| ᠨᠢᠭᠡ ᠳᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠠ᠃ ᠴᠢᠩᠬᠤᠸᠠ᠂ | ᠪᠡᠭᠡᠵᠢᠩ ᠶᠡᠭᠡ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠳᠤ ᠵᠢᠯ ᠤᠨ ᠴᠠᠯᠢᠩ ᠤᠨ ᠳᠦᠷᠢᠮ ᠢ ᠬᠡᠷᠡᠭᠵᠢᠭᠦᠯᠵᠦ᠂ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠ ᠰᠤᠷᠭᠠᠭᠤᠯᠢ ᠲᠠᠢ ᠨᠢᠭᠡ ᠯᠡ | ᠤᠳᠠᠭ᠎ᠠ ᠳᠤ 3 ᠵᠢᠯ ᠤᠨ ᠤᠷᠢᠨ ᠬᠡᠷᠡᠭᠯᠡᠬᠦ ᠭᠡᠷ᠎ᠡ ᠲᠣᠭᠲᠠᠭᠰᠠᠨ ᠬᠥᠮᠦᠨ ᠪᠦᠷᠢ ᠶᠢᠨ ᠵᠢᠯ ᠤᠨ ᠴᠠᠯᠢᠩ 50 | ᠲᠦᠮᠡᠨ ᠲᠥᠭᠦᠷᠢᠭ᠂ ᠨᠢᠭᠡ ᠯᠡ ᠤᠳᠠᠭ᠎ᠠ ᠳᠤ 6 ᠵᠢᠯ ᠤᠨ ᠤᠷᠢᠨ ᠬᠡᠷᠡᠭᠯᠡᠬᠦ ᠭᠡᠷ᠎ᠡ ᠲᠣᠭᠲᠠᠭᠰᠠᠨ ᠬᠥᠮᠦᠨ | ᠪᠦᠷᠢ ᠶᠢᠨ ᠵᠢᠯ ᠤᠨ ᠴᠠᠯᠢᠩ 60 ᠲᠦᠮᠡᠨ ᠲᠥᠭᠦᠷᠢᠭ ᠪᠣᠯᠤᠨ᠎ᠠ︔ ᠤᠷᠢᠵᠤ ᠣᠷᠣᠭᠤᠯᠤᠭᠰᠠᠨ ᠰᠤᠷᠭᠠᠨ | ᠬᠥᠮᠦᠵᠢᠯ ᠤᠨ ᠶᠠᠮᠤᠨ ᠤ ᠰᠢᠭᠤᠳ ᠬᠠᠷᠢᠶ᠎ᠠ 6 ᠪᠠᠭᠰᠢ ᠶᠢᠨ ᠳᠡᠭᠡᠳᠦ ᠰᠤᠷᠭᠠᠭᠤᠯᠢ ᠳᠤ᠂ ᠬᠤᠤᠰ ᠲᠡᠷᠢᠭᠦᠨ | ᠵᠡᠷᠭᠡ ᠶᠢᠨ ᠶᠡᠭᠡ ᠳᠡᠭᠡᠳᠦ ᠰᠤᠷᠭᠠᠭᠤᠯᠢ ᠪᠠ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ᠂ ᠤᠤᠯ ᠤᠨ | 985 ᠬᠢᠭᠡᠳ 211 ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠣᠷᠣᠭᠴᠢ᠂ ᠮᠠᠰᠲ᠋ᠧᠷ ᠵᠢᠴᠢ | ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠠᠰᠫᠢᠷᠠᠨᠲ᠂ ᠨᠠᠷᠠᠲᠤ ᠰᠢᠯᠢᠳᠡᠭ ᠪᠠᠭᠰᠢ ᠲᠣᠰ ᠲᠣᠰ 80 | ᠲᠡᠭᠰᠢ ᠳᠥᠷᠪᠡᠯᠵᠢᠨ ᠮᠧᠲᠷ᠂ 100 ᠲᠡᠭᠰᠢ ᠳᠥᠷᠪᠡᠯᠵᠢᠨ ᠮᠧᠲᠷ ᠪᠤᠶᠤ 120 ᠲᠡᠭᠰᠢ ᠳᠥᠷᠪᠡᠯᠵᠢᠨ ᠮᠧᠲᠷ ᠤᠨ | ᠣᠷᠣᠨ ᠰᠠᠭᠤᠴᠠ ᠡᠰᠡᠬᠦᠯ᠎ᠡ3 ᠵᠢᠯ ᠬᠤᠪᠢᠶᠠᠨ 20 ᠲᠦᠮᠡᠨ ᠲᠥᠭᠦᠷᠢᠭ ᠂ 25 ᠲᠦᠮᠡ᠂ 30 ᠲᠦᠮᠡᠨ | ᠲᠥᠭᠦᠷᠢᠭ ᠤᠨ ᠭᠡᠷ ᠲᠥᠪᠬᠢᠨᠡᠭᠦᠯᠬᠦ ᠵᠠᠷᠤᠳᠠᠯ ᠢ ᠤᠯᠭᠤᠨ᠎ᠠ᠃ ᠤᠷᠢᠨ ᠣᠷᠣᠭᠤᠯᠤᠭᠰᠠᠨ ᠪᠦᠬᠦᠯᠢ 45 | ᠨᠠᠰᠤᠨ ᠠᠴᠠ ᠳᠣᠷᠣᠭᠰᠢᠬᠢ ᠮᠤᠵᠢ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ︽ᠵᠢᠭᠠᠨ ᠰᠤᠷᠭᠠᠬᠤ | ᠴᠢᠳᠠᠪᠤᠷᠢᠲᠠᠨ︾ ᠪᠤᠶᠤ ︽ᠰᠢᠨᠵᠢᠯᠡᠭᠡᠨ ᠤ ᠳᠠᠭᠠᠭᠤᠯᠤᠭᠴᠢ︾ ᠶᠢᠨ ᠴᠣᠯᠠ ᠬᠦᠷᠲᠡᠭᠰᠡᠨ ᠰᠢᠯᠢᠳᠡᠭ ᠵᠢᠭᠠᠨ | ᠰᠤᠳᠤᠯᠬᠤ ᠰᠤᠳᠤᠯᠤᠭᠴᠢ᠂ ᠨᠢᠭᠡ 120 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠬᠠᠩᠭᠠᠬᠤ ᠪᠤᠶᠤ | 3 ᠵᠢᠯ ᠬᠤᠪᠢᠶᠠᠨ 30 ᠲᠦᠮᠡᠨ ᠲᠥᠭᠦᠷᠢᠭ ᠤᠨ ᠬᠡᠷ ᠣᠷᠣᠨ ᠢᠶᠠᠨ ᠲᠥᠪᠬᠢᠨᠡᠭᠦᠯᠬᠦ ᠵᠠᠷᠤᠳᠠᠯ ᠥᠭᠭᠦᠨ᠎ᠡ᠂ ᠵᠢᠯ ᠤᠨ | ᠴᠠᠯᠢᠩ 15— 30 ᠲᠦᠮᠡᠨ ᠲᠥᠭᠦᠷᠢᠭ ︵ᠭᠠᠶᠢᠯᠢ ᠲᠤᠰᠢᠶᠠᠬᠤ ᠠᠴᠠ ᠡᠮᠦᠨ᠎ᠡ︶᠂ ᠭᠡᠷ ᠤᠨ ᠬᠥᠮᠦᠰ ᠤᠨ | ᠠᠵᠢᠯ ᠢ ᠬᠤᠰᠢᠭᠤᠨ ᠳᠣᠲᠣᠷ᠎ᠠ ᠰᠢᠯᠵᠢᠬᠦᠯᠵᠦ ᠦᠭᠬᠦᠨ᠎ᠡ︔ ᠤᠷᠢᠵᠤ ᠡᠯᠰᠡᠬᠦ ᠨᠠᠰᠤ ᠨᠢ 45 ᠪᠦᠬᠦᠯᠢ | ᠨᠠᠰᠤᠨ ᠠᠴᠠ ᠳᠣᠷᠣᠭᠰᠢ᠂ ᠲᠤᠰᠬᠠᠶ ᠣᠷᠣᠨ ᠬᠤᠲᠠ ᠶᠢᠨ ᠲᠠᠰ ᠵᠢᠴᠢ ᠲᠡᠭᠦᠨ ᠠᠴᠠ ᠳᠡᠭᠡᠭᠰᠢᠬᠢ ︽ᠵᠢᠭᠠᠨ | ᠰᠤᠷᠭᠠᠯᠲᠠ ᠶᠢᠨ ᠴᠢᠳᠠᠪᠤᠷᠢᠲᠠᠨ︾ ᠪᠤᠶᠤ ︽ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ︾ ᠶᠢᠨ ᠴᠣᠯᠠ | ᠭᠥᠷᠳᠡᠭᠰᠡᠨ ᠰᠢᠯᠢᠳᠡᠭ ᠵᠢᠭᠠᠨ ᠰᠤᠳᠤᠯᠤᠭᠴᠢ ᠳᠤ ᠨᠢᠭᠡ 120 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ | ᠬᠠᠩᠭᠠᠬᠤ ᠪᠤᠶᠤ 3 ᠵᠢᠯ ᠬᠤᠪᠢᠶᠠᠨ 30 ᠲᠦᠮᠡᠨ ᠲᠥᠭᠦᠷᠢᠭ ᠤᠨ ᠬᠡᠷ ᠪᠦᠯᠢ ᠪᠠᠨ ᠲᠥᠪᠬᠢᠨᠡᠭᠦᠯᠬᠦ ᠵᠠᠷᠤᠳᠠᠯ | ᠥᠭᠴᠦ᠂ ᠬᠡᠷ ᠪᠦᠯᠢ ᠶᠢᠨ ᠬᠢᠨ ᠤ ᠠᠵᠢᠯ ᠢ ᠬᠤᠰᠢᠭᠤᠨ ᠳᠣᠲᠣᠷ᠎ᠠ ᠰᠢᠯᠵᠢᠬᠦᠯᠵᠦ ᠦᠭᠬᠦᠨ᠎ᠡ᠃ | ᠬᠤᠶᠠᠷ ᠲᠤ᠂ ᠠᠵᠢᠯᠲᠠᠨ ᠡᠯᠰᠡᠬᠦ ᠠᠷᠭ᠎ᠠ ᠮᠠᠶ᠋ᠢᠭ ᠢ ᠬᠤᠪᠢᠷᠠᠭᠤᠯᠬᠤ᠃ ᠤᠬᠠᠭᠤᠯᠭ᠎ᠠ ᠶᠢ ᠤᠯᠠᠮ ᠨᠢᠭᠡ | ᠠᠯᠬᠤᠮ ᠥᠷᠭᠡᠳᠬᠡᠵᠦ᠂ ᠨᠡᠩ ᠣᠯᠠᠨ ᠰᠢᠯᠢᠳᠡᠭ ᠴᠢᠳᠠᠪᠤᠷᠢᠲᠠᠨ ᠢ ᠰᠢᠯᠢᠨ ᠳᠡᠪᠰᠢᠭᠦᠯᠬᠦ ᠶᠢᠨ ᠲᠥᠯᠥᠭᠡ᠂ | ᠭᠤᠷᠪᠠᠳᠤᠭᠠᠷ ᠲᠠᠯ᠎ᠠ ᠶᠢᠨ ᠪᠠᠶᠢᠭᠤᠯᠤᠮᠵᠢ ︵ᠪᠡᠭᠡᠵᠢᠩ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ | ᠬᠥᠮᠦᠵᠢᠯ ᠤᠨ ᠪᠦᠯᠦᠭᠯᠡᠯ︶ ᠪᠠᠷ ᠳᠠᠮᠵᠢᠭᠤᠯᠤᠨ ᠲᠣᠪᠴᠢ ᠨᠠᠮᠲᠠᠷ ᠰᠣᠩᠭᠤᠬᠤ᠂ ᠨᠢᠭᠤᠷᠲᠠᠨ ᠰᠢᠯᠭᠠᠬᠤ᠂ ᠪᠢᠷ ᠤᠨ | ᠰᠢᠯᠭᠠᠯᠲᠠ ᠬᠢᠬᠦ ᠵᠡᠷᠭᠡ ᠭᠤᠭᠴᠤᠭ᠎ᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠭᠤᠷᠪᠠ ᠳᠤ᠂ ᠪᠡᠶ᠎ᠡ ᠪᠠᠨ ᠳᠠᠭᠠᠭᠠᠵᠤ ᠠᠵᠢᠯᠲᠠᠨ ᠡᠯᠰᠡᠬᠦ ᠲᠤᠭ᠎ᠠ ᠨᠡᠮᠡᠭᠳᠡᠪᠡ᠃ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠪᠣᠶ ᠪᠥᠬᠦᠶ ᠬᠢᠴᠢᠶᠡᠯ ᠲᠥᠷᠥᠯ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠣᠯᠠᠩᠬᠢ ᠬᠢᠴᠢᠶᠡᠯ ᠲᠥᠷᠥᠯ᠂ ᠪᠠᠭ᠎ᠠ ᠰᠤᠷᠭᠠᠭᠤᠯᠢ ᠶᠢᠨ ᠬᠡᠯᠡ ᠲᠤᠭ᠎ᠠ ᠠᠩᠭ᠍ᠯᠢ ᠬᠡᠯᠡ ᠪᠡᠶ᠎ᠡ ᠲᠠᠮᠢᠷ ᠬᠡᠳᠦᠨ ᠭᠤᠤᠯ | ᠬᠢᠴᠢᠶᠡᠯ ᠲᠥᠷᠥᠯ ᠤᠨ ᠳᠤᠲᠠᠭᠳᠠᠵᠤ ᠪᠠᠶᠢᠭ᠎ᠠ ᠪᠠᠭᠰᠢ ᠶᠢ ᠴᠥᠮ ᠪᠡᠶ᠎ᠡ ᠪᠠᠨ ᠳᠠᠭᠠᠭᠠᠵᠤ ᠤᠷᠢᠨ ᠡᠯᠰᠡᠬᠦ ᠪᠠᠷ | ᠳᠠᠮᠵᠢᠭᠤᠯᠤᠨ ᠪᠡᠶᠡᠯᠡᠭᠦᠯᠵᠦ᠂ ᠪᠤᠰᠤᠳ ᠬᠢᠴᠢᠶᠡᠯ ᠲᠥᠷᠥᠯ ᠢ ᠨᠢᠭᠡᠳᠦᠯᠲᠡᠶ ᠤᠷᠢᠨ ᠡᠯᠰᠡᠬᠦ ᠲᠥᠯᠥᠪᠯᠡᠭᠡ ᠳᠤ | ᠣᠷᠣᠭᠤᠯᠤᠨ᠎ᠠ᠃ | | | | |