᠠᠪᠠ ᠨᠢ ᠨᠡᠯᠢᠶᠡᠳ ᠢᠪᠴᠤᠤ᠂ ᠣᠯᠠᠩᠬᠢ ᠨᠢ 0 . 010 . 1 m ᠪᠠᠶᠢᠳᠠᠭ᠃ 29 ᠠᠭᠤᠷᠬᠠᠢ ᠶᠢ ᠭᠤᠣᠯᠳᠠᠯᠭ᠎ᠠ ᠲᠠᠢ ᠰᠡᠷᠭᠡᠶᠢᠯᠡᠨ  ᠵᠠᠰᠠᠨ᠎ᠠ᠂ ᠲᠣᠰ ᠲᠣᠰ ᠡᠵᠡᠨ ᠬᠤᠷᠤᠭ᠎ᠠ ᠬᠤᠰᠢᠭᠤᠨ ᠤ ᠵᠥᠩ ᠬᠤᠸᠠ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠶᠠᠩ ᠵᠢᠶᠠ ᠯᠢᠶᠠᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠠᠩ ᠵᠢᠶᠠ ᠯᠢᠶᠠᠩ ᠨᠡᠭᠦᠷᠡᠰᠦᠨ ᠠᠭᠤᠷᠬᠠᠶ᠂ ᠳᠤᠮᠳᠠᠳᠤ ᠤᠯᠤᠰ ᠤᠨ ᠱᠧᠨ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ  ᠪᠤᠷᠤ ᠲᠡᠭᠡᠭ ᠨᠡᠭᠦᠷᠡᠰᠦᠨ ᠠᠭᠤᠷᠬᠠᠶ᠂ ᠡᠵᠡᠨ ᠬᠤᠷᠤᠭ᠎ᠠ ᠬᠤᠰᠢᠭᠤᠨ ᠤ ᠢᠦᠶ ᠼᠠᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠡᠵᠡᠨ ᠬᠤᠷᠤᠭ᠎ᠠ ᠬᠤᠰᠢᠭᠤᠨ ᠤ  ᠲᠤᠬᠤᠢ ᠶᠢᠨ ᠵᠤᠤ ᠶᠢᠨ ᠳ᠋ᠢᠩ ᠵᠢᠶᠠ ᠯᠢᠶᠠᠩ ᠨᠡᠭᠦᠷᠡᠰᠦᠨ ᠠᠭᠤᠷᠬᠠᠶ᠂ ᠡᠵᠡᠨ ᠬᠤᠷᠤᠭ᠎ᠠ ᠬᠤᠰᠢᠭᠤᠨ ᠤ ᠬᠤᠤ ᠳ᠋ᠠ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠥᠪᠥᠷ ᠮᠤᠩᠭᠤᠯ ᠤᠨ ᠮᠧᠩ ᠲᠠᠢ ᠨᠡᠭᠦᠷᠡᠰᠦ ᠴᠠᠬᠢᠯᠭᠠᠨ ᠤ ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠮᠠᠶᠢᠯ ᠤᠨ ᠰᠢᠯᠢ ᠨᠡᠭᠦᠷᠡᠰᠦᠨ ᠠᠭᠤᠷᠬᠠᠢ᠂ ᠥᠪᠥᠷ ᠮᠣᠩᠭᠤᠯ ᠤᠨ ᠢ ᠲᠠᠢ ᠨᠡᠭᠦᠷᠡᠰᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶ ᠵᠢᠶᠠ ᠯᠢᠶᠠᠩ ᠨᠡᠭᠦᠷᠡᠰᠦᠨ ᠠᠭᠤᠷᠬᠠᠶ᠂  ᠶᠠᠨ ᠵᠸᠤ ᠨᠡᠭᠦᠷᠡᠰᠦᠨ ᠤ  ᠦᠢᠯᠡᠰ ᠤᠨ ᠣᠷᠳᠣᠰ ᠤᠨ ᠡᠨᠧᠷᠭᠢ ᠬᠢᠮᠢ ᠶᠢᠨ ᠠᠵᠤ  ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠠᠨ ᠶᠤᠸᠠᠨ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠯᠢᠶᠤᠤ ᠶᠤᠸᠠᠨ ᠨᠡᠭᠦᠷᠡᠰᠦᠨ ᠤ  ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠡᠵᠡᠨ ᠬᠤᠷᠤᠭ᠎ᠠ ᠬᠤᠰᠢᠭᠤᠨ ᠤ  ᠨᠠᠷᠢᠨᠳᠤᠬᠤᠢ ᠶᠢᠨ ᠨᠠᠷᠢᠨ ᠭᠤᠤ  ᠨᠠᠭᠦᠷᠡᠰᠤᠨ ᠠᠭᠤᠷᠬᠠᠢ᠂ ᠣᠷᠳᠣᠰ ᠬᠤᠲᠠ ᠶᠢᠨ ᠬᠤᠤ ᠬᠤᠸᠠ ᠵᠢᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠦᠩ ᠵᠢᠶᠠᠩ ᠴᠤᠸᠠᠨ ᠠᠭᠤᠷᠬᠠᠶ ᠶᠢᠨ ᠣᠷᠣᠨ ᠤ ᠭᠤᠤ ᠵᠢᠶᠠ ᠯᠢᠶᠠᠩ ᠨᠢᠭᠡᠳᠦᠭᠡᠷ ᠠᠭᠤᠷᠬᠠᠶ᠂ ᠰᠢᠨ ᠨᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠸᠠᠩ ᠵᠢᠶᠠ ᠲᠠ ᠠᠭᠤᠷᠬᠠᠢ ᠶᠢᠨ ᠬᠤᠳᠳᠤᠭ᠂ ᠥᠪᠥᠷ ᠮᠣᠩᠭᠤᠯ ᠤᠨ ᠰᠢᠨ ᠲᠠᠢ ᠨᠡᠭᠦᠷᠡᠰᠦ ᠮᠠᠯᠲᠠᠬᠤ ᠬᠢᠵᠠᠭᠠᠷᠲᠤ ᠺᠣᠮᠫᠠᠨᠢ ᠶᠢᠨ  ᠸᠧᠨ ᠢᠦᠶ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠶᠢᠤ ᠹᠠᠩ ᠴᠢᠦᠶ ᠠᠭᠤᠷᠬᠠᠶ ᠶᠢᠨ ᠦᠶ᠋ᠯᠡᠰ ᠤᠨ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠰᠢᠨ ᠮᠢᠶᠣᠣ ᠱᠢ ᠴᠠᠩ ᠸᠠᠨ ᠨᠡᠭᠦᠷᠡᠰᠦᠨ ᠠᠭᠤᠷᠬᠠᠶ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠱᠤᠨ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ  ᠹᠸᠡᠭ ᠼᠦᠨ ᠼᠤᠤ ᠲᠠ ᠨᠡᠭᠦᠷᠡᠰᠦᠨ ᠠᠭᠤᠷᠬᠠᠶ᠂ ᠳᠤᠮᠳᠠᠳᠤ ᠤᠯᠤᠰ ᠤᠨ ᠱᠧᠨ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠯᠢᠶᠡᠨ ᠲᠤᠬᠤᠢ ᠨᠡᠭᠦᠷᠡᠰᠦᠨ ᠠᠭᠤᠷᠬᠠᠶ᠂ ᠥᠪᠥᠷ ᠮᠤᠩᠭᠤᠯ  ᠤᠨ ᠮᠧᠩ ᠹᠠ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ  ᠬᠦᠬᠡᠨ᠋ᠤᠰᠤ ᠨᠡᠭᠦᠷᠡᠰᠦᠨ ᠠᠭᠤᠷᠬᠠᠢ᠂ ᠥᠪᠥᠷ ᠮᠣᠩᠭᠤᠯ ᠤᠨ ᠯᠢ ᠵᠢᠶᠠ ᠲᠠ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠬᠤᠢ ᠨᠧᠩ ᠪᠦᠯᠦᠭᠯᠡᠯ ᠤᠨ ᠡᠷᠢᠶᠡᠨᠲᠤ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠥᠯᠥᠩᠲᠦ ᠠᠭᠤᠷᠬᠠᠶ ᠶᠢᠨ ᠬᠤᠳᠳᠤᠭ᠂ ᠥᠪᠥᠷ ᠮᠣᠩᠭᠤᠯ ᠤᠨ ᠢ ᠲᠠᠢ ᠲᠦᠩ ᠳ᠋ᠡ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳ᠋ᠢᠩ ᠵᠢᠶᠠ ᠴᠢᠦᠶ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠢ ᠲᠠᠢ ᠨᠡᠭᠦᠷᠡᠰᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠹᠦ᠋ ᠬᠤᠸᠠ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠢ ᠲᠠᠢ ᠪᠦᠦ ᠱᠠᠨ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠦᠦ ᠱᠠᠨ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳ᠋ᠠ ᠳ᠋ᠢ  ᠨᠠᠷᠢᠯᠢᠭ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠣᠷᠳᠣᠰ ᠤᠨ ᠶᠦᠩ ᠮᠸᠢ ᠠᠭᠤᠷᠬᠠᠶ ᠶᠢᠨ  ᠦᠢᠯᠡᠰ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠮᠠ ᠲᠠᠢ ᠬᠤᠤ ᠨᠡᠭᠦᠷᠡᠰᠦᠨ ᠠᠭᠤᠷᠬᠠᠶ᠂ ᠶᠠᠨ ᠵᠸᠤ ᠨᠡᠭᠦᠷᠡᠰᠦᠨ ᠤ ᠦᠢᠯᠡᠰ ᠤᠨ ᠣᠷᠳᠣᠰ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠵᠤᠸᠠᠨ ᠯᠦᠩ ᠸᠠᠨ ᠨᠡᠭᠦᠷᠡᠰᠦᠨ ᠠᠭᠤᠷᠬᠠᠶ᠃      2᠂ ᠨᠤᠷᠠᠵᠤ ᠶᠡᠭᠦᠷᠡᠬᠦ ᠳᠠᠯᠳᠠ ᠭᠡᠮ᠃ ᠡᠵᠡᠨ ᠬᠤᠷᠤᠭ᠎ᠠ ᠬᠤᠰᠢᠭᠤᠨ ᠤ ᠠᠭᠤᠷᠬᠠᠶ ᠶᠢᠨ ᠨᠤᠷᠠᠵᠤ ᠶᠡᠭᠦᠷᠡᠬᠦ ᠳᠠᠯᠳᠠ ᠬᠡᠮ ᠭᠠᠵᠠᠷ ᠨᠡᠶᠢᠲᠡ 1 ᠪᠠᠶᠢᠵᠤ᠂ ᠵᠢᠵᠢᠭ ᠬᠡᠯᠪᠡᠷᠢ ᠶᠢᠨ ᠨᠤᠷᠠᠯᠲᠠ ᠪᠠᠶᠢᠵᠤ᠂  ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠶ ᠶᠢᠨ ᠵᠠᠳᠠᠭᠠᠶ ᠮᠠᠯᠲᠠᠬᠤ ᠲᠠᠯᠠᠪᠠᠶ ᠶᠢᠨ ᠬᠠᠵᠠᠭᠤ ᠬᠥᠲᠥᠯ ᠳᠡᠭᠡᠷ᠎ᠡ ᠪᠠᠶᠢᠷᠢᠯᠠᠵᠤ ᠪᠠᠶᠢᠨ᠎ᠠ᠃ ᠳᠠᠯᠳᠠ ᠭᠡᠮ ᠤᠨ ᠴᠢᠭ ᠨᠢ ᠥᠪᠥᠷ ᠮᠣᠩᠭᠤᠯ ᠤᠨ ᠲᠦᠩ ᠹᠦ᠋ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦᠨ ᠠᠭᠤᠷᠬᠠᠶ ᠶᠢᠨ ᠵᠠᠳᠠᠭᠠᠶ ᠮᠠᠯᠲᠠᠬᠤ ᠲᠠᠯᠠᠪᠠᠶ ᠶᠢᠨ ᠵᠡᠭᠦᠨ ᠡᠮᠦᠨ᠎ᠡ ᠥᠨᠴᠥᠭ ᠤᠨ ᠵᠠᠮ ᠤᠨ ᠵᠡᠭᠦᠨ ᠲᠠᠯ᠎ᠠ ᠳᠤ ᠪᠠᠶᠢᠵᠤ ᠂ ᠠᠭᠤᠷᠬᠠᠶ ᠠᠴᠠ ᠨᠡᠭᠡᠭᠡᠨ ᠮᠠᠯᠲᠠᠵᠤ ᠪᠤᠶ ᠪᠣᠯᠣᠭᠠᠳ᠂ ᠰᠢᠷᠣᠶ ᠨᠢ ᠨᠤᠷᠠᠵᠤ᠂ ᠡᠬᠡ ᠴᠢᠯᠠᠭᠤᠯᠢᠭ ᠨᠢ ᠰᠢᠪᠠᠷ ᠴᠢᠯᠠᠭᠤᠯᠢᠭ ᠪᠣᠯᠤᠨ᠎ᠠ᠃ ᠨᠠᠯᠠᠤ ᠥᠨᠳᠥᠷ ᠨᠢ ᠪᠠᠷᠤᠭ 8—16 m᠂ ᠨᠠᠯᠠᠤᠴᠠ ᠨᠢ ᠪᠠᠷᠤᠭ 80 。᠂ ᠨᠠᠯᠠᠤ ᠴᠢᠭᠯᠡᠯ ᠨᠢ 36 。᠂ ᠣᠷᠣᠶ ᠶᠢᠨ ᠬᠡᠰᠡᠭ ᠨᠢ 10—20 cm ᠲᠠᠷᠢᠶᠠᠯᠠᠬᠤ ᠬᠥᠷᠥᠰᠥ᠂ ᠳᠤᠮᠳᠠᠬᠢ ᠳᠠᠪᠬᠤᠷᠭ᠎ᠠ ᠨᠢ ᠬᠡᠮᠬᠡᠷᠬᠡᠶ ᠴᠢᠯᠠᠭᠤ᠂ ᠵᠤᠵᠠᠭᠠᠨ ᠨᠢ ᠪᠠᠷᠤᠭ 2 m᠂ ᠳᠤᠤᠷᠠᠳᠤ ᠬᠡᠰᠡᠭ ᠨᠢ ᠭᠦᠢᠬᠡᠨ ᠤᠯᠠᠭᠠᠨ ᠥᠩᠭᠡᠲᠡᠶ ᠡᠯᠡᠰᠦᠨ ᠰᠢᠪᠠᠷ ᠴᠢᠯᠠᠭᠤᠯᠢᠭ ᠪᠠᠶᠢᠵᠤ᠂ ᠬᠠᠭᠠᠷᠠᠭᠰᠠᠨ ᠪᠠᠶᠢᠳᠠᠯ ᠲᠠᠢ ᠪᠠᠶᠢᠵᠤ᠂ ᠭᠤᠤᠯᠳᠠᠭᠤ ᠠᠭᠤᠷᠬᠠᠶ ᠶᠢᠨ ᠨᠠᠭᠠᠰᠢ ᠴᠠᠭᠠᠰᠢ ᠶᠠᠪᠤᠬᠤ ᠲᠡᠷᠭᠡ ᠬᠥᠰᠬᠡ ᠪᠠ ᠶᠠᠪᠠᠭᠠᠨ ᠬᠥᠮᠦᠨ᠂ ᠰᠢᠷᠦᠭᠦᠨ ᠪᠣᠷᠣᠭᠠᠨ ᠵᠡᠷᠭᠡ ᠠᠵᠢᠯ ᠤᠨ ᠨᠥᠬᠦᠴᠡᠯ ᠳᠤᠤᠷ᠎ᠠ ᠲᠣᠭᠲᠠᠭᠤᠨ ᠪᠠᠶᠢᠳᠠᠯ ᠢᠶᠠᠨ ᠠᠯᠳᠠᠵᠤ ᠮᠡᠳᠡᠨ᠎ᠡ᠃      ᠵᠢᠷᠭᠤᠭ᠎ᠠ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠦᠵᠡᠯ ᠲᠠᠨᠢᠯᠲᠠ ᠪᠠᠨ ᠳᠡᠭᠡᠭᠰᠢᠯᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠠᠬᠢᠵᠢᠭᠦᠯᠦᠨ᠎ᠡ᠃ ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ ᠱᠠᠲᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠬᠤ ᠬᠡᠷᠡᠭᠲᠡᠶ᠃ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠬᠦᠴᠦᠲᠡᠶ ᠠᠳᠬᠤᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠵᠤ ᠂ ᠭᠠᠵᠠᠷ ᠰᠢᠨᠵᠢᠯᠡᠭᠡᠨ ᠤ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ᠂ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠢ ᠢᠳᠡᠪᠬᠢᠲᠡᠶ ᠪᠠᠷ ᠰᠢᠶ᠋ᠳᠪᠦᠷᠢᠯᠡᠬᠦ ᠬᠡᠷᠡᠭᠲᠡᠶ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠬᠥᠮᠦᠰ ᠤᠨ ᠦᠬᠦᠯ ᠰᠢᠷᠬᠠᠲᠤᠯ ᠪᠠ  ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃      ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠢᠮ ᠤᠨ ᠬᠡᠷᠡᠭᠵᠢᠭᠦᠯᠦᠯᠲᠡ ᠶᠢ ᠲᠥᠯᠬᠢᠨ ᠠᠬᠢᠭᠤᠯᠬᠤ ᠬᠡᠷᠡᠭᠲᠡᠢ᠃ ︽ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾᠎ ᠶᠢ ᠪᠠᠷᠢᠮᠲᠠᠯᠠᠨ᠂ ︽ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ ᠬᠠᠤᠯᠢ ᠳᠦᠷᠢᠮ ᠤᠨ ᠪᠠᠲᠤᠯᠠᠭ᠎ᠠ︾ ᠪᠦᠬᠦᠢ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠰᠢᠨ᠎ᠡ ᠪᠠᠶᠢᠳᠠᠯ ᠢ ᠪᠠᠶᠢᠭᠤᠯᠤᠨ ᠪᠦᠷᠢᠨᠰᠢᠭᠦᠯᠵᠦ᠂ ᠱᠠᠲᠤ ᠬᠤᠪᠢᠶᠠᠨ ᠬᠠᠷᠢᠭᠤᠴᠠᠬᠤ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ  ᠰᠢᠰᠲ᠋ᠧᠮᠵᠢ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠠᠵᠢᠯ ᠲᠥᠷᠥᠯ ᠬᠠᠮᠲᠤᠪᠠᠷ ᠵᠠᠰᠠᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠡᠷᠭᠡᠶᠢᠯᠡᠨ ᠵᠠᠰᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ︽ᠬᠡᠨ ᠪᠦᠲᠦᠭᠡᠨ ᠪᠠᠶᠢᠭᠤᠯᠪᠠᠯ ᠲᠡᠷᠡ ᠬᠠᠷᠢᠭᠤᠴᠠᠬᠤ᠂ ᠬᠡᠨ ᠡᠭᠦᠰᠭᠡᠭᠰᠡᠨ ᠪᠣᠯ ᠲᠡᠷᠡ ᠵᠠᠰᠠᠬᠤ︾ ᠵᠠᠷᠴᠢᠮ ᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠨᠢᠭᠡᠴᠡ ᠶᠢᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠰᠢᠨᠵᠢᠯᠡᠭᠡᠨ ᠤ ᠭᠠᠮᠰᠢᠭ ᠬᠢᠯᠪᠠᠷᠬᠠᠨ ᠡᠭᠦᠰᠬᠦ ᠣᠷᠣᠨ ᠨᠤᠭᠤᠳ ᠭᠠᠵᠠᠷ ᠰᠢᠨᠵᠢᠯᠡᠭᠡᠨ ᠤ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠠᠵᠢᠯ ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ᠭᠠᠵᠠᠷ ᠰᠢᠨᠵᠢᠯᠡᠭᠡᠨ ᠤ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠲᠣᠣᠷ ᠰᠦᠯᠵᠢᠶᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠤᠨ ᠴᠢᠭ ᠤᠨ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠪᠣᠯᠤᠨ ᠬᠢᠨᠠᠨ ᠬᠡᠮᠵᠢᠬᠦ ᠬᠠᠷᠢᠭᠤᠴᠠᠯᠭ᠎ᠠ ᠶᠢ ᠪᠣᠳᠠᠲᠠᠶ ᠨᠢᠭᠡᠴᠡ ᠪᠣᠯᠤᠨ ᠠᠵᠢᠯᠲᠠᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠭᠠᠵᠠᠷ ᠰᠢᠨᠵᠢᠯᠡᠭᠡᠨ ᠤ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠠᠮᠵᠢᠯᠲᠠ ᠪᠦᠲᠦᠮᠵᠢ ᠶᠢ ᠬᠢᠨᠠᠨ ᠰᠢᠯᠭᠠᠬᠤ  ᠰᠢᠰᠲ᠋ᠧᠮᠵᠢ ᠳᠤ ᠣᠷᠣᠭᠤᠯᠵᠤ᠂  ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ︵ᠭᠤᠷᠪᠠ︶ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠠᠵᠢᠯ ᠢᠶᠠᠨ ᠴᠢᠩᠭᠠᠳᠬᠠᠵᠤ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠨᠵᠢᠯᠡᠭᠡᠨ ᠤ ᠭᠠᠮᠰᠢᠭ ᠢ ᠵᠢᠭᠰᠠᠭᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠣᠯᠵᠤ ᠮᠡᠳᠡᠭᠰᠡᠨ ᠭᠠᠵᠠᠷ ᠰᠢᠨᠵᠢᠯᠡᠭᠡᠨ ᠤ ᠭᠠᠮᠰᠢᠭ ᠤᠨ ᠠᠶᠤᠯ ᠤᠨ ᠪᠠᠶᠢᠳᠠᠯ ᠳᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠠᠪᠬᠤ ᠬᠡᠷᠡᠭᠲᠡᠶ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠪᠣᠯᠤᠨ ᠴᠠᠭ ᠠᠭᠤᠷ ᠤᠨ ᠲᠤᠪᠴᠢᠶ᠎ᠠ ᠨᠢᠭᠲᠠ ᠬᠠᠮᠲᠤᠷᠠᠯᠴᠠᠵᠤ᠂ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ ᠂ ᠭᠠᠵᠠᠷ ᠰᠢᠨᠵᠢᠯᠡᠭᠡᠨ ᠤ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃      ︵ᠳᠥᠷᠪᠡ︶ ᠤᠬᠠᠭᠤᠯᠭ᠎ᠠ ᠪᠣᠯᠪᠠᠰᠤᠷᠠᠭᠤᠯᠤᠯ ᠢᠶᠠᠨ ᠴᠢᠩᠬᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠭᠠᠵᠠᠷ ᠰᠢᠨᠵᠢᠯᠡᠭᠡᠨ ᠤ ᠭᠠᠮᠰᠢᠭ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠪᠠ ᠰᠣᠷᠢᠯᠲᠠ ᠶᠢ ᠴᠢᠩᠭᠠᠳᠬᠠᠨ᠂ ᠭᠠᠵᠠᠷ ᠰᠢᠨᠵᠢᠯᠡᠭᠡᠨ ᠤ ᠭᠠᠮᠰᠢᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠵᠠᠷ ᠰᠢᠨᠵᠢᠯᠡᠭᠡᠨ ᠤ ᠭᠠᠮᠰᠢᠭ ᠬᠢᠯᠪᠠᠷᠬᠠᠨ ᠡᠭᠦᠰᠬᠦ ᠣᠷᠣᠨ ᠤ ᠠᠷᠠᠳ ᠣᠯᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃      ︵ᠲᠠᠪᠤ︶ ᠭᠠᠵᠠᠷ ᠰᠢᠨᠵᠢᠯᠡᠭᠡᠨ ᠤ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠭᠠᠵᠠᠷ ᠤᠨ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠡᠭᠦᠰᠬᠦ ᠶᠢ ᠡᠬᠢ ᠡᠭᠦᠰᠦᠯ ᠠᠴᠠ ᠨᠢ ᠬᠢᠵᠠᠭᠠᠷᠯᠠᠬᠤ ᠬᠡᠷᠡᠭᠲᠡᠶ᠃ ᠭᠠᠵᠠᠷ ᠰᠢᠨᠵᠢᠯᠡᠭᠡᠨ ᠤ ᠭᠠᠢ ᠭᠠᠮᠰᠢᠭ ᠠᠮᠠᠷᠬᠠᠨ ᠡᠭᠦᠰᠬᠦ ᠣᠷᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠬᠤᠲᠠ᠂ ᠭᠠᠴᠠᠭ᠎ᠠ ᠪᠠᠯᠭᠠᠰᠤᠨ ᠤ ᠲᠥᠯᠥᠪᠵᠢᠭᠦᠯᠭᠡ ᠶᠢ ᠬᠢᠬᠦ ᠳᠡᠭᠡᠨ ᠡᠷᠬᠡᠪᠰᠢ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠬᠢᠨᠠᠮᠠᠭᠠᠢ ᠰᠠᠢᠲᠤᠷ ᠬᠢᠵᠦ᠂ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠤᠨ ᠭᠠᠷᠭᠠᠬᠤ ᠬᠡᠷᠡᠭᠲᠡᠢ᠃      ︵ᠵᠢᠷᠭᠤᠭ᠎ᠠ︶ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠮᠠᠨ ᠤ ᠬᠤᠰᠢᠭᠤᠨ ᠤ ᠠᠭᠤᠷᠬᠠᠢ ᠶᠢᠨ ᠡᠬᠢ ᠪᠠᠶᠠᠯᠢᠭ ᠨᠡᠯᠢᠶᠡᠳ ᠡᠯᠪᠡᠭ ᠪᠠᠶᠢᠵᠤ᠂ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠠᠵᠢᠯᠯᠠᠭ᠎ᠠ ᠨᠢ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠬᠠᠮᠲᠤ ᠪᠠᠰᠠ ᠨᠤᠷᠠᠵᠤ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠰᠢᠨᠵᠢᠯᠡᠭᠡᠨ ᠤ ᠭᠠᠢ ᠭᠠᠮᠰᠢᠭ ᠢ ᠡᠭᠦᠰᠭᠡᠵᠡᠢ᠃ ᠠᠭᠤᠷᠬᠠᠶ ᠶᠢᠨ ᠣᠷᠣᠨ ᠳᠤ ᠣᠷᠣᠰᠢᠵᠤ ᠪᠠᠶᠢᠭ᠎ᠠ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠲᠤᠰᠬᠠᠶ ᠠᠵᠢᠯᠲᠠᠨ ᠢ ᠵᠣᠬᠢᠶᠠᠨ ᠪᠠᠶᠢᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠵᠤ᠂ ᠠᠭᠤᠷᠬᠠᠶ ᠮᠠᠯᠲᠠᠬᠤ ᠡᠷᠬᠡᠲᠦ ᠬᠥᠮᠦᠨ ᠳᠤ ᠬᠢᠨᠠᠯᠲᠠ ᠲᠠᠯᠪᠢᠵᠤ ᠪᠠᠶᠢᠭᠠᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠰᠦᠯ ᠲᠣᠭᠲᠠᠭᠠᠯᠭᠠᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠠᠪᠴᠤ᠂ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃        
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号