ᠡᠵᠡᠨ ᠬᠤᠷᠤᠭ᠎ᠠ ᠬᠤᠰᠢᠭᠤ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2021/12/15
     ᠨᠢᠭᠡ ᠳᠤ᠂ ᠣᠷᠣᠭᠤᠯᠤᠯᠲᠠ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠱᠠᠲᠤᠨ ᠤ ᠱᠠᠩᠨᠠᠯ ᠨᠥᠬᠦᠪᠥᠷᠢ᠂ ᠬᠤᠰᠢᠭᠤ ᠱᠠᠲᠤᠨ ᠤ ᠲᠥᠰᠦᠪ᠂ ᠨᠡᠶᠢᠭᠡᠮ ᠤᠨ ᠬᠠᠮᠵᠢᠯᠴᠠᠭ᠎ᠠ᠂ ᠲᠣᠰᠬᠤᠨ ᠤ ᠬᠠᠮᠲᠤ ᠶᠢᠨ ᠪᠠᠯᠠ ᠣᠷᠣᠭᠤᠯᠤᠯᠲᠠ᠂ ᠣᠯᠠᠨ ᠲᠦᠮᠡᠨ ᠤ ᠪᠠᠯᠠ ᠮᠥᠩᠭᠦ ᠬᠥᠳᠡᠯᠮᠦᠷᠢ ᠬᠦᠴᠦ ᠴᠤᠭᠯᠠᠭᠤᠯᠬᠤ ︽ᠲᠠᠪᠤᠨ ᠱᠠᠲᠤ ᠬᠤᠪᠢᠶᠠᠨ ᠡᠭᠦᠷᠭᠡᠯᠡᠬᠦ︾ ᠪᠠᠯᠠ ᠮᠥᠩᠭᠦ ᠴᠤᠭᠯᠠᠭᠤᠯᠬᠤ ᠲᠣᠭᠲᠠᠴᠠ ᠶᠢ ᠪᠠᠶᠢᠭᠤᠯᠵᠤ᠂ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ ᠬᠠᠪᠰᠤᠷᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠬᠤᠰᠢᠭᠤᠨ ᠤ 122 ᠡᠷᠦᠬᠡ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠬᠤ ᠶᠢ ᠥᠷᠭᠡᠨ ᠢᠶᠠᠷ ᠳᠠᠶᠢᠴᠢᠯᠠᠵᠤ᠂ ᠬᠥᠮᠦᠨ ᠠᠮᠠ ᠣᠯᠠᠨ᠂ ᠲᠠᠯᠠᠪᠠᠶ ᠶᠡᠭᠡ᠂ ᠡᠭᠦᠷᠭᠡ ᠬᠦᠨᠳᠦ 33 ᠭᠠᠴᠠᠭ᠎ᠠ ᠲᠣᠰᠬᠤᠨ ᠳᠤ ᠵᠢᠯ ᠪᠦᠷᠢ 5 ᠲᠦᠮᠡᠨ ᠲᠥᠭᠦᠷᠢᠭ ᠨᠥᠬᠦᠪᠥᠷᠢᠯᠡᠵᠦ᠂ ᠪᠤᠰᠤᠳ ᠭᠠᠴᠠᠭ᠎ᠠ ᠲᠣᠰᠬᠤᠨ ᠳᠤ ᠵᠢᠯ ᠪᠦᠷᠢ 3 ᠲᠦᠮᠡᠨ ᠲᠥᠭᠦᠷᠢᠭ ᠨᠥᠬᠦᠪᠥᠷᠢᠯᠡᠵᠦ᠂ ᠪᠠᠶᠢᠩᠭᠤ ᠰᠠᠭᠤᠭ᠎ᠠ ᠡᠷᠦᠬᠡ ᠳᠤ ᠵᠢᠯ ᠪᠦᠷᠢ ᠡᠷᠦᠬᠡ ᠪᠦᠷᠢ ᠳᠤ 100 ᠲᠥᠭᠦᠷᠢᠭ ᠨᠥᠬᠦᠪᠥᠷᠢᠯᠡᠨ᠎ᠡ᠃      ᠬᠤᠶᠠᠷ ᠲᠤ᠂ ᠮᠠᠯᠴᠢᠨ ᠲᠠᠷᠢᠶᠠᠴᠢᠨ ᠤ ᠭᠤᠤᠯ ᠴᠣᠭᠴᠠ ᠶᠢᠨ  ᠦᠢᠯᠡᠳᠦᠯ ᠢ ᠴᠢᠩᠭᠠᠷᠠᠭᠤᠯᠤᠨ᠎ᠠ᠃ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠪᠠᠶᠢᠩᠭᠤ ᠶᠢᠨ ᠳᠦᠷᠢᠮ ᠢ ᠲᠡᠭᠦᠯᠳᠡᠷᠵᠢᠭᠦᠯᠵᠦ᠂ ᠬᠥᠮᠦᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ ᠪᠠᠷ ᠳᠠᠮᠵᠢᠭᠤᠯᠤᠨ᠂ ᠲᠣᠰᠬᠤᠨ ᠤ ᠳᠣᠲᠣᠷᠠᠬᠢ ᠣᠯᠠᠨ ᠨᠡᠶᠢᠲᠡ ᠶᠢᠨ ᠣᠷᠣᠨ ᠪᠦᠰᠡ ᠶᠢᠨ ᠠᠷᠢᠭᠤᠨ ᠴᠡᠪᠡᠷ ᠪᠠᠶᠢᠯᠭᠠᠬᠤ ᠡᠭᠦᠷᠭᠡ ᠶᠢ ᠲᠣᠰᠬᠤᠨ ᠤ ᠵᠥᠪᠯᠡᠯ ᠳᠤ ᠲᠤᠰᠢᠶᠠᠨ ᠬᠠᠷᠢᠭᠤᠴᠠᠭᠤᠯᠵᠤ᠂ ᠬᠤᠰᠢᠭᠤ ᠪᠠᠯᠭᠠᠰᠤ ᠲᠣᠰᠬᠤᠨ ᠡᠷᠦᠬᠡ ᠳᠥᠷᠪᠡᠨ ᠱᠠᠲᠤ ᠲᠤᠰ ᠲᠤᠰ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾ ᠲᠣᠭᠲᠠᠵᠤ᠂ ᠡᠯ᠎ᠡ ᠪᠠᠯᠭᠠᠰᠤ ᠴᠥᠮ ᠠᠷᠢᠭᠤᠨ ᠴᠡᠪᠡᠷ ᠪᠠᠶᠢᠯᠭᠠᠬᠤ᠂ ᠴᠡᠪᠡᠷᠯᠡᠨ ᠲᠡᠭᠡᠭᠡᠪᠦᠷᠢᠯᠡᠬᠦ᠂ ᠬᠠᠮᠢᠶᠠᠷᠬᠤ ︽ᠭᠤᠷᠪᠠᠨ ᠰᠠᠯᠪᠤᠷᠢ︾ ᠡᠩᠨᠡᠭᠡ ᠶᠢ ᠵᠣᠬᠢᠶᠠᠨ ᠪᠠᠶᠢᠭᠤᠯᠵᠤ᠂ ᠬᠤᠷᠰᠢᠶ᠎ᠠ ᠨᠢᠭᠡᠪᠦᠷᠢ ᠳᠤ ᠳᠤᠮᠳᠠᠴᠢ ᠪᠠᠷ 1 — 2 ᠠᠷᠢᠭᠤᠨ ᠴᠡᠪᠡᠷ ᠬᠠᠮᠠᠭᠠᠯᠠᠭᠴᠢ ᠲᠣᠬᠢᠷᠠᠭᠤᠯᠵᠤ᠂ ᠬᠥᠮᠦᠨ ᠤ ᠲᠤᠭ᠎ᠠ ᠶᠢᠨ ᠬᠡᠪᠴᠢᠶ᠎ᠡ ᠨᠢ 760 ᠬᠥᠮᠦᠨ ᠳᠤ ᠬᠦᠷᠴᠦ᠂ 104 ᠶᠠᠳᠠᠭᠤ ᠬᠦᠴᠢᠷᠳᠡᠯᠲᠡᠶ ᠡᠷᠦᠬᠡ ᠶᠢ ᠡᠩ ᠲᠡᠷᠢᠭᠦᠨ ᠳᠤ ᠬᠥᠯᠥᠰᠥᠯᠡᠨ᠂ ᠮᠠᠯᠴᠢᠨ ᠲᠠᠷᠢᠶᠠᠴᠢᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠢᠳᠡᠪᠬᠢᠵᠢᠯ ᠢ ᠪᠦᠲᠦᠮᠵᠢᠲᠡᠶ ᠳᠠᠶᠢᠴᠢᠯᠠᠪᠠ᠃      ᠭᠤᠷᠪᠠ ᠳᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠥᠨᠳᠥᠷ ᠪᠦᠲᠦᠮᠵᠢᠲᠡᠢ ᠲᠣᠭᠲᠠᠴᠠ ᠶᠢ ᠬᠡᠷᠡᠭᠵᠢᠭᠦᠯᠦᠨ᠎ᠡ᠃ ᠬᠤᠲᠠ ᠶᠢᠨ ᠲᠡᠭᠦᠷᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠭᠤᠤᠯ ᠬᠤᠲᠠ ᠲᠣᠭᠤᠷᠢᠭ ᠤᠨ ᠡᠷᠬᠢᠨ ᠲᠣᠭᠤᠷᠢᠨ ᠤ 15 ᠺᠢᠯᠣᠮᠧᠲᠷ ᠤᠨ ᠬᠡᠪᠴᠢᠶᠡᠨ ᠳᠠᠬᠢ 13 ᠭᠠᠴᠠᠭ᠎ᠠ ᠲᠣᠰᠬᠤᠨ ᠳᠤ ︽ᠡᠷᠦᠬᠡ ᠪᠦᠷᠢ ᠠᠷᠢᠭᠤᠨ ᠴᠡᠪᠡᠷ ᠢ ᠬᠠᠮᠠᠭᠠᠯᠠᠬᠤ᠂ ᠲᠣᠰᠬᠤᠨ ᠪᠦᠷᠢ ᠬᠤᠷᠢᠶᠠᠨ ᠴᠤᠭᠯᠠᠭᠤᠯᠬᠤ᠂ ᠬᠤᠰᠢᠭᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶᠢᠳᠡᠭᠦᠯᠬᠦ ᠶᠢ ᠪᠡᠶᠡᠯᠡᠭᠦᠯᠪᠡ᠃ ᠲᠤᠰᠬᠠᠶᠢᠵᠢᠭᠰᠠᠨ ᠠᠷᠢᠭᠤᠨ ᠴᠡᠪᠡᠷ ᠤᠨ ᠺᠣᠮᠫᠠᠨᠢ ᠶᠢ ᠲᠡᠳᠡᠨ ᠣᠷᠣᠭᠤᠯᠵᠤ᠂ ᠵᠡᠭᠦᠨ ᠬᠡᠰᠡᠭ ᠤᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠭᠦᠷᠭᠡ ᠶᠢ ᠪᠦᠬᠦᠯᠢ ᠴᠣᠭᠴᠠ ᠪᠠᠷ ᠨᠢ ᠭᠠᠳᠠᠭᠰᠢ ᠳᠠᠭᠠᠭᠠᠴᠢᠯᠠᠭᠤᠯᠵᠤ᠂ ︽ᠵᠠᠰᠠᠭ ᠤᠨ ᠣᠷᠳᠣᠨ ᠬᠢᠨᠠᠨ ᠬᠠᠮᠢᠶᠠᠷᠴᠤ᠂ ᠠᠵᠤ ᠠᠬᠤᠶᠢᠯᠠᠯ ᠦᠢᠯᠡᠴᠢᠯᠡᠬᠦ︾ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠭᠰᠠᠨ ᠮᠥᠷᠲᠡᠭᠡᠨ ᠪᠠᠰᠠ ᠬᠠᠮᠢᠶᠠᠷᠴᠤ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号