| ᠣᠶᠢᠷ᠎ᠠ ᠶᠢᠨ ᠵᠢᠯ ᠠᠴᠠ ᠨᠠᠭᠠᠰᠢ᠂ ᠡᠵᠡᠨ ᠬᠤᠷᠤᠭ᠎ᠠ ᠬᠤᠰᠢᠭᠤᠨ ᠤ ᠰᠣᠶᠣᠯ ᠵᠢᠭᠤᠯᠴᠢᠯᠠᠯ ᠤᠨ ᠪᠦᠯᠦᠭᠯᠡᠯ | ︽ᠦᠨᠳᠦᠰᠦ ᠠᠴᠠ ᠨᠢ ᠥᠭᠡᠷᠡᠴᠢᠯᠡᠨ᠂ ᠲᠦᠷᠢᠮ ᠢ ᠡᠪᠳᠡᠵᠦ᠂ ᠵᠠᠰᠠᠯᠲᠠ ᠶᠢ ᠳᠡᠭᠡᠭᠰᠢᠯᠡᠭᠦᠯᠬᠦ︾ ᠡᠨᠡ ᠬᠦ | ᠦᠨᠳᠦᠰᠦᠨ ᠱᠠᠭᠠᠷᠳᠠᠯᠭ᠎ᠠ ᠶᠢᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠬᠦᠴᠦ ᠪᠠᠨ ᠬᠠᠮᠲᠤᠳᠬᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠥᠮᠴᠢᠯᠡᠯᠲᠦ ᠠᠵᠤ | ᠠᠬᠤᠶ ᠶᠢᠨ ᠪᠦᠬᠦᠯᠢ ᠴᠣᠭᠴᠠ ᠶᠢᠨ ᠬᠥᠭᠵᠢᠯᠲᠡ ᠲᠣᠭᠲᠠᠭᠤᠨ ᠪᠠᠶᠢᠵᠤ᠂ ᠶᠠᠰᠤ ᠴᠢᠨᠠᠷ ᠦᠷ᠎ᠡ ᠠᠰᠢᠭ | ᠳᠡᠭᠡᠭᠰᠢᠯᠡᠬᠦ ᠶᠢ ᠴᠢᠷᠮᠠᠶᠢᠨ ᠪᠡᠶᠡᠯᠡᠭᠦᠯᠪᠡ᠃ | ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ︵ᠨᠢᠭᠡ︶ ᠪᠦᠯᠦᠭᠯᠡᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ | ᠲᠡᠭᠦᠯᠳᠡᠷᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠺᠣᠮᠫᠠᠨᠢ ᠶᠢᠨ ᠵᠠᠰᠠᠯᠲᠠ ᠶᠢᠨ ᠶᠠᠪᠤᠴᠠ ᠳᠤ ᠭᠦᠨᠵᠡᠭᠡᠶ | ᠠᠭᠤᠰᠤᠯᠴᠠᠭᠤᠯᠵᠤ᠂ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠴᠢᠬᠤᠯᠠ ᠶᠡᠭᠡ ᠵᠦᠢᠯᠡᠰ ᠢ | ᠨᠠᠮ ᠤᠨ ᠡᠭᠦᠷ ᠤᠨ ᠭᠡᠰᠢᠭᠦᠳ ᠤᠨ ᠬᠤᠷᠠᠯ ᠠᠴᠠ ᠡᠮᠦᠨ᠎ᠡ ᠶᠠᠷᠢᠯᠴᠠᠬᠤ ᠲᠠᠰ ᠳᠠᠷᠠᠭᠠᠯᠠᠯ ᠢ ᠪᠥᠬᠦ ᠲᠠᠯ᠎ᠠ ᠪᠠᠷ | ᠴᠢᠩᠭᠠᠳᠬᠠᠵᠤ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ | ᠭᠤᠤᠯᠯᠠᠭᠴᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ︵ᠬᠤᠶᠠᠷ ︶ ᠪᠦᠯᠦᠭᠯᠡᠯ ᠤᠨ ᠳᠣᠲᠣᠭᠠᠳᠤ ᠶᠢᠨ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠺᠣᠮᠫᠠᠨᠢ ᠶᠢᠨ ᠠᠮᠢᠳᠤᠯᠢᠭ ᠬᠦᠴᠦᠨ ᠢ | ᠬᠥᠭᠵᠢᠭᠡᠨ᠎ᠡ᠃ ᠪᠦᠯᠦᠭᠯᠡᠯ ᠬᠢᠭᠡᠳ ᠬᠤᠪᠢᠶᠠᠷᠢ ᠺᠣᠮᠫᠠᠨᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠤᠨ ᠡᠷᠬᠡ | ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠢᠯᠭᠠᠷᠠᠭᠤᠯᠵᠤ᠂ ᠪᠦᠯᠦᠭᠯᠡᠯ ᠺᠣᠮᠫᠠᠨᠢ ᠶᠢᠨ ︽ | ᠶᠡᠷᠦᠩᠬᠡᠶᠢᠯᠡᠭᠰᠡᠨ ᠬᠠᠮᠢᠶᠠᠷᠤᠯᠲᠠ︾ ᠬᠢᠭᠡᠳ ᠬᠤᠪᠢᠶᠠᠷᠢ ᠺᠣᠮᠫᠠᠨᠢ ᠶᠢᠨ ︽ᠲᠤᠰᠬᠠᠶ ᠡᠵᠡᠩᠨᠡᠯᠲᠡ︾ ᠶᠢ ᠬᠠᠷᠢᠯᠴᠠᠨ | ᠰᠠᠯᠭᠠᠬᠤ ᠶᠢ ᠲᠦᠯᠬᠢᠨ ᠠᠬᠢᠭᠤᠯᠵᠤ᠂ ᠭᠤᠣᠯ ᠦᠢᠯᠡᠰ ᠨᠢ ᠲᠣᠪᠤᠶᠢᠮ᠎ᠠ᠂ ᠲᠤᠬᠠᠶᠢᠯᠠᠭᠰᠠᠨ ᠠᠵᠢᠯ ᠨᠢ ᠲᠣᠳᠣᠷᠬᠠᠶ᠂ | ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠶ ᠪᠦᠯᠦᠭᠯᠡᠯᠵᠢᠭᠰᠡᠨ ᠬᠠᠮᠢᠶᠠᠷᠤᠨ ᠡᠵᠡᠮᠳᠡᠬᠦ ᠪᠠᠶᠢᠷᠢᠰᠢᠯ ᠢ ᠪᠣᠶ ᠪᠤᠯᠭᠠᠪᠠ | ᠃ ᠪᠦᠯᠦᠭᠯᠡᠯ ᠤᠨ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢ ᠴᠢᠨᠠᠭᠰᠢᠳᠠ ᠰᠢᠯᠢᠳᠡᠭᠵᠢᠭᠦᠯᠵᠦ᠂ ᠬᠤᠪᠢᠶᠠᠷᠢ | ᠺᠣᠮᠫᠠᠨᠢ ᠶᠢᠨ ᠬᠥᠮᠦᠨ᠂ ᠶᠠᠪᠤᠳᠠᠯ᠂ ᠡᠷᠬᠡ ᠶᠢ ᠴᠢᠨᠠᠭᠰᠢᠳᠠ ᠳᠣᠷᠣᠭᠰᠢ ᠪᠠᠭᠤᠯᠭᠠᠵᠤ᠂ ᠪᠦᠯᠦᠭᠯᠡᠯ ᠤᠨ | ᠠᠮᠢᠵᠢᠷᠠᠯ ᠤᠨ ᠬᠦᠴᠦᠨ᠂ ᠪᠦᠲᠦᠭᠡᠯᠴᠢ ᠬᠦᠴᠦᠨ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ | ᠪᠦᠲᠦᠮᠵᠢᠲᠡᠢ ᠬᠥᠭᠵᠢᠭᠡᠪᠡ᠃ ︵ᠭᠤᠷᠪᠠ ︶ ᠺᠣᠮᠫᠠᠨᠢ ᠶᠢᠨ ᠰᠢᠨᠵᠢᠯᠡᠬᠦ ᠤᠬᠠᠭᠠᠨᠴᠢ ᠪᠠᠷ ᠵᠠᠰᠠᠬᠤ ᠪᠦᠲᠦᠴᠡ ᠶᠢ | ᠢᠳᠡᠪᠬᠢᠲᠡᠢ ᠪᠠᠶᠢᠭᠤᠯᠤᠨ᠎ᠠ᠃ ᠪᠦᠯᠦᠭᠯᠡᠯ ᠨᠢ ᠬᠡᠷᠡᠭ ᠮᠡᠳᠡᠭᠴᠢᠳ ᠤᠨ ᠵᠥᠪᠯᠡᠯ᠂ ᠬᠢᠨᠠᠯᠲᠠ ᠲᠠᠯᠪᠢᠭᠴᠢ ᠶᠢᠨ | ᠵᠥᠪᠯᠡᠯ᠂ ᠳᠠᠭᠠᠭᠠᠮᠠᠯ ᠤᠨ ᠳᠠᠪᠬᠤᠷᠭ᠎ᠠ ᠶᠢᠨ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠬᠦ᠂ ᠠᠵᠢᠯᠯᠠᠭᠠᠨ | ᠵᠣᠬᠢᠴᠠᠩᠭᠤᠶ ᠪᠠᠶᠢᠬᠤ᠂ ᠪᠦᠲᠦᠮᠵᠢᠲᠡᠶ ᠬᠠᠷᠢᠯᠴᠠᠨ ᠬᠢᠵᠠᠭᠠᠷᠯᠠᠬᠤ ᠺᠣᠮᠫᠠᠨᠢ ᠶᠢᠨ ᠬᠠᠤᠯᠢ ᠶᠢᠨ ᠡᠷᠬᠡᠲᠡᠨ ᠤ | ᠵᠠᠰᠠᠯᠲᠠ ᠶᠢᠨ ᠪᠦᠲᠦᠴᠡ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠨᠠᠮ ᠤᠨ ᠡᠭᠦᠷ ᠤᠨ ᠤᠯᠤᠰ ᠲᠥᠷᠥ ᠶᠢᠨ | ᠭᠤᠤᠯᠯᠠᠭᠴᠢ ᠶᠢᠨ ᠦᠢᠯᠡᠳᠦᠯ᠂ ᠬᠡᠷᠡᠭ ᠮᠡᠳᠡᠭᠴᠢᠳ ᠤᠨ ᠵᠥᠪᠯᠡᠯ ᠤᠨ ᠰᠢᠢᠳᠪᠦᠷᠢᠳᠦ ᠪᠣᠳᠣᠯᠭ᠎ᠠ ᠲᠣᠭᠲᠠᠭᠠᠬᠤ | ᠦᠢᠯᠡᠳᠦᠯ᠂ ᠬᠢᠨᠠᠯᠲᠠ ᠲᠠᠯᠪᠢᠭᠴᠢ ᠶᠢᠨ ᠵᠥᠪᠯᠡᠯ ᠤᠨ ᠬᠢᠨᠠᠯᠲᠠ ᠲᠠᠯᠪᠢᠬᠤ ᠦᠢᠯᠡᠳᠦᠯ᠂ ᠳᠠᠭᠠᠭᠠᠮᠠᠯ ᠤᠨ | ᠳᠠᠪᠬᠤᠷᠭ᠎ᠠ ᠶᠢᠨ ᠡᠵᠡᠩᠨᠡᠯᠲᠡ ᠬᠠᠮᠢᠶᠠᠷᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠡᠷᠡᠭ | ᠮᠡᠳᠡᠭᠴᠢᠳ ᠤᠨ ᠵᠥᠪᠯᠡᠯ᠂ ᠬᠢᠨᠠᠯᠲᠠ ᠲᠠᠯᠪᠢᠭᠴᠢ ᠶᠢᠨ ᠵᠥᠪᠯᠡᠯ᠂ ᠳᠠᠭᠠᠭᠠᠮᠠᠯ ᠤᠨ ᠳᠠᠪᠬᠤᠷᠭ᠎ᠠ ᠶᠢᠨ ᠬᠡᠷᠡᠭ ᠵᠥᠪᠯᠡᠬᠦ | ᠲᠦᠷᠢᠮ ᠪᠣᠯᠤᠨ ᠬᠡᠷᠡᠭ ᠡᠷᠭᠢᠯᠡᠬᠦ ᠲᠠᠰ ᠳᠠᠷᠠᠭᠠᠯᠠᠯ ᠢ ᠭᠤᠤᠯᠳᠠᠯᠭ᠎ᠠ ᠲᠠᠢ ᠵᠢᠷᠤᠮᠵᠢᠭᠤᠯᠵᠤ᠂ ᠬᠠᠤᠯᠢ ᠶᠢᠨ | ᠡᠷᠬᠡᠲᠡᠨ ᠤ ᠵᠠᠰᠠᠯᠲᠠ ᠶᠢᠨ ᠪᠦᠲᠦᠴᠡ ᠶᠢᠨ ᠠᠵᠢᠯᠯᠠᠭᠠᠨ ᠢ ᠳᠦᠷᠢᠮᠵᠢᠭᠦᠯᠵᠦ᠂ ᠪᠣᠳᠠᠲᠠᠶᠢᠵᠢᠭᠤᠯᠵᠤ᠂ | ᠴᠤᠪᠤᠷᠠᠯᠵᠢᠭᠤᠯᠪᠠ᠃ | ᠬᠤᠶᠠᠷ᠂ ᠠᠵᠤ ᠦᠢᠯᠡᠰ ᠤᠨ ᠪᠠᠶᠢᠷᠢᠰᠢᠯ ᠢ ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠳᠤ ᠬᠦᠴᠦ ᠨᠡᠮᠡᠷᠢᠯᠡᠨ᠎ᠡ᠃ | ︵ ᠨᠢᠭᠡ ︶ ᠤᠯᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠡᠵᠡᠩᠨᠡᠯᠲᠡ ᠶᠢᠨ ᠡᠷᠬᠡ ᠶᠢ ᠪᠦᠬᠦ | ᠲᠠᠯ᠎ᠠ ᠪᠠᠷ ᠬᠦᠯᠢᠶᠡᠨ ᠠᠪᠴᠤ᠂ ᠤᠯᠠᠭᠠᠨᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠵᠢᠭᠤᠯᠴᠢᠯᠠᠯ ᠤᠨ ᠣᠷᠣᠨ ᠢ | ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠡᠭᠦᠷᠭᠡ ᠪᠣᠯᠭᠠᠨ ᠪᠦᠬᠦ ᠬᠦᠴᠦᠨ ᠢᠶᠠᠷ ᠠᠳᠬᠤᠨ᠎ᠠ᠃ ᠤᠷᠢᠳ | ᠬᠤᠵᠢᠳ 400 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠦᠵᠡᠮᠵᠢ ᠶᠢᠨ ᠣᠷᠣᠨ ᠤ ᠳᠣᠲᠣᠷᠠᠬᠢ ᠰᠢᠷᠠᠵᠤ | ᠬᠠᠭᠰᠠᠭᠠᠬᠤ ᠣᠷᠣᠨ᠂ ᠡᠯᠡᠰᠦᠨ ᠲᠠᠩ ᠤᠨ ᠣᠷᠣᠨ᠂ ᠬᠤᠳᠠᠯᠳᠤᠭᠠᠨ ᠤ ᠣᠷᠣᠨ᠂ ᠵᠢᠭᠠᠰᠤ ᠭᠥᠬᠢᠳᠡᠬᠦ ᠣᠷᠣᠨ ᠤ | ᠥᠭᠡᠷᠡᠴᠢᠯᠡᠯᠲᠡ ᠪᠠ ᠳᠡᠭᠡᠭᠰᠢᠯᠡᠯᠲᠡ ᠶᠢ ᠪᠡᠶᠡᠯᠡᠭᠦᠯᠪᠡ︔ ︵ᠬᠤᠶᠠᠷ ︶ ᠤᠯᠤᠰ ᠤᠨ ᠥᠮᠴᠢᠯᠡᠯ ᠤᠨ ᠪᠦᠷᠢᠨ | ᠪᠡᠯᠡᠳᠤ ᠬᠤᠪᠢᠶᠠᠷᠢ ᠺᠣᠮᠫᠠᠨᠢ ᠶᠢᠨ ᠼᠦᠢ ᠬᠤᠢ ᠪᠣᠯᠪᠠᠰᠤᠷᠠᠯ ᠤᠨ ᠺᠣᠮᠫᠠᠨᠢ ᠶᠢ ᠪᠠᠶᠢᠭᠤᠯᠵᠤ᠂ ᠡᠯ᠎ᠡ ᠲᠦᠷᠦᠯ ᠤᠨ | ᠵᠠᠰᠠᠭ ᠵᠠᠬᠢᠷᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠤᠪᠢᠰᠬᠠᠯ ᠤᠨ ᠬᠥᠮᠦᠵᠢᠯ᠂ | ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ᠂ ᠲᠤᠰᠬᠠᠢ ᠰᠡᠳᠦᠪᠲᠦ ᠪᠣᠯᠪᠠᠰᠤᠷᠠᠯ ᠵᠡᠷᠭᠡ ᠲᠤᠬᠠᠶᠢᠯᠠᠭᠰᠠᠨ ᠠᠵᠢᠯ ᠢ | ᠥᠷᠭᠡᠳᠬᠡᠨ᠎ᠡ︔ ︵ᠭᠤᠷᠪᠠ ︶ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠳᠤ ᠠᠰᠢᠭᠲᠠᠶ | ᠰᠥᠪᠡᠭᠴᠢᠯᠡᠯᠲᠡ ᠬᠢᠵᠦ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠢ ᠸᠧᠨ ᠵᠠᠷ ᠮᠡᠳᠡᠭᠡᠨ ᠤ ᠺᠣᠮᠫᠠᠨᠢ | ᠪᠠᠶᠢᠭᠤᠯᠵᠤ᠂ ᠵᠠᠷ ᠮᠡᠳᠡᠭᠡ ᠳᠠᠷᠤᠮᠠᠯᠯᠠᠬᠤ ᠵᠡᠷᠭᠡ ᠲᠤᠬᠠᠶᠢᠯᠠᠭᠰᠠᠨ ᠠᠵᠢᠯ ᠢ ᠨᠡᠭᠡᠭᠡᠪᠡ︔ | ︵ᠳᠥᠷᠪᠡ ︶ ᠤᠯᠤᠰ ᠤᠨ ᠲᠠᠰ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠪᠥᠬᠦ ᠬᠤᠰᠢᠭᠤᠨ ᠤ ᠠᠩᠬᠠᠳᠠᠭᠴᠢ ᠲᠠᠷᠢᠶᠠᠯᠠᠩ᠂ ᠰᠤᠷᠭᠠᠨ ᠬᠥᠮᠦᠵᠢᠯ | ᠂ ᠰᠠᠭᠤᠷᠢᠨ ᠭᠠᠵᠠᠷ ᠤᠨ ︽ᠭᠤᠷᠪᠠ ᠶᠢ ᠨᠢᠭᠡ ᠴᠣᠭᠴᠠᠵᠢᠭᠤᠯᠬᠤ︾ ᠪᠠᠷ ᠶᠡᠷᠦᠩᠬᠡᠶ ᠪᠠᠶᠢᠷᠢ ᠲᠣᠭᠲᠠᠭᠠᠯᠲᠠ | ᠪᠣᠯᠭᠠᠵᠤ᠂ ᠪᠠᠶᠢᠭᠠᠯᠢ ᠪᠠᠷ ᠭᠤᠤᠯ ᠪᠣᠯᠭᠠᠭᠰᠠᠨ᠂ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠬᠢᠭᠡᠳ | ᠦᠢᠯᠡᠳᠦᠯᠭᠡ ᠶᠢᠨ ᠣᠶᠢᠯᠠᠭᠠᠯᠲᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠲᠤᠰᠬᠠᠶ | ᠰᠤᠳᠤᠯᠤᠨ ᠰᠤᠷᠤᠯᠴᠠᠬᠤ ᠰᠠᠭᠤᠷᠢᠨ ᠭᠠᠵᠠᠷ ᠢ ᠪᠠᠶᠢᠭᠤᠯᠪᠠ᠃ ᠪᠦᠯᠦᠭᠯᠡᠯ ᠤᠨ ᠲᠤᠬᠠᠶᠢᠯᠠᠭᠰᠠᠨ ᠠᠵᠢᠯ ᠪᠦᠬᠦ | ᠲᠠᠯ᠎ᠠ ᠪᠠᠷ ᠥᠷᠭᠡᠵᠢᠵᠦ᠂ ᠰᠢᠨ᠎ᠡ ᠥᠷᠭᠡᠳᠬᠡᠯ ᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ᠃ | ᠭᠤᠷᠪᠠ᠂ ᠬᠠᠮᠢᠶᠠᠷᠤᠯᠲᠠ ᠤᠷᠮᠠᠰᠢᠭᠤᠯᠤᠯ ᠢ ᠴᠢᠩᠭᠠᠳᠬᠠᠨ᠂ ᠤᠯᠤᠰ ᠤᠨ ᠥᠮᠴᠢᠯᠡᠯᠳᠤ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠨᠢᠭᠡ ︶ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠎ᠡ᠃ | ᠪᠦᠯᠦᠭᠯᠡᠯ ᠨᠢ ᠳᠦᠷᠢᠮ ᠢ ᠲᠡᠭᠦᠯᠳᠡᠷᠵᠢᠭᠦᠯᠬᠦ ᠪᠠ ᠲᠣᠭᠲᠠᠴᠠ ᠶᠢᠨ ᠰᠢᠨ᠎ᠡ ᠶᠢ ᠡᠭᠦᠳᠬᠦ ᠳᠤ ᠰᠠᠭᠤᠷᠢᠯᠠᠨ᠂ ᠬᠢᠨᠠᠨ | ᠬᠠᠮᠢᠶᠠᠷᠬᠤ ᠠᠷᠭ᠎ᠠ ᠪᠠᠷᠢᠯ ᠪᠠ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠠᠮ ᠤᠨ | ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ᠂ ᠦᠵᠡᠯ ᠤᠬᠠᠮᠰᠠᠷ ᠤᠨ | ᠬᠡᠯᠪᠡᠷᠢ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠤᠷᠢᠳ ᠬᠤᠵᠢᠳ ︽ᠠᠵᠢᠯᠲᠠᠨ ᠤ | ᠶᠠᠪᠤᠳᠠᠯ ᠤᠨ ᠬᠠᠮᠢᠶᠠᠷᠤᠯᠲᠠ ᠶᠢᠨ ᠳᠦᠷᠢᠮ ︵ᠲᠤᠷᠰᠢᠨ ᠬᠡᠷᠡᠭᠵᠢᠭᠦᠯᠬᠦ︶︾᠂ ︽ᠬᠤᠷᠠᠯ ᠤᠨ ᠳᠦᠷᠢᠮ︾ ᠵᠡᠷᠭᠡ | ᠨᠠᠢᠮᠠᠨ ᠶᠡᠭᠡ ᠲᠥᠷᠥᠯ ᠤᠨ 22 ᠵᠦᠢᠯ ᠤᠨ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠳᠦᠷᠢᠮ ᠤᠨ ᠬᠡᠷᠡᠭᠵᠢᠭᠦᠯᠬᠦ ᠬᠦᠴᠦᠨ᠂ ᠬᠢᠵᠠᠭᠠᠷᠯᠠᠬᠤ ᠬᠦᠴᠦᠨ ᠢ ᠦᠨᠡᠨ ᠬᠦ ᠴᠢᠩᠭᠠᠳᠬᠠᠵᠤ᠂ ᠬᠢᠨᠠᠯᠲᠠ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠪᠡ︔ ︵ᠬᠤᠶᠠᠷ ︶ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠠᠮᠢᠶᠠᠷᠤᠯᠲᠠ ᠶᠢ | ᠢᠳᠡᠪᠬᠢᠲᠡᠶ ᠪᠠᠷ ᠶᠠᠪᠤᠭᠤᠯᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠦᠲᠦᠮᠵᠢᠲᠡᠶ ᠤᠷᠮᠠᠰᠢᠭᠤᠯᠵᠤ ᠬᠢᠵᠠᠭᠠᠷᠯᠠᠬᠤ | ᠲᠣᠭᠲᠠᠴᠠ ᠶᠢ ᠪᠠᠶᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠪᠣᠯᠤᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠠᠵᠢᠯᠲᠠᠨ ᠤ ᠢᠳᠡᠪᠬᠢᠵᠢᠯ ᠢ ᠬᠥᠭᠵᠢᠭᠡᠬᠦ ᠶᠢᠨ ᠲᠥᠯᠥᠭᠡ᠂ ᠡᠵᠡᠩᠨᠡᠯᠲᠡ ᠶᠢᠨ ᠬᠦᠢᠴᠡᠳᠭᠡᠯ ᠲᠤᠭ᠎ᠠ ᠶᠢᠨ ᠠᠵᠢᠯ ᠤᠨ | ᠠᠮᠵᠢᠯᠲᠠ ᠪᠦᠲᠦᠮᠵᠢ ᠶᠢᠨ ᠲᠣᠭᠤᠷᠢᠨ ᠳᠤ ᠡᠯ᠎ᠡ ᠬᠤᠪᠢᠶᠠᠷᠢ ᠺᠣᠮᠫᠠᠨᠢ ᠲᠠᠢ ᠠᠵᠤ ᠠᠬᠤᠶ ᠶᠢᠨ ᠬᠦᠢᠴᠡᠳᠭᠡᠯ | ᠲᠤᠭ᠎ᠠ ᠶᠢᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠡᠵᠡᠩᠨᠡᠯᠲᠡ ᠶᠢᠨ ᠡᠭᠦᠷᠭᠡ ᠶᠢ ᠤᠯᠠᠮ ᠨᠢᠭᠡ ᠠᠯᠬᠤᠮ | ᠨᠠᠷᠢᠯᠢᠬᠵᠢᠭᠤᠯᠪᠠ᠃ ︽ᠪᠦᠯᠦᠭᠯᠡᠯ ᠤᠨ ᠡᠯ᠎ᠡ ᠰᠠᠯᠠᠭ᠎ᠠ ᠮᠥᠴᠢᠷ ᠤᠨ ᠬᠤᠪᠢᠶᠠᠷᠢ ᠺᠣᠮᠫᠠᠨᠢ ᠶᠢᠨ ᠠᠵᠢᠯ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ | ᠨᠡᠶᠢᠲᠡᠯᠡᠵᠦ᠂ ᠡᠯ᠎ᠡ ᠰᠠᠯᠠᠭ᠎ᠠ ᠮᠥᠴᠢᠷ᠂ ᠬᠤᠪᠢᠶᠠᠷᠢ ᠺᠣᠮᠫᠠᠨᠢ ᠠᠵᠢᠯᠲᠠᠨ ᠤ ︽ᠠᠵᠢᠯ ᠤᠨ ᠠᠮᠵᠢᠯᠲᠠ ᠪᠦᠲᠦᠮᠵᠢ ᠶᠢ | ᠬᠢᠨᠠᠨ ᠰᠢᠯᠭᠠᠵᠤ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠨᠡᠶᠢᠲᠡᠯᠡᠵᠦ᠂ ᠪᠥᠬᠦ | ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠠᠬᠢᠭᠤᠯᠤᠨ᠂ ᠠᠵᠢᠯ ᠤᠨ ᠠᠮᠵᠢᠯᠲᠠ ᠪᠠᠷ | ᠤᠳᠤᠷᠢᠳᠤᠮᠵᠢ ᠪᠣᠯᠭᠠᠵᠤ᠂ ᠠᠳᠠᠯᠢ ᠪᠤᠰᠤ ᠠᠵᠢᠯ ᠤᠨ ᠪᠠᠶᠢᠷᠢ ᠶᠢᠨ ᠠᠵᠢᠯᠲᠠᠨ ᠤ ᠬᠤᠪᠢ ᠨᠡᠮᠡᠷᠢ ᠶᠢ ᠰᠢᠨᠵᠢᠯᠡᠬᠦ | ᠤᠬᠠᠭᠠᠨᠴᠢ ᠪᠠᠷ ᠦᠨᠡᠯᠡᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠶᠢ ᠵᠦᠶ ᠵᠣᠬᠢᠰᠲᠠᠶ ᠥᠷᠭᠡᠳᠬᠡᠨ᠂ | ᠣᠷᠣᠯᠭ᠎ᠠ ᠶᠢ ᠨᠡᠮᠡᠭᠳᠡᠭᠦᠯᠵᠦ ᠳᠡᠶᠢᠯᠬᠦ ᠪᠠ ᠱᠠᠩᠨᠠᠵᠤ ᠲᠣᠷᠭᠠᠬᠤ ᠶᠢ ᠲᠣᠳᠣᠷᠬᠠᠶ ᠪᠣᠯᠭᠠᠵᠤ᠂ ᠥᠷᠭᠡᠨ ᠣᠯᠠᠨ | ᠠᠵᠢᠯᠲᠠᠨ ᠤ ᠢᠳᠡᠪᠬᠢᠵᠢᠯ ᠢ ᠬᠦᠢᠴᠡᠳ ᠳᠠᠶᠢᠴᠢᠯᠠᠪᠠ᠃ ︵ᠭᠤᠷᠪᠠ ︶ ᠰᠢᠨ᠎ᠡ ᠴᠠᠯᠢᠩ ᠤᠨ ᠲᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠪᠦᠯᠦᠭᠯᠡᠯ ᠤᠨ ︽ᠴᠠᠯᠢᠩ ᠬᠥᠯᠥᠰᠥ ᠶᠢᠨ ᠲᠦᠷᠢᠮ︾ ᠳᠤ ᠳᠠᠬᠢᠨᠲᠠ ᠵᠠᠰᠠᠪᠤᠷᠢ | ᠣᠷᠣᠭᠤᠯᠵᠤ᠂ ᠠᠵᠤ ᠠᠬᠤᠶᠢᠯᠠᠯ ᠤᠨ ᠴᠢᠳᠠᠮᠵᠢ ᠶᠢᠨ ᠰᠢᠨᠵᠢ ᠴᠢᠨᠠᠷ ᠲᠠᠢ ᠳᠣᠭᠢᠷᠠᠯᠴᠠᠭᠰᠠᠨ᠂ ᠠᠵᠢᠯᠲᠠᠨ ᠤ | ᠠᠵᠢᠯ ᠤᠨ ᠪᠠᠶᠢᠷᠢ ᠲᠠᠢ ᠳᠣᠭᠢᠷᠠᠯᠴᠠᠭᠰᠠᠨ᠂ ᠡᠵᠡᠩᠨᠡᠯᠲᠡ ᠶᠢᠨ ᠠᠮᠵᠢᠯᠲᠠ ᠪᠦᠲᠦᠮᠵᠢ ᠲᠠᠢ ᠨᠢ | ᠬᠤᠯᠪᠣᠭᠳᠠᠭᠤᠯᠤᠭᠰᠠᠨ ᠵᠦᠷᠢᠶᠡᠴᠢᠯᠡᠭᠰᠡᠨ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠠᠷᠭ᠎ᠠ ᠶᠢ | ᠬᠡᠷᠡᠭᠵᠢᠭᠦᠯᠦᠨ᠎ᠡ᠃ | ᠡᠬᠦᠨ ᠠᠴᠠ ᠭᠠᠳᠠᠨ᠎ᠠ᠂ ᠰᠣᠶᠣᠯ ᠵᠢᠭᠤᠯᠴᠢᠯᠠᠯ ᠤᠨ ᠪᠦᠯᠦᠭᠯᠡᠯ ᠶᠡᠷᠦᠩᠬᠡᠶ ᠱᠦᠵᠢ ᠰᠢ ᠶᠢᠨ ᠫᠢᠩ ᠤᠨ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠰᠣᠶᠣᠯ ᠵᠢᠭᠤᠯᠴᠢᠯᠠᠯ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ | ᠥᠷᠢᠰᠥᠯᠳᠦᠭᠡᠨ ᠢ ᠣᠨᠣᠪᠴᠢᠲᠠᠶ ᠡᠵᠡᠮᠳᠡᠵᠦ᠂ ᠭᠤᠷᠪᠠᠨ ᠵᠢᠯ ᠤᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ | ᠬᠤᠭᠤᠴᠠᠭ᠎ᠠ ᠶᠢ ᠠᠮᠵᠢᠵᠤ᠂ ᠡᠷᠬᠢᠮ ᠨᠠᠨᠳᠢᠨ ᠴᠠᠭ ᠬᠤᠭᠤᠴᠠᠭᠠᠨ ᠤ ᠴᠤᠩᠬᠤᠪᠴᠢ ᠶᠢ ᠰᠠᠶᠢᠲᠤᠷ ᠠᠰᠢᠭᠯᠠᠵᠤ᠂ | ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠬᠠᠷᠠᠯᠲᠠ ᠪᠠᠨ | ᠲᠣᠭᠲᠠᠭᠠᠵᠤ᠂ ᠳᠠᠷᠪᠠᠭᠤᠯ ᠬᠡᠶᠢᠰᠬᠡᠨ ᠳᠠᠷᠪᠠᠭᠤᠯ ᠬᠡᠶᠢᠰᠬᠡᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠰᠢᠨ᠎ᠡ ᠠᠶᠠᠨ ᠢ ᠡᠬᠢᠯᠡᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠶ ᠶᠢᠨ ᠴᠢᠨᠠᠷ ᠰᠠᠶᠢᠲᠠᠶ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠦᠨ᠎ᠡ᠃ | | | | |