ᠡᠵᠡᠨ ᠬᠤᠷᠤᠭ᠎ᠠ ᠬᠤᠰᠢᠭᠤ 10 ᠵᠦᠢᠯ ᠤᠨ ᠠᠵᠢᠯ ᠢ ᠰᠠᠶᠢᠲᠤᠷ ᠬᠢᠵᠦ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠢᠳᠡᠪᠬᠢᠲᠡᠶ ᠪᠠᠶᠢᠭᠤᠯᠪᠠ
ᠨᠡᠶᠢᠲᠡᠯᠡᠭᠰᠡᠨ ᠴᠠᠭ᠄
2021/12/15
     ᠨᠢᠭᠡ ᠳᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠲᠠᠩᠰᠠ ᠲᠠᠶᠢᠯᠬᠤ ᠠᠵᠢᠯ ᠢ ᠰᠠᠶᠢᠲᠤᠷ  ᠬᠢᠪᠡ᠃ ᠳᠡᠭᠡᠳᠦ ᠱᠠᠲᠤᠨ ᠤ ︽ᠬᠤᠶᠠᠷ ᠵᠦᠢᠯ ᠤᠨ ᠡᠪᠡᠳᠴᠢᠨ︾᠎ ᠤ ᠡᠪᠡᠳᠴᠢᠲᠡᠨ ᠤ ᠡᠮ ᠬᠡᠷᠡᠭᠯᠡᠬᠦ ᠲᠣᠭᠲᠠᠴᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ︽ᠬᠤᠶᠠᠷ ᠵᠦᠢᠯ ᠤᠨ ᠡᠪᠡᠳᠴᠢᠨ︾᠎ ᠤ ᠡᠪᠡᠳᠴᠢᠲᠡᠨ ᠤ ᠡᠮ ᠬᠡᠷᠡᠭᠯᠡᠬᠦ ᠶᠢ ᠦᠨᠳᠦᠰᠦᠨ ᠳᠡᠭᠡᠨ ᠪᠠᠲᠤᠯᠠᠬᠤ ᠬᠡᠷᠡᠭᠲᠡᠶ᠃ ᠲᠣᠭᠲᠠᠭᠠᠭᠰᠠᠨ  ᠴᠡᠭ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠷᠬᠠᠭ ᠡᠪᠡᠳᠴᠢᠨ ᠢ ᠰᠢᠭᠤᠳ ᠮᠡᠳᠡᠭᠦᠯᠬᠦ ᠴᠣᠩᠬᠤᠪᠴᠢ ᠨᠡᠭᠡᠭᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠷᠬᠠᠭ ᠡᠪᠡᠳᠴᠢᠨ ᠤ ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠶᠢ ᠴᠠᠭ ᠲᠤᠬᠠᠶ ᠳᠤᠨᠢ ᠳ᠋ᠦᠩᠨᠡᠨ ᠪᠤᠳᠤᠬᠤ ᠶᠢ ᠪᠡᠶᠡᠯᠡᠭᠦᠯᠬᠦ ᠬᠡᠷᠡᠭᠲᠡᠶ᠃ ᠣᠳᠣᠬᠠᠨ ᠪᠣᠯᠲᠠᠯ᠎ᠠ᠂ ᠨᠢᠭᠡᠨᠲᠡ 11289 ᠬᠥᠮᠦᠨ ︵ᠤᠳᠠᠭ᠎ᠠ︶᠎ ᠤ ᠠᠷᠬᠠᠭ  ᠡᠪᠡᠳᠴᠢᠳᠡᠨ ᠤ ᠡᠭᠦᠳᠡᠨ ᠡᠮᠨᠡᠯᠭᠡ ᠶᠢᠨ ᠵᠠᠷᠤᠳᠠᠯ ᠢ 893 ᠲᠦᠮᠡᠨ ᠲᠥᠭᠦᠷᠢᠭ ᠲᠠᠩᠰᠠ ᠳᠡᠶᠢᠯᠵᠦ ᠥᠭᠴᠡᠶ᠃      ᠬᠤᠶᠠᠷ ᠲᠤ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠠᠵᠢᠯ ᠢ ᠰᠠᠶᠢᠲᠤᠷ  ᠬᠢᠪᠡ᠃ ᠤᠨᠳᠤᠤ ᠭᠠᠵᠠᠷ ᠲᠤ ᠡᠮᠨᠡᠭᠦᠯᠦᠭᠡᠳ ᠡᠮᠨᠡᠯᠭᠡ ᠠᠴᠠ ᠭᠠᠷᠤᠭᠰᠠᠨ ᠳᠠᠷᠤᠶ ᠳᠤ ᠨᠢ ᠲᠡᠰᠦᠯᠦᠨ ᠪᠤᠳᠤᠬᠤ ᠶᠢ  ᠲᠡᠯᠭᠡᠷᠡᠬᠦᠯᠪᠡ᠃ ᠣᠲᠣ ᠪᠣᠯᠲᠠᠯ᠎ᠠ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ 1033 ᠬᠥᠮᠦᠨ ︵ᠤᠳᠠᠭ᠎ᠠ ︶ ᠳᠡᠩᠰᠡᠯᠡᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ 940 ᠬᠥᠮᠦᠨ ︵ᠤᠳᠠᠭ᠎ᠠ︶ ᠰᠢᠭᠤᠳ ᠲᠠᠩᠰᠠ ᠎ ᠠᠴᠠ ᠳᠡᠶᠢᠯᠵᠦ᠂ ᠲᠠᠩᠰᠠ ᠲᠠᠶᠢᠯᠤᠭᠰᠠᠨ ᠵᠣᠭᠤᠰ ᠤᠨ ᠲᠤᠭ᠎ᠠ ᠨᠢ 1276 ᠲᠦᠮᠡᠨ ᠲᠥᠭᠦᠷᠢᠭ ᠲᠤ ᠬᠦᠷᠴᠡᠶ᠃      ᠭᠤᠷᠪᠠ ᠳᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠰᠠᠶᠢᠲᠤᠷ ᠬᠢᠪᠡ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠨᠡᠩ ᠰᠠᠶᠢᠨ᠂ ᠨᠡᠩ ᠪᠦᠷᠢᠨ ᠲᠡᠭᠦᠯᠳᠡᠷ ᠬᠡᠷᠡᠭᠵᠢᠭᠦᠯᠬᠦ ᠠᠷᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠤᠰᠬᠠᠶ ᠲᠤᠰᠢᠶᠠᠯ ᠤᠨ ᠠᠵᠢᠯᠲᠠᠨ ᠲᠣᠬᠢᠷᠠᠭᠤᠯᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠠᠵᠢᠯ ᠢ  ᠦᠷᠨᠢᠬᠦᠯᠵᠡᠢ᠃ ᠣᠳᠣᠬᠠᠨ ᠪᠣᠯᠲᠠᠯ᠎ᠠ᠂ ᠨᠡᠶᠢᠲᠡ 1256 ᠬᠥᠮᠦᠨ ︵ᠤᠳᠠᠭ᠎ᠠ︶᠎ ᠤ ᠠᠪᠤᠷᠠᠨ ᠲᠤᠰᠠᠯᠠᠬᠤ ᠡᠮᠴᠢᠯᠡᠭᠡᠨ ᠤ ᠵᠠᠷᠤᠳᠠᠯ 276 ᠲᠦᠮᠡᠨ ᠲᠥᠭᠦᠷᠢᠭ ᠲᠤ ᠬᠦᠷᠴᠡᠶ᠃      ᠳᠥᠷᠪᠡ ᠳᠤ᠂ ᠭᠠᠭᠴᠠ ᠲᠥᠷᠥᠯ ᠤᠨ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠶᠢ ᠰᠠᠶᠢᠲᠤᠷ  ᠬᠢᠪᠡ᠃ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠨᠡᠶᠢᠲᠡ 301 ᠬᠥᠮᠦᠨ ︵ᠤᠳᠠᠭ᠎ᠠ︶᠎ ᠳᠤ ᠲᠠᠩ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠵᠤ 135 . 16 ᠲᠦᠮᠡᠨ ᠲᠥᠭᠦᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠳᠥᠯᠥᠪᠡ᠃      ᠲᠠᠪᠤ ᠳᠤ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠬᠦ ᠠᠵᠢᠯ ᠢ ᠰᠠᠶᠢᠲᠤᠷ  ᠬᠢᠪᠡ᠃ ᠳᠡᠭᠡᠳᠦ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠨ ᠳᠢᠭᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠡᠮᠴᠢᠯᠡᠭᠡ ᠪᠠᠷ ᠠᠪᠤᠷᠠᠨ ᠲᠤᠰᠠᠯᠠᠬᠤ ᠡᠷᠬᠡ ᠶᠢᠨ ᠬᠢᠵᠠᠭᠠᠷ ᠢ ᠰᠢᠶᠠᠩ ᠪᠠᠯᠭᠠᠰᠤ ᠳᠤ ᠪᠠᠭᠤᠯᠭᠠᠵᠤ᠂ ᠰᠠᠭᠤᠭᠠᠯᠢ ᠠᠷᠠᠳ ᠲᠤ ᠨᠠᠩ ᠳᠥᠭᠦᠮ ᠳᠥᠲᠡ ᠦᠢᠯᠡᠴᠢᠯᠡᠭᠡ  ᠬᠠᠩᠭᠠᠵᠠᠢ᠃     ᠵᠢᠷᠭᠤᠭ᠎ᠠ ᠳᠤ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠺᠣᠳ᠋ᠯᠠᠯ ᠢ ᠰᠠᠶᠢᠲᠤᠷ  ᠬᠢᠪᠡ᠃ ᠱᠠᠭᠠᠷᠳᠠᠯᠭ᠎ᠠ ᠶᠣᠰᠣᠭᠠᠷ 15  ᠵᠦᠢᠯ ᠤᠨ ᠮᠡᠳᠡᠭᠡ ᠵᠠᠩᠭᠢ ᠶᠢ ᠨᠣᠮᠧᠷᠯᠠᠬᠤ ᠪᠠᠷᠢᠮᠵᠢᠶ᠎ᠠ ᠶᠢᠨ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠴᠠᠭ ᠲᠤᠬᠠᠶ ᠳᠤᠨᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠭᠡᠬᠦ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠬᠠᠮᠢᠶᠠᠷᠬᠤ ᠳᠤ ᠲᠤᠭ᠎ᠠ ᠪᠠᠷᠢᠮᠲᠠ ᠶᠢᠨ ᠰᠠᠭᠤᠷᠢ ᠶᠢ ᠬᠠᠩᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃     ᠳᠣᠯᠤᠭ᠎ᠠ ᠳᠤ᠂ ᠡᠮ ᠤᠨ ᠵᠦᠢᠯᠡᠰ ᠪᠠ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠶᠢ ᠰᠠᠶᠢᠲᠤᠷ  ᠬᠢᠪᠡ᠃ 4 + 7᠎ ᠶᠢᠨ ᠬᠡᠪᠴᠢᠶ᠎ᠡ ᠪᠠᠨ ᠥᠷᠭᠡᠳᠬᠡᠨ ᠬᠤᠳᠠᠯᠳᠤᠨ ᠠᠪᠬᠤ ᠳᠤ ᠮᠡᠳᠡᠭᠦᠯᠦᠭᠰᠡᠨ ᠬᠡᠮᠵᠢᠶ᠎ᠡ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ 13 ᠴᠢᠭ ᠲᠣᠭᠲᠠᠭᠰᠠᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠦᠯᠵᠢᠶᠡᠨ ᠳᠡᠭᠡᠷ᠎ᠡ ᠵᠥᠪᠯᠡᠯᠴᠡᠭᠡᠷ ᠲᠣᠭᠲᠠᠬᠤ ᠪᠠ ᠬᠤᠳᠠᠯᠳᠤᠨ ᠠᠪᠬᠤ ᠠᠵᠢᠯ ᠵᠢᠴᠢ ᠬᠤᠶᠠᠳᠤᠭᠠᠷ ᠪᠦᠯᠦᠭ ᠤᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠵᠥᠪᠯᠡᠯᠴᠡᠭᠡᠷ ᠲᠣᠭᠲᠠᠬᠤ ᠠᠵᠢᠯ ᠢ ᠪᠡᠶᠡᠯᠡᠬᠦᠯᠪᠡ᠃ ᠡᠮ ᠤᠨ ᠵᠦᠢᠯ ᠤᠨ ᠭᠠᠷᠴᠠᠭ ᠢ ᠰᠣᠯᠢᠬᠤ᠂ ᠬᠤᠶᠠᠳᠤᠭᠠᠷ ᠪᠦᠯᠦᠭ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠰᠣᠯᠢᠬᠤ ᠠᠵᠢᠯ ᠢ ᠴᠠᠭ ᠲᠤᠬᠠᠶ ᠳᠤᠨᠢ ᠪᠡᠶ᠋ᠯᠡᠬᠦᠯᠪᠡ᠃     ᠨᠠᠢᠮᠠ ᠳᠤ᠂  ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠶᠢ ᠰᠠᠶᠢᠲᠤᠷ ᠬᠢᠪᠡ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠴᠦ᠂ ᠭᠤᠷᠪᠠᠨ ᠡᠮᠨᠡᠯᠭᠡ ᠶᠢᠨ ᠬᠤᠯᠪᠣᠭᠠᠯᠠᠨ ᠬᠥᠭᠵᠢᠬᠦ ᠶᠢ ᠪᠦᠲᠦᠮᠵᠢᠲᠡᠶ ᠠᠬᠢᠭᠤᠯᠤᠨ᠎ᠠ᠃     ᠶᠢᠰᠦ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠪᠠᠲᠤᠯᠠᠭ᠎ᠠ ᠶᠢ ᠰᠠᠶᠢᠲᠤᠷ  ᠬᠢᠨ᠎ᠡ᠃ ᠤᠷᠢᠳᠴᠢᠯᠠᠨ ᠠᠷᠭ᠎ᠠ ᠰᠦᠪᠡᠭᠴᠢᠯᠡᠨ ᠪᠠᠶᠢᠷᠢᠯᠠᠭᠤᠯᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ 300 ᠲᠦᠮᠡᠨ ᠲᠥᠭᠦᠷᠢᠭ ᠢ ᠤᠷᠢᠳᠴᠢᠯᠠᠨ ᠲᠤᠰᠢᠶᠠᠵᠤ᠂ ᠨᠢᠭᠡᠨᠲᠡ ᠬᠢᠨᠠᠨ ᠬᠠᠷᠭᠤᠭᠤᠯᠵᠤ ᠪᠠᠲᠤᠯᠠᠭᠰᠠᠨ 5500 ᠭᠠᠷᠤᠶ ᠲᠦᠮᠡᠨ ᠲᠥᠭᠦᠷᠢᠭ ᠤᠨ ᠥᠭᠬᠦ ᠶᠣᠰᠣᠲᠠᠶ ᠪᠣᠯᠪᠠᠴᠤ ᠳᠥᠯᠥᠭᠡᠳᠦᠶ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠥᠯᠥᠵᠦ᠂ ᠡᠯ᠎ᠡ ᠲᠣᠭᠲᠠᠭᠰᠠᠨ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠵᠤ᠂ ᠳᠠᠭᠠᠳᠬᠠᠯ ᠳᠤ ᠣᠷᠣᠯᠴᠠᠭᠰᠠᠳ ᠲᠤ ᠬᠦᠴᠦᠲᠡᠶ ᠡᠮ ᠡᠮᠨᠡᠯᠭᠡ ᠶᠢᠨ ᠪᠠᠲᠤᠯᠠᠭ᠎ᠠ ᠬᠠᠩᠭᠠᠪᠠ᠃     ᠠᠷᠪᠠ ᠳᠤ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠱᠠᠲᠤᠴᠢ ᠴᠢᠨᠠᠷᠲᠠᠶ ᠪᠠᠷ ᠬᠠᠰᠤᠵᠤ ᠲᠠᠲᠠᠪᠤᠷᠢᠯᠠᠬᠤ ᠶᠢ ᠰᠠᠶᠢᠲᠤᠷ ᠬᠢᠪᠡ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ 1000 ᠭᠠᠷᠤᠢ ᠠᠵᠤ ᠠᠬᠤᠶᠢᠯᠠᠯ ᠠᠴᠠ 26 ᠰᠠᠷ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ 1761 ᠲᠦᠮᠡᠨ ᠲᠥᠭᠦᠷᠢᠭ ᠬᠥᠩᠭᠡᠯᠡᠨ ᠲᠠᠲᠠᠪᠤᠷᠢᠯᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号