ᠡᠵᠡᠨ ᠬᠤᠷᠤᠭ᠎ᠠ ᠬᠤᠰᠢᠭᠤ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ ᠵᠦᠪ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ ᠵᠡᠮᠳᠡᠭᠴᠦᠳ ᠤᠨ ᠦᠢᠯᠡᠰ ᠲᠦᠷᠭᠡᠨ ᠲᠠᠪᠰᠢᠪᠠ
ᠨᠡᠶᠢᠲᠡᠯᠡᠭᠰᠡᠨ ᠴᠠᠭ᠄
2021/12/15
     ︽ᠠᠷᠪᠠᠨ ᠭᠤᠷᠪᠠᠳᠤᠭᠠᠷ ᠲᠠᠪᠤᠨ ᠵᠢᠯ︾᠎ ᠠᠴᠠ ᠨᠠᠰᠢ᠂ ᠡᠵᠡᠨ ᠬᠤᠷᠤᠭ᠎ᠠ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠵᠡᠮᠳᠡᠭᠴᠦᠳ ᠤᠨ ᠦᠨᠳᠦᠰᠦᠨ ᠠᠮᠢᠳᠤᠷᠠᠯ ᠪᠠ ᠡᠷᠡᠭᠦᠯᠵᠢᠯ᠂ ᠰᠤᠷᠭᠠᠨ ᠬᠥᠮᠦᠵᠢᠯ᠂ ᠡᠮ ᠡᠮᠨᠡᠯᠭᠡ᠂ ᠠᠳᠠᠯ ᠦᠢᠯᠡᠰ ᠴᠣᠭᠴᠠᠯᠠᠨ ᠠᠵᠢᠯ ᠣᠯᠭᠤᠬᠤ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠵᠢᠴᠢ ᠰᠠᠭᠠᠳ ᠥᠬᠡᠶ ᠪᠥᠲᠥᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠵᠤ᠂ ᠵᠡᠮᠳᠡᠭᠴᠦᠳ ᠤᠨ ᠴᠢᠨᠡᠭᠡᠯᠢᠭᠵᠢᠯ ᠤᠨ ᠠᠬᠢᠴᠠ ᠶᠢ ᠲᠦᠷᠭᠡᠳᠬᠡᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠵᠡᠮᠳᠡᠭ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠨᠡᠮᠡᠭᠳᠡᠭᠦᠯᠪᠡ᠃      ᠨᠢᠭᠡ ᠳᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ᠃ ᠵᠡᠮᠳᠡᠭᠴᠦᠳ ᠤᠨ ᠡᠯ᠎ᠡ ᠲᠥᠷᠥᠯ ᠤᠨ ᠪᠠᠯᠠ ᠮᠥᠩᠭᠦ ᠶᠢ ᠨᠡᠶᠢᠲᠡ 2189 . 18 ᠲᠦᠮᠡᠨ ᠲᠥᠭᠦᠷᠢᠭ ᠲᠠᠷᠬᠠᠭᠠᠪᠠ︔ ᠦᠨᠳᠦᠰᠦᠨ ᠡᠮᠴᠢᠯᠡᠭᠡᠨ ᠤ ᠳᠠᠭᠠᠳᠬᠠᠯ ᠪᠣᠯᠤᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠬᠤ ᠪᠠᠯᠠ ᠮᠥᠩᠭᠦ ᠶᠢ 314 . 94 ᠲᠦᠮᠡᠨ ᠲᠥᠭᠦᠷᠢᠭ ᠣᠷᠣᠯᠠᠨ ᠲᠤᠰᠢᠶᠠᠪᠠ︔ 271 . 45 ᠲᠦᠮᠡᠨ ᠲᠥᠭᠦᠷᠢᠭ ᠤᠨ ᠪᠠᠯᠠ ᠣᠷᠣᠭᠤᠯᠵᠤ᠂ 203 ᠡᠷᠦᠬᠡ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠬᠡᠷ ᠪᠦᠯᠢ ᠳᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠎ᠡ︔ ᠬᠤᠲᠠ ᠪᠠᠯᠭᠠᠰᠤᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 409 ᠢᠵᠢ ᠨᠠᠶᠢᠳᠠᠪᠤᠷᠢᠵᠢᠭᠤᠯᠬᠤ ᠶᠢᠨ ᠬᠠᠮᠲᠤ ᠵᠡᠮᠳᠡᠭ ᠬᠡᠷ ᠪᠦᠯᠢ ᠳᠤ ᠲᠦᠷᠢᠶᠡᠰᠦᠨ ᠮᠥᠩᠭᠦ ᠶᠢ ᠬᠠᠭᠠᠰ ᠢᠶᠠᠷ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ 49 ᠲᠦᠮᠡᠨ ᠲᠥᠭᠦᠷᠢᠭ ᠤᠨ ᠪᠡᠯᠡ ᠣᠷᠣᠭᠤᠯᠵᠤ 374 ᠡᠷᠦᠬᠡ ᠵᠡᠮᠳᠡᠭᠴᠦᠳ ᠤᠨ ᠭᠡᠷ ᠪᠦᠯᠢ ᠳᠤ ᠰᠠᠭᠠᠳ ᠦᠭᠡᠶ ᠪᠣᠯᠭᠠᠨ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠪᠡ᠃      ᠬᠤᠶᠠᠷ ᠲᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠪᠠ ᠠᠪᠤᠷᠠᠨ ᠲᠤᠰᠠᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃ ︽ᠵᠡᠮᠳᠡᠭᠴᠦᠳ ᠪᠦᠬᠦᠨ ᠡᠷᠡᠭᠦᠯᠵᠢᠯ ᠤᠨ ᠦᠢᠯᠡᠴᠢᠯᠡᠭᠡ ᠭᠥᠷᠳᠡᠬᠦ︾ ᠬᠠᠷᠠᠯᠲᠠ ᠶᠢᠨ ᠲᠣᠭᠤᠷᠢᠨ ᠳᠤ᠂ ᠪᠡᠭᠡᠵᠢᠩ ᠤᠨ ᠶᠠᠩ ᠭᠤᠸᠠᠩ ᠯᠤ᠋ ᠲᠦᠡᠭ ᠰᠠᠭᠤᠷᠢ ᠮᠥᠩᠭᠦᠨ ᠤ ᠨᠡᠶᠢᠭᠡᠮᠯᠢᠭ ᠢ ᠣᠷᠣᠭᠤᠯᠤᠨ ᠠᠪᠴᠢᠷᠠᠵᠤ ᠲᠠᠷᠢᠬᠢᠨ ᠤ ᠰᠠ ᠬᠡᠦᠬᠡᠳ ᠤᠨ ᠡᠷᠡᠭᠦᠯᠵᠢᠯ ᠤᠨ ᠪᠣᠯᠪᠠᠰᠤᠷᠠᠯ ᠤᠨ ᠲᠥᠷᠥᠯ ᠵᠦᠢᠯ ᠢ ᠥᠷᠨᠢᠭᠦᠯᠦᠨ᠎ᠡ᠃ 2019 ᠣᠨ ᠳᠤ᠂ ᠵᠡᠮᠳᠡᠭᠴᠦᠳ ᠤᠨ ᠡᠷᠡᠭᠦᠯᠵᠢᠯ ᠤᠨ ᠲᠥᠪ ᠢ ᠪᠠᠶᠢᠭᠤᠯᠵᠤ᠂ ᠭᠤᠤᠯᠳᠠᠭᠤ ᠨᠠᠰᠤᠨ ᠳᠤ ᠬᠦᠷᠦᠭᠰᠡᠨ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠶᠢ ᠥᠷᠨᠢᠭᠦᠯᠵᠦ᠂ ᠵᠡᠮᠳᠡᠭᠴᠦᠳ ᠤᠨ ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ ᠵᠡᠮᠳᠡᠭ ᠬᠡᠦᠬᠡᠳ ᠢ ᠠᠪᠤᠷᠠᠨ ᠲᠤᠰᠠᠯᠠᠬᠤ ᠂ ᠲᠦᠢᠯ ᠤᠨ ᠣᠨᠣᠪᠴᠢᠲᠠᠶ ᠪᠠᠷ ᠡᠷᠡᠭᠦᠯᠵᠢᠭᠦᠯᠬᠦ᠂ ᠲᠥᠬᠦᠭᠡᠷᠦᠮᠵᠢ ᠬᠤᠳᠠᠯᠳᠤᠨ ᠠᠪᠬᠤ ᠪᠠ ᠡᠮᠴᠢᠯᠡᠭᠡ ᠪᠠᠷ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 594 . 79 ᠲᠦᠮᠡᠨ ᠲᠥᠭᠦᠷᠢᠭ ᠨᠠᠶᠢᠳᠠᠪᠤᠷᠢᠵᠢᠭᠤᠯᠪᠠ᠃      ᠭᠤᠷᠪᠠ ᠳᠤ᠂ ᠵᠡᠮᠳᠡᠭᠴᠦᠳ ᠤᠨ ᠠᠵᠢᠯ ᠣᠯᠭᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ ᠪᠠᠷᠢᠮᠵᠢᠶᠠᠵᠢᠭᠰᠠᠨ ᠠᠵᠢᠯ ᠣᠯᠭᠤᠯᠲᠠ ᠶᠢᠨ ᠵᠢᠯᠣᠭᠤᠳᠬᠤ ᠦᠢᠯᠡᠴᠢᠯᠡᠭᠡᠨ ᠤ ᠲᠥᠪ 1᠎ ᠶᠢ ᠪᠠᠶᠢᠭᠤᠯᠵᠤ᠂ ᠵᠡᠮᠳᠡᠭᠴᠦᠳ ᠤᠨ ᠰᠤᠷᠭᠠᠨ ᠬᠥᠮᠦᠵᠢᠯ ᠠᠵᠢᠯ ᠣᠯᠭᠤᠯᠲᠠ ᠶᠢᠨ ᠰᠤᠷᠠᠭ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠡᠮᠳᠡᠭᠴᠦᠳ ᠢ ᠬᠠᠷᠢᠴᠠᠯ ᠢᠶᠠᠷ ᠲᠣᠬᠢᠷᠠᠭᠤᠯᠤᠨ ᠠᠵᠢᠯ ᠣᠯᠭᠤᠬᠤ ᠶᠢ ᠲᠦᠯᠬᠢᠨ ᠠᠬᠢᠭᠤᠯᠵᠤ᠂ ᠨᠡᠶᠢᠲᠡ 100 ᠭᠠᠷᠤᠶ ᠬᠥᠮᠦᠨ ᠢ ᠲᠣᠬᠢᠷᠠᠭᠤᠯᠤᠨ ᠠᠵᠢᠯ ᠣᠯᠭᠤᠪᠠ᠃ ᠬᠥᠮᠥᠷᠭᠡ ᠳᠤ ᠣᠷᠣᠭᠤᠯᠤᠭᠰᠠᠨ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠨᠡᠶᠢᠲᠡ 7078 . 73 ᠲᠦᠮᠡᠨ ᠲᠥᠭᠦᠷᠢᠭ ᠲᠠᠲᠠᠪᠤᠷᠢᠯᠠᠨ ᠬᠤᠷᠢᠶᠠᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠬᠦ᠂ ᠪᠦᠲᠦᠭᠡᠯᠴᠢ ᠭᠠᠷ ᠤᠷᠠᠯᠠᠯ ᠤᠨ ᠪᠦᠲᠦᠭᠡᠭᠳᠡᠬᠦᠨ  ᠦᠢᠯᠡᠳᠬᠦ ᠵᠡᠷᠭᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 16 ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠬᠥᠳᠡᠭᠡ ᠶᠢᠨ 994 ᠵᠡᠮᠳᠡᠭ ᠬᠥᠮᠦᠨ ︵ᠤᠳᠠᠭ᠎ᠠ︶᠎ ᠳᠤ ᠪᠣᠯᠪᠠᠰᠤᠷᠠᠭᠤᠯᠤᠯ ᠬᠦᠷᠲᠡᠭᠡᠪᠡ᠃ 418 . 7 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠲᠠ ᠬᠥᠳᠡᠭᠡ ᠶᠢᠨ 250 ᠠᠳᠠᠯ  ᠦᠢᠯᠡᠰ ᠴᠣᠭᠴᠠᠯᠠᠬᠤ ᠡᠷᠦᠬᠡ ᠶᠢ ᠲᠡᠳᠬᠦᠵᠦ᠂ 117 ᠲᠠᠩᠰᠠ ᠪᠠ ᠺᠠᠷᠲ ᠲᠠᠢ ᠵᠡᠮᠳᠡᠭᠴᠦᠳ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃      ᠳᠥᠷᠪᠡ ᠳᠤ᠂ ᠵᠡᠮᠳᠡᠭᠴᠦᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠤᠯᠠᠮ ᠨᠢᠭᠡ ᠠᠯᠬᠤᠮ ᠪᠠᠲᠤᠯᠠᠪᠠ᠃ ᠵᠡᠮᠳᠡᠭ ᠬᠡᠦᠬᠡᠳ ᠤᠨ ᠰᠤᠷᠭᠠᠨ ᠬᠥᠮᠦᠵᠢᠯ ᠤᠨ ᠠᠵᠢᠯ ᠢ ᠰᠤᠷᠭᠠᠨ ᠬᠥᠮᠦᠵᠢᠯ ᠤᠨ ᠠᠵᠢᠯ ᠤᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠤ᠂ ᠵᠣᠬᠢᠬᠤ ᠨᠠᠰᠤᠨ ᠤ ᠵᠡᠮᠳᠡᠭ ᠬᠡᠦᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠨᠣᠷᠮ᠎ᠠ ᠶᠢ 95 %᠎ ᠳᠤ ᠬᠦᠷᠦᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠨᠥᠬᠦᠪᠥᠷᠢ ᠶᠢ ᠨᠡᠮᠡᠭᠳᠡᠭᠦᠯᠵᠦ᠂ ᠨᠡᠶᠢᠲᠡ 21 ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠳᠤ 4 . 98 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ 539 ᠵᠡᠮᠳᠡᠭ ᠰᠤᠷᠤᠭᠴᠢᠳ ᠲᠤ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠪᠠᠯᠠ ᠮᠥᠩᠭᠦ 265 . 44 ᠲᠦᠮᠡᠨ ᠲᠥᠭᠦᠷᠢᠭ ᠲᠠᠷᠬᠠᠭᠠᠪᠠ᠃ ᠳᠡᠭᠡᠳᠦ ᠱᠠᠲᠤᠨ ᠤ ᠲᠤᠰᠬᠠᠶ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 40 . 8 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ 95 ᠰᠣᠷᠣᠭᠴᠢ ᠠᠰᠢᠭ ᠭᠥᠷᠳᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号