ᠡᠵᠡᠨ ᠬᠤᠷᠤᠭ᠎ᠠ ᠬᠤᠰᠢᠭᠤᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠷ᠎ᠡ ᠪᠦᠲᠦᠭᠡᠯ ᠦᠨᠳᠦᠷ ᠠᠮᠵᠢᠯᠲᠠ ᠤᠯᠪᠠ
ᠨᠡᠶᠢᠲᠡᠯᠡᠭᠰᠡᠨ ᠴᠠᠭ᠄
2021/12/15
     ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠡᠵᠡᠨ ᠬᠤᠷᠤᠭ᠎ᠠ ᠬᠤᠰᠢᠭᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠰᠣᠶᠣᠯ ᠤᠨ ᠪᠦᠲᠦᠭᠡᠯ ᠤᠨ ᠵᠣᠬᠢᠶᠠᠨ ᠪᠦᠲᠦᠭᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠢᠭᠡ ᠪᠦᠯᠦᠭ ᠣᠯᠠᠨ ᠶᠠᠩᠵᠤ ᠶᠢᠨ᠂ ᠴᠢᠨᠠᠷ ᠰᠠᠶᠢᠲᠠᠶ᠂ ᠨᠥᠯᠥᠭᠡ ᠶᠡᠬᠡᠲᠡᠶ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠪᠡ᠃ ᠤᠯᠠᠭᠠᠨᠮᠥ᠋ᠴᠢᠷ ᠪᠥᠬᠦ ᠣᠷᠣᠨ ᠤ ︽ᠨᠢᠭᠡᠳᠦᠭᠡᠷ ᠲᠥᠷᠥᠯ ᠤᠨ ᠤᠯᠠᠭᠠᠨᠮᠥ᠋ᠴᠢᠷ︾᠂ ︽ᠰᠢᠯᠢᠳᠡᠭ ᠤᠯᠠᠭᠠᠨᠮᠥ᠋ᠴᠢᠷ︾᠎ ᠤᠨ ᠢᠷᠠᠭᠤ ᠠᠯᠳᠠᠷ ᠢ ᠭᠥᠷᠳᠡᠪᠡ᠃ ᠨᠡᠶᠢᠲᠡ 100 ᠭᠠᠷᠤᠶ ᠰᠢᠯᠢᠳᠡᠭ ᠪᠣᠳᠠᠲᠤ ᠠᠬᠤᠢ ᠶᠢᠨ ᠰᠡᠳᠦᠪᠲᠦ ᠪᠦᠲᠦᠭᠡᠯ ᠢ ᠵᠣᠬᠢᠶᠠᠨ ᠪᠦᠲᠦᠭᠡᠵᠦ᠂ ᠨᠡᠶᠢᠲᠡ 17 ᠮᠤᠵᠢ ᠶᠢᠨ ᠲᠡᠰ ᠤᠨ ︵ᠥᠪᠡᠷᠲᠡᠭᠡᠨ ᠵᠠᠰᠠᠬᠤ ᠣᠷᠣᠨ︶ ᠱᠠᠩᠨᠠᠯ᠂ 23 ᠬᠤᠲᠠ ᠶᠢᠨ ᠲᠡᠰ ᠤᠨ ᠱᠠᠩᠨᠠᠯ ᠢ ᠬᠦᠷᠲᠡᠪᠡ᠃ 20 ᠵᠦᠴᠦᠭᠡ ᠨᠢ ᠲᠥᠪ ᠤᠨ ᠤᠬᠠᠭᠤᠯᠬᠤ ᠬᠡᠯᠲᠡᠰ ᠤᠨ ︽ᠲᠠᠪᠤᠨ ᠨᠢᠭᠡ ᠶᠢᠨ ᠢᠨᠵᠧᠨᠧᠷᠢᠩ︾᠎ ᠤᠨ ᠱᠠᠩᠨᠠᠯ ᠢ ᠭᠥᠷᠳᠡᠵᠦ᠂ ᠪᠥᠵᠢᠭ ︽ᠠᠪᠤ ᠶᠢᠨ ᠭᠤᠲᠤᠯ︾᠎ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾᠎ ᠤᠨ ᠰᠢᠯᠢᠳᠡᠭ ᠪᠦᠲᠦᠭᠡᠯ ᠤᠨ ᠱᠠᠩᠨᠠᠯ ᠢ ᠭᠥᠷᠳᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号