ᠡᠵᠡᠨ ᠬᠤᠷᠤᠭ᠎ᠠ ᠬᠤᠰᠢᠭᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2021/12/15
     ᠨᠢᠭᠡ ᠳᠤ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ 2020 ᠣᠨ ᠳᠤ ᠰᠤᠷᠭᠠᠨ ᠬᠥᠮᠦᠵᠢᠯ ᠤᠨ ᠵᠠᠷᠤᠳᠠᠯ ᠢ ᠨᠡᠶᠢᠲᠡ 10. 5 ᠳ᠋ᠦᠩᠰᠢᠭᠤᠷ ᠲᠥᠭᠦᠷᠢᠭ ᠰᠠᠯᠭᠠᠨ ᠥᠭᠴᠦ᠂ ᠶᠡᠷᠦᠩᠬᠡᠶ ᠪᠠᠯᠠ ᠣᠷᠣᠭᠤᠯᠤᠯᠲᠠ ᠨᠢ 13. 4 ᠳ᠋ᠦᠩᠰᠢᠭᠤᠷ ᠲᠥᠭᠦᠷᠢᠭ ᠤᠨ ᠰᠤᠷᠭᠠᠨ ᠬᠥᠮᠦᠵᠢᠯ ᠤᠨ 27 ᠭᠤᠤᠯᠳᠠᠯᠭ᠎ᠠ ᠲᠠᠢ ᠲᠥᠷᠥᠯ  ᠵᠦᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠪᠠ᠂ ᠡᠭᠦᠨ ᠳᠤ ᠦᠷᠭᠦᠯᠵᠢᠯᠡᠨ ᠪᠠᠶᠢᠭᠤᠯᠬᠤ 10 ᠲᠥᠷᠥᠯ ᠵᠦᠶ᠋ᠯ᠂ ᠰᠢᠨ᠎ᠡ ᠪᠠᠷ ᠪᠠᠶᠢᠭᠤᠯᠬᠤ 17 ᠲᠥᠷᠥᠯ ᠵᠦᠶ᠋ᠯ ᠪᠠᠶᠢᠵᠤ᠂ ᠣᠳᠣᠬᠠᠨ ᠳᠤ 10 ᠵᠦᠢᠯ ᠤᠨ ᠢᠨᠵᠧᠨᠧᠷᠢᠩ ᠤᠨ ᠭᠤᠤᠯ ᠬᠡᠰᠡᠭ ᠪᠠ ᠵᠠᠰᠠᠵᠤ ᠴᠢᠮᠡᠭᠯᠡᠬᠦ ᠠᠵᠢᠯ ᠪᠦᠬᠦᠨ ᠢᠶᠠᠷ ᠢᠶᠠᠨ ᠳᠠᠭᠤᠰᠤᠭᠰᠠᠨ ᠪᠥᠭᠡᠳ ᠨᠡᠭᠦᠵᠦ ᠤᠷᠤᠭᠰᠠᠨ ᠪᠠᠶᠢᠨ᠎ᠠ᠃      ᠬᠤᠶᠠᠷ ᠲᠤ᠂ ᠪᠠᠭᠰᠢ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠣᠷᠣᠨ ᠨᠤᠲᠤᠭ ᠤᠨ ᠪᠣᠯᠪᠠᠰᠤᠷᠠᠭᠤᠯᠤᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠰᠢᠯᠢᠨ ᠰᠣᠩᠭᠤᠵᠤ᠂ ᠳᠥᠷᠪᠡᠳᠦᠭᠡᠷ ᠬᠤᠭᠤᠴᠠᠭᠠᠨ ᠤ ᠰᠢᠨᠵᠢᠯᠡᠭᠡᠨ ᠤ ᠰᠠᠯᠠᠭᠠᠨ ᠤ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ 20 ᠪᠠᠶᠢᠭᠤᠯᠵᠤ᠂ ᠠᠩᠬᠠᠳᠤᠭᠠᠷ ᠬᠤᠭᠤᠴᠠᠭᠠᠨ ᠤ ᠬᠡᠦᠬᠡᠳ ᠤᠨ ᠴᠡᠴᠡᠷᠯᠢᠭ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ 3᠂ ᠴᠡᠴᠡᠷᠯᠢᠭ ᠤᠨ ᠳᠠᠷᠤᠭ᠎ᠠ ᠶᠢᠨ ᠠᠵᠢᠯᠯᠠᠬᠤ ᠲᠠᠰᠤᠭ ᠢ 1 ᠪᠠᠶᠢᠭᠤᠯᠪᠠ᠃ ᠪᠠᠭᠰᠢ ᠶᠢᠨ ᠪᠦᠬᠦ ᠠᠵᠢᠯᠲᠠᠨ ᠤ ᠪᠣᠯᠪᠠᠰᠤᠷᠠᠯ ᠤᠨ ᠲᠥᠯᠥᠪᠯᠡᠭᠡ ᠪᠠ ᠰᠤᠷᠭᠠᠭᠤᠯᠢ ᠶᠢᠨ ᠥᠪᠡᠷ ᠤᠨ ᠰᠤᠳᠤᠯᠤᠨ ᠰᠤᠷᠤᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠶᠠᠰᠤ ᠴᠢᠨᠠᠷ  ᠎ ᠢ ᠳᠡᠭᠡᠭᠰᠢᠯᠡᠭᠦᠯᠬᠦ ᠢᠨᠵᠧᠨᠧᠷᠢᠩ ᠢ 6 ᠤᠳᠠᠭ᠎ᠠ ᠵᠣᠬᠢᠶᠠᠨ ᠪᠠᠶᠢᠭᠤᠯᠵᠤ᠂ ᠨᠡᠶᠢᠲᠡ 200 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠪᠠ᠃      ᠭᠤᠷᠪᠠ ᠳᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ︽ ᠬᠤᠰᠢᠭᠤ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠭᠰᠢ ᠶᠢᠨ ᠰᠢᠯᠵᠢᠯᠲᠡ᠂ ᠮᠡᠷᠭᠡᠵᠢᠯ ᠤᠨ ᠴᠣᠯᠠ ᠶᠢᠨ ᠦᠨᠡᠯᠡᠨ ᠤᠷᠢᠬᠤ ᠲᠦᠷᠢᠮ ᠤᠨ ᠥᠭᠡᠷᠡᠴᠢᠯᠡᠯᠲᠡ᠂ ᠱᠠᠩᠨᠠᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ᠂ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠲᠤᠰᠢᠶᠠᠯ ᠤᠨ ᠲᠠᠰ ᠤᠨ ᠲᠦᠷᠢᠮ ᠤᠨ ᠥᠭᠡᠷᠡᠴᠢᠯᠡᠯᠲᠡ ᠵᠡᠷᠭᠡ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠠᠭᠰᠢ ᠶᠢᠨ ᠡᠩᠨᠡᠭᠡ ᠶᠢ ᠡᠮᠬᠢ ᠵᠢᠷᠤᠮ ᠲᠠᠢ ᠰᠢᠯᠵᠢᠭᠦᠯᠬᠦ ᠶᠢ ᠪᠡᠶᠡᠯᠡᠭᠦᠯᠵᠦ᠂ ᠪᠠᠭᠰᠢ ᠶᠢᠨ ᠮᠡᠷᠭᠡᠵᠢᠯ ᠤᠨ ᠴᠣᠯᠠ ᠶᠢᠨ ︽ᠨᠢᠭᠡ ᠤᠷᠢᠵᠤ ᠨᠢᠭᠡ ᠨᠠᠰᠤ ᠶᠢ ᠲᠣᠭᠲᠠᠭᠠᠬᠤ︾ ᠬᠡᠮ ᠰᠣᠭᠤᠭ ᠢ ᠠᠷᠢᠯᠭᠠᠵᠤ᠂ ᠠᠵᠢᠯ ᠤᠨ ᠪᠠᠶᠢᠷᠢ ᠳᠤ ᠳᠡᠪᠰᠢᠵᠦ ᠪᠠᠭᠤᠵᠤ ᠪᠦᠷ ᠪᠣᠯᠬᠤ ᠶᠢ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠠᠵᠢᠯ ᠬᠢᠵᠦ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃      ᠲᠦᠷᠪᠡ ᠳᠤ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠠᠭᠠᠨ ᠬᠥᠭᠵᠢᠭᠦᠯᠦᠯᠲᠡ ᠶᠢᠨ ᠪᠦᠯᠦᠭᠯᠡᠯ 3000 ᠲᠦᠮᠡᠨ ᠲᠥᠭᠦᠷᠢᠭ ᠬᠠᠨᠳᠢᠪᠯᠠᠵᠤ ᠡᠵᠡᠨ ᠬᠤᠷᠤᠭ᠎ᠠ ᠰᠤᠷᠭᠠᠭᠤᠯᠢ ᠶᠢᠨ ᠲᠣᠭᠤᠷᠢᠭ ᠤᠨ ᠭᠤᠷᠪᠠᠨ ᠵᠢᠯ ᠤᠨ ᠠᠵᠢᠯᠯᠠᠭ᠎ᠠ ᠳᠤ ᠬᠦᠴᠦᠨ ᠨᠡᠮᠡᠷᠢᠯᠡᠵᠦ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠦᠪ ᠰᠤᠷᠭᠠᠭᠤᠯᠢ ᠠᠴᠠ ᠡᠵᠡᠨ ᠬᠤᠷᠤᠭ᠎ᠠ ᠰᠤᠷᠭᠠᠭᠤᠯᠢ ᠶᠢᠨ ᠲᠣᠭᠤᠷᠢᠭ ᠲᠤ 9 ᠰᠢᠯᠢᠳᠡᠭ ᠪᠠᠭᠰᠢ ᠰᠣᠩᠭᠤᠨ ᠲᠣᠮᠢᠯᠠᠵᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠰᠤᠷᠭᠠᠭᠤᠯᠢ ᠶᠢᠨ ᠲᠣᠭᠤᠷᠢᠭ ᠨᠢ ᠲᠣᠰ ᠲᠥᠪ ᠲᠠᠢ ᠪᠠᠨ ᠨᠢᠭᠡ ᠴᠣᠭᠴᠠᠵᠢᠨ ᠪᠥᠬᠦ ᠬᠤᠲᠠ ᠠᠴᠠ 156 ᠬᠥᠮᠦᠨ ᠡᠯᠰᠡᠬᠦ ᠶᠢ ᠪᠡᠶᠡᠯᠡᠭᠦᠯᠪᠡ᠃ ᠲᠡᠯᠡᠬᠡᠢ ᠳᠤ ᠠᠯᠳᠠᠷᠳᠠᠢ ᠮᠤᠷᠢᠨ ᠬᠤᠭᠤᠷᠴᠢᠨ ᠴᠢ᠊᠂ ᠪᠤᠯᠠᠭ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠬᠡᠯᠡᠯᠴᠡᠭᠡᠷ ᠲᠣᠭᠲᠠᠵᠤ᠂ ᠴᠢ᠊᠂ ᠪᠤᠯᠠᠭ ᠤᠨ ᠤᠯᠠᠨ ᠤᠯᠤᠰ ᠤᠨ ᠮᠤᠷᠢᠨ ᠬᠤᠭᠤᠷ ᠬᠥᠭᠵᠢᠮ ᠤᠨ ᠰᠤᠷᠭᠠᠭᠤᠯᠢ ᠶᠢ ᠪᠠᠶᠢᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号