ᠡᠵᠡᠨ ᠬᠤᠷᠤᠭ᠎ᠠ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠠᠢ
ᠨᠡᠶᠢᠲᠡᠯᠡᠭᠰᠡᠨ ᠴᠠᠭ᠄
2021/12/15
     ᠡᠵᠡᠨ ᠬᠤᠷᠤᠭ᠎ᠠ ᠬᠤᠰᠢᠭᠤ ᠦᠨᠳᠦᠰᠦᠲᠡᠨ ᠤ ᠠᠵᠢᠯ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠢᠴᠢ ᠠᠵᠤ  ᠦᠢᠯᠡᠰ ᠤᠨ ᠲᠠᠰ ᠳᠠᠪᠰᠢᠯᠲᠠ ᠲᠠᠢ ᠤᠶᠠᠯᠳᠤᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠯᠠᠨ ᠲᠦᠮᠡᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃      ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠬᠤᠯᠪᠣᠭᠳᠠᠯ ᠪᠥᠬᠦᠶ ᠬᠡᠷᠡᠭᠵᠢᠭᠦᠯᠬᠦ ᠰᠠᠨᠠᠯ ᠶᠣᠰᠣᠭᠠᠷ᠂ ᠠᠵᠤ ᠦᠢᠯᠡᠰ ᠤᠨ ᠦᠢᠯᠡᠳᠦᠯ ᠢ ᠳᠣᠪᠤᠶᠢᠯᠭᠠᠨ᠎ᠠ᠃ ᠣᠳᠣᠬᠠᠨ ᠪᠣᠯᠲᠠᠯ᠎ᠠ᠂ ᠡᠯ᠎ᠡ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ 300 ᠲᠦᠮᠡᠨ ᠲᠥᠭᠦᠷᠢᠭ ᠭᠤᠶᠤᠴᠢᠯᠠᠵᠤ᠂ 4 ᠴᠥᠭᠡᠨ ᠲᠣᠭᠠᠲᠤ ᠦᠨᠳᠦᠰᠦᠲᠡᠨ ᠤ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠨ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠦᠨᠡᠨᠬᠦ ᠬᠠᠪᠰᠤᠷᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ ᠰᠠᠭᠤᠷᠢ ᠨᠥᠬᠦᠴᠡᠯ ᠢ ᠨᠢ ᠰᠠᠶᠢᠵᠢᠷᠠᠭᠤᠯᠤᠨ᠂ ᠦᠨᠳᠦᠰᠦᠲᠡᠨ ᠤ ᠣᠨᠴᠠᠯᠢᠭ ᠪᠦᠬᠦᠢ ᠳᠠᠪᠠᠭᠤᠯᠢᠭ ᠠᠵᠤ  ᠦᠢᠯᠡᠰ ᠢ ᠬᠥᠭᠵᠢᠭᠦᠯᠦᠨ᠎ᠡ᠃      ᠬᠤᠶᠠᠷ ᠲᠤ᠂ ᠬᠤᠰᠢᠭᠤᠨ ᠤ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠢᠯ ᠢ ᠲᠣᠬᠢᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ  ᠬᠡᠷᠡᠭᠯᠡᠪᠡ᠃      ᠭᠤᠷᠪᠠ ᠳᠤ᠂ ᠴᠥᠭᠡᠨ ᠲᠣᠭᠠᠲᠤ ᠦᠨᠳᠦᠰᠦᠲᠡᠨ ᠤ ᠪᠠᠭ᠎ᠠ ᠬᠡᠯᠪᠡᠷᠢ ᠶᠢᠨ ᠡᠵᠡᠩᠨᠡᠯᠲᠡ ᠶᠢᠨ ᠴᠢᠨᠠᠷᠲᠠᠢ ᠳᠠᠮ ᠬᠦᠦ ᠲᠠᠢ ᠵᠢᠭᠡᠯᠡᠯᠭᠡ ᠲᠠᠯᠪᠢᠪᠠ᠃      ᠳᠥᠷᠪᠡ ᠳᠤ᠂ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠵᠢᠷᠭᠤᠭᠠᠨ ᠮᠣᠩᠭᠤᠯ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠪᠦᠬᠦ ᠵᠢᠯ ᠳᠤ ᠮᠣᠩᠭᠤᠯ ᠦᠨᠳᠦᠰᠦᠲᠡᠨ ᠤ 80 ᠣᠶᠤᠲᠠᠨ ᠳᠤ ᠤᠶᠤᠲᠠᠳ ᠤᠨ ᠨᠥᠬᠦᠪᠥᠷᠢ ᠮᠥᠩᠭᠦ ᠣᠯᠭᠤᠪᠠ᠃      ᠲᠠᠪᠤ ᠳᠤ᠂ ᠮᠣᠩᠭᠤᠯ ᠡᠮ ᠡᠮᠨᠡᠯᠭᠡ ᠶᠢᠨ ᠦᠢᠯᠡᠰ ᠢ ᠲᠦᠷᠭᠡᠳᠬᠡᠨ ᠬᠦᠭᠵᠢᠬᠦᠯᠪᠡ᠃ 50 ᠲᠦᠮᠡᠨ ᠲᠥᠭᠦᠷᠢᠭ ᠤᠨ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠭᠠᠷᠭᠠᠵᠤ᠂ ᠮᠣᠩᠭᠤᠯ ᠡᠮ ᠡᠮᠨᠡᠯᠭᠡ ᠶᠢᠨ ᠦᠢᠯᠡᠰ ᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠡᠩᠨᠡᠭᠡᠨ ᠤ ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠡᠭᠡᠭᠰᠢᠯᠡᠬᠦᠯᠪᠡ᠃      ᠵᠢᠷᠭᠤᠭ᠎ᠠ ᠳᠤ᠂ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠢ ᠬᠥᠮᠦᠵᠢᠭᠦᠯᠬᠦ ᠪᠠ ᠠᠵᠢᠯ ᠣᠯᠭᠤᠬᠤ ᠶᠢ ᠴᠢᠩᠭᠠᠳᠬᠠᠪᠠ᠃ ᠴᠥᠭᠡᠨ ᠲᠣᠭᠠᠲᠤ ᠦᠨᠳᠦᠰᠦᠲᠡᠨ ᠤ ᠡᠯ᠎ᠡ ᠲᠥᠷᠥᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠩᠭᠢ ᠶᠢ ᠥᠷᠨᠢᠭᠦᠯᠦᠨ᠂ ᠴᠥᠭᠡᠨ ᠲᠣᠭᠠᠲᠤ ᠦᠨᠳᠦᠰᠦᠲᠡᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠲᠠᠰᠤᠷᠠᠯᠲᠠ ᠥᠬᠡᠶ ᠲᠡᠭᠡᠭᠰᠢᠯᠡᠬᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号