ᠡᠵᠡᠨ ᠬᠤᠷᠤᠭ᠎ᠠ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠨᠠᠯ ᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
ᠡᠵᠡᠨ ᠵᠠᠰᠠᠭ ᠠᠯᠪᠠᠨ ᠲᠠᠷᠬᠠᠭᠠᠭᠰᠠᠨ  ﹇2021﹈ 7 ᠳ᠋ᠤᠭᠠᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶᠎ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ᠄     ︽ᠡᠵᠡᠨ ᠬᠤᠷᠤᠭ᠎ᠠ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠬᠤ ᠬᠡᠷᠡᠭᠵᠢᠭᠦᠯᠬᠦ ᠰᠠᠨᠠᠯ︾᠎ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃              ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                            2021 ᠣᠨ ᠤ 4 ᠰᠠᠷ᠎ᠠ ᠶᠢᠨ 1᠎ ᠤ ᠡᠳᠦᠷ                                 ᠡᠵᠡᠨ ᠬᠤᠷᠤᠭ᠎ᠠ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠰᠠᠨᠠᠯ    ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠤᠶᠢᠵᠢᠭᠤᠯᠬᠤ ᠪᠠ ᠬᠠᠮᠠᠭᠠᠯᠠᠬᠤ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃   ᠨᠢᠭᠡ᠂ ᠵᠢᠯᠣᠭᠤᠳᠬᠤ ᠦᠵᠡᠯ ᠰᠠᠨᠠᠭ᠎ᠠ    ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠡᠭᠦᠳᠦᠨ ᠪᠦᠲᠦᠭᠡᠬᠦ ᠶᠢ ᠵᠤᠷᠢᠭᠵᠢᠭᠤᠯᠬᠤ᠂ ᠪᠦᠲᠦᠮᠵᠢᠲᠡᠶ ᠬᠡᠷᠡᠭᠯᠡᠬᠦ᠂ ᠬᠠᠤᠯᠢ ᠶᠣᠰᠣᠭᠠᠷ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠴᠢᠭᠯᠡᠯᠲᠡ ᠶᠣᠰᠣᠭᠠᠷ᠂ ︽ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠠᠵᠤ ᠠᠬᠤᠶᠢᠯᠠᠯ ᠭᠤᠤᠯᠯᠠᠨ ᠡᠵᠡᠩᠨᠡᠬᠦ᠂ ᠨᠡᠶᠢᠭᠡᠮ ᠳᠠᠶᠠᠭᠠᠷ ᠣᠷᠣᠯᠴᠠᠬᠤ᠂ ᠵᠠᠬ᠎ᠠ ᠳᠡᠯᠭᠡᠭᠦᠷᠴᠢᠯᠡᠨ ᠠᠵᠢᠯᠯᠠᠬᠤ︾ ᠠᠷᠭ᠎ᠠ ᠬᠡᠯᠪᠡᠷᠢ ᠶᠢ ᠪᠠᠷᠢᠮᠲᠠᠯᠠᠨ᠂ ᠮᠠᠨ ᠤ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠩᠰᠠᠯᠠᠬᠤ ᠬᠡᠮᠵᠢᠶ᠎ᠡ ᠶᠢ ᠪᠥᠬᠦ ᠲᠠᠯ᠎ᠠ ᠪᠠᠷ ᠨᠡᠮᠡᠭᠳᠡᠭᠦᠯᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ ᠪᠠ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠠᠵᠤ  ᠦᠢᠯᠡᠰ ᠤᠨ ᠰᠦᠷᠦᠭᠵᠢᠯ ᠢ ᠪᠤᠶᠢᠵᠢᠭᠤᠯᠤᠨ ᠬᠠᠮᠠᠭᠠᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠪᠠᠷ ᠵᠠᠰᠠᠬᠤ ᠣᠷᠴᠢᠨ ᠲᠣᠭᠤᠷᠢᠨ᠂ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠮᠠᠨ ᠤ ᠬᠤᠰᠢᠭᠤ ᠪᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠰᠢᠭᠤ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃     ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ    ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠠᠵᠢᠯ ᠢ ᠠᠬᠢᠭᠤᠯᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠤᠰᠢᠭᠤ ᠠᠷᠠᠳ ᠤᠨ ᠵᠠᠰᠠᠭ ᠤᠨ ᠣᠷᠳᠣᠨ ᠰᠤᠳᠤᠯᠤᠭᠠᠳ ᠡᠵᠡᠨ ᠬᠤᠷᠤᠭ᠎ᠠ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠦᠷᠢᠯᠳᠦᠬᠦᠨ ᠨᠢ ᠳᠤᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ  ᠄      ᠰᠤ᠋ ᠰᠢᠨ ᠶᠠ           ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂                             ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄      ᠶᠠᠨ ᠼᠠᠢ ᠢᠦᠶ   ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠭᠡᠰᠢᠭᠦᠨ᠄                ᠵᠣᠣ ᠬᠠᠶ ᠯᠦ     ᠤᠯᠠᠭᠠᠨᠮᠦ᠋ᠷᠡᠨ ᠪᠠᠯᠭᠠᠰᠤᠨ ᠤ ᠳᠠᠷᠤᠭ᠎ᠠ        ᠯᠢ ᠶᠢᠨ ᠹᠧᠩ    ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ        ᠮᠢᠶᠣᠣ ᠯᠧᠢ      ᠥᠪᠥᠷ ᠮᠣᠩᠭᠤᠯ ᠤᠨ ᠳ᠋ᠠ ᠶᠦᠨ ᡁᠢ ᠲᠦᠩ ᠰᠢᠨᠵᠢᠯᠡᠬᠦ                      ᠤᠬᠠᠭᠠᠨ ᠮᠡᠷᠭᠡᠵᠢᠯ ᠤᠨ                      ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ      ᠯᠢ ᠷᠦᠢ ᠴᠧᠩ   ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ                      ᠲᠣᠪᠴᠢᠶᠠᠨ ᠤ ᠳᠠᠷᠤᠭ᠎ᠠ      ᠨᠢᠦ ᠵᠢᠶᠠᠨ ᠲᠢᠩ  ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠡᠳ᠋ ᠳᠠᠷᠤᠭ᠎ᠠ      ᠯᠢᠦᠢ ᠽᠢ ᠮᠢᠨ    ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋                       ᠪᠠᠶᠢᠴᠠᠭᠠᠬᠤ ᠳᠠᠷᠤᠭ᠎ᠠ᠃      ᠴᠠᠭᠠᠨᠪᠠᠭᠠᠲᠤᠷ    ᠬᠤᠰᠢᠭᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠰᠣᠨᠢᠨ ᠮᠡᠳᠡᠭᠡ ᠬᠡᠪᠯᠡᠯ                       ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ      ᠴᠢ ᠰᠢ ᠬᠠᠶ      ᠬᠤᠰᠢᠭᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ      ᠶᠠᠩ ᠬᠦᠢ ᠹᠦ᠋    ᠬᠤᠰᠢᠭᠤᠨ ᠤ ᠳᠠᠩᠰᠠ ᠡᠪᠬᠡᠮᠡᠯ ᠲᠡᠦᠬᠡ ᠣᠶᠢᠯᠠᠯᠭ᠎ᠠ ᠶᠢᠨ                      ᠣᠷᠳᠣᠨ ᠤ ᠬᠠᠷᠢᠭᠤᠴᠠᠯᠭᠠᠲᠠᠨ      ᠦᠷᠨᠢᠯ          ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ                      ᠨᠡᠶᠢᠭᠡᠮᠯᠢᠭ ᠤᠨ ᠲᠡᠷᠢᠭᠦᠯᠡᠭᠴᠢ      ᠾᠧ ᠵᠠᠨ ᠫᠢᠩ   ᠬᠤᠰᠢᠭᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠤ ᠳᠠᠷᠤᠭ᠎ᠠ      ᠴᠢ ᠬᠤᠩ ᠮᠧᠶ    ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ      ᠳ᠋ᠦ᠋ ᠶᠠᠨ ᠪᠢᠨ    ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ                       ᠲᠣᠪᠴᠢᠶᠠᠨ ᠤ ᠳᠠᠷᠤᠭ᠎ᠠ      ᠬᠤᠷᠴᠠ          ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ      ᠵᠠᠩ ᠳ᠋ᠧ ᠴᠢᠶᠠᠩ   ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠵᠠᠩ ᡁᠢ ᠵᠢᠶᠦ᠋ᠨ   ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ        ᠴᠧᠨ ᠯᠢ ᠵᠢᠶᠦ᠋ᠨ   ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ      ᠸᠠᠩ ᠯᠢ ᠵᠥᠩ     ᠬᠤᠰᠢᠭᠤ ᠡᠨᠧᠷᠭᠢ ᠶᠢᠨ ᠲᠣᠪᠴᠢᠶᠠᠨ ᠤ ᠳᠠᠷᠤᠭ᠎ᠠ      ᠬᠤ᠋ ᡁᠢ ᠬᠤᠸᠠ    ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠦ᠋  ᠮᠦᠩᠬᠡ       ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ                        ᠠᠬᠢᠭᠤᠯᠬᠤ ᠲᠥᠪ ᠤᠨ ᠡᠷᠬᠢᠯᠡᠭᠴᠢ      ᠸᠠᠩ ᠰᠡᠴᠡᠨ       ᠠᠯᠳᠠᠨᠰᠢᠷᠡᠭᠡ ᠪᠠᠯᠭᠠᠰᠤᠨ ᠤ ᠳᠠᠷᠤᠭ᠎ᠠ      ᠮᠢ ᡁᠢ ᠵᠢᠶᠦ᠋ᠨ     ᠡᠵᠡᠨ ᠬᠤᠷᠤᠭ᠎ᠠ ᠪᠠᠯᠭᠠᠰᠤᠨ ᠤ ᠳᠠᠷᠤᠭ᠎ᠠ      ᠠᠯᠳᠠᠨᠪᠤᠤ          ᠵᠠᠰᠠᠭ ᠪᠠᠯᠭᠠᠰᠤᠨ ᠤ ᠳᠠᠷᠤᠭ᠎ᠠ      ᠸᠠᠩ ᠢᠦᠶ ᠵᠢᠶᠧ   ᠨᠠᠷᠢᠨᠲᠤᠬᠤᠢ ᠪᠠᠯᠭᠠᠰᠤᠨ ᠤ ᠳᠠᠷᠤᠭ᠎ᠠ      ᠱᠢ ᠯᠢ ᠵᠢᠶᠦ᠋ᠨ     ᠬᠤᠨᠢᠴᠢᠨᠭᠤᠤᠯ ᠪᠠᠯᠭᠠᠰᠤᠨ ᠤ ᠳᠠᠷᠤᠭ᠎ᠠ      ᠸᠠᠩ ᡁᠢ ᠫᠧᠩ     ᠰᠤᠪᠤᠷᠭ᠎ᠠ ᠪᠠᠯᠭᠠᠰᠤᠨ ᠤ ᠳᠡᠳ᠋ ᠳᠠᠷᠤᠭ᠎ᠠ     ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠳᠤ ᠪᠠᠶᠢᠷᠢᠯᠠᠭᠤᠯᠤᠨ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠯᠢ ᠷᠦᠢ ᠴᠧᠩ ᠬᠠᠪᠰᠤᠷᠭᠠᠨ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠪᠣᠳᠠᠲᠠᠶ ᠬᠠᠷᠢᠭᠤᠴᠠᠨ᠂ ᠪᠥᠬᠦ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠰᠢᠮᠳᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠨ᠎ᠠ᠃ ᠡᠯ᠎ᠡ ᠪᠦᠷᠢᠯᠳᠦᠬᠦᠨ ᠨᠢᠭᠡᠴᠡ ᠨᠢ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠢᠭᠡ ᠬᠠᠷᠢᠯᠴᠠᠭᠴᠢ ᠲᠣᠭᠲᠠᠭᠠᠵᠤ ᠡᠳᠦᠷ ᠲᠤᠲᠤᠮ ᠤᠨ ᠬᠠᠷᠢᠯᠴᠠᠬᠤ ᠠᠵᠢᠯ ᠢ ᠬᠠᠷᠢᠭᠤᠴᠠᠭᠤᠯᠬᠤ ᠬᠡᠷᠡᠭᠲᠡᠶ᠃ ᠡᠭᠦᠨ ᠠᠴᠠ ᠬᠤᠶᠢᠰᠢ᠂ ᠬᠤᠰᠢᠭᠤ ᠤᠳᠤᠷᠢᠳᠤᠯᠭ᠎ᠠ ᠠᠴᠠ ᠭᠠᠳᠠᠨ᠎ᠠ᠂ ᠤᠳᠤᠷᠢᠳᠬᠤ ᠳᠤᠭᠤᠶᠢᠯᠠᠩ ᠤᠨ ᠬᠥᠮᠦᠰ ᠲᠤ ᠬᠤᠪᠢᠷᠠᠯᠲᠠ ᠭᠠᠷᠪᠠᠯ᠂ ᠠᠵᠢᠯᠯᠠᠵᠤ ᠪᠠᠶᠢᠭ᠎ᠠ ᠨᠢᠭᠡᠴᠢ ᠠᠴᠠ ᠨᠢ ᠥᠪᠡᠷᠲᠡᠭᠡᠨ ᠲᠣᠬᠢᠷᠠᠭᠤᠯᠤᠭᠰᠠᠨ ᠤ ᠳᠠᠷᠠᠭ᠎ᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ᠂ ᠳᠠᠬᠢᠨ ᠠᠰᠲᠠᠭᠠᠨ ᠮᠡᠳᠡᠭᠳᠡᠯ ᠭᠠᠷᠭᠠᠬᠤ ᠦᠭᠡᠢ᠃     ᠭᠤᠷᠪᠠ᠂ ᠭᠤᠣᠯ ᠡᠭᠦᠷᠭᠡ  (ᠨᠢᠭᠡ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ  ᠬᠤᠰᠢᠭᠤ ᠶᠢᠨ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠳᠤᠮᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠰᠢᠭᠤ ᠨᠢ ᠪᠦᠬᠦ ᠣᠷᠣᠨ ᠤ ᠤᠯᠠᠮᠵᠢᠯᠠᠯᠲᠤ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠰᠢᠶᠠᠨ ᠢᠶᠠᠷ ᠦᠨᠡᠯᠡᠭᠳᠡᠭᠰᠡᠨ ᠠᠵᠠ ᠲᠣᠬᠢᠶᠠᠯ ᠢ ᠵᠠᠪᠳᠤᠨ᠂ ᠤᠯᠠᠮᠵᠢᠯᠠᠯᠲᠤ ᠮᠡᠳᠡᠯᠭᠡ ᠶᠢᠨ ᠡᠬᠢ ᠪᠠᠶᠠᠯᠢᠭ ᠢ ᠤᠯᠠᠮᠵᠢᠯᠠᠨ ᠵᠠᠯᠭᠠᠮᠵᠢᠯᠠᠬᠤ᠂ ᠥᠷᠨᠢᠭᠦᠯᠬᠦ᠂ ᠠᠰᠢᠭᠯᠠᠬᠤ ᠪᠠ ᠬᠠᠮᠠᠭᠠᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠮᠵᠢᠯᠠᠯᠲᠤ ᠮᠡᠳᠡᠯᠭᠡ᠂ ᠠᠷᠠᠳ ᠤᠨ ᠤᠷᠠᠯᠢᠭ ᠪᠠ ᠤᠳᠤᠮᠯᠠᠯ ᠤᠨ ᠡᠬᠢ ᠪᠠᠶᠠᠯᠢᠭ ᠢ ᠴᠤᠭᠯᠠᠭᠤᠯᠤᠨ ᠡᠮᠬᠢᠳᠬᠡᠬᠦ ᠶᠢ ᠴᠢᠩᠭᠠᠳᠬᠠᠵᠤ᠂ ᠪᠦᠬᠦ ᠬᠤᠰᠢᠭᠤᠨ ᠤ ᠤᠯᠠᠮᠵᠢᠯᠠᠯᠲᠤ ᠮᠡᠳᠡᠯᠭᠡ ᠶᠢᠨ ᠳ᠋ᠠᠶᠢᠲ᠋ᠠ ᠬᠥᠮᠥᠷᠭᠡ ᠶᠢ ᠲᠦᠷᠭᠡᠨ ᠪᠠᠶᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠯ᠎ᠡ ᠪᠠᠯᠭᠠᠰᠤ︶᠃     ︵ᠬᠤᠶᠠᠷ︶ ᠡᠵᠡᠨ ᠬᠤᠷᠤᠭ᠎ᠠ ᠬᠤᠰᠢᠭᠤᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃    1᠂ ᠲᠠᠷᠢᠶᠠᠯᠠᠩ ᠮᠠᠯ ᠠᠵᠤ ᠠᠬᠤᠶ ᠶᠢᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ︽ᠡᠵᠡᠨ ᠬᠤᠷᠤᠭ᠎ᠠ ᠶᠢᠨ ᠬᠤᠨᠢᠨ ᠮᠢᠬ᠎ᠠ︾᠂ ︽ᠡᠵᠡᠨ ᠬᠤᠷᠤᠭ᠎ᠠ ᠶᠢᠨ ᠢᠮᠠᠭᠠᠨ ᠨᠤᠤᠯᠤᠭᠤᠷ︾᠂ ︽ᠡᠵᠡᠨ ᠬᠤᠷᠤᠭ᠎ᠠ ᠶᠢᠨ ᠦᠬᠡᠷ ᠤᠨ ᠮᠢᠬ᠎ᠠ︾᠂ ︽ᠡᠵᠡᠨ ᠬᠤᠷᠤᠭ᠎ᠠ ᠶᠢᠨ ᠭᠠᠭ᠋ᠠᠶ ᠶᠢᠨ ᠮᠢᠬ᠎ᠠ︾᠂ ︽ᠡᠵᠡᠨ ᠬᠤᠷᠤᠭ᠎ᠠ ᠶᠢᠨ ᠨᠠᠷᠢᠮᠤ ᠪᠤᠳᠠᠭ᠎ᠠ︾᠂ ︽ᠡᠵᠡᠨ ᠬᠤᠷᠤᠭ᠎ᠠ ᠶᠢᠨ ᠡᠷᠳᠡᠨᠢ ᠰᠢᠰᠢ︾᠂ ︽ᠡᠵᠡᠨ ᠬᠤᠷᠤᠭ᠎ᠠ ᠶᠢᠨ ᠲᠥᠮᠥᠰᠥ︾᠂ ︽ᠡᠵᠡᠨ ᠬᠤᠷᠤᠭ᠎ᠠ ᠶᠢᠨ ᠪᠣᠭᠤᠳᠠᠶ︾᠂ ︽ ᠲᠤᠬᠤᠢ ᠶᠢᠨ ᠵᠤᠤ ᠶᠢᠨ ᠬᠠᠭᠤᠷᠤᠭᠰᠠᠨ ᠪᠤᠳᠠᠭ᠎ᠠ︾᠂ ︽ᠲᠤᠬᠤᠢ ᠶᠢᠨ ᠵᠤᠤ ᠶᠢᠨ ᠪᠤᠷᠴᠠᠭ ᠤᠨ ᠭᠤᠯᠢᠷ︾᠂ ︽ᠡᠵᠡᠨ ᠬᠤᠷᠤᠭ᠎ᠠ ᠶᠢᠨ ᠥᠷᠥᠮ᠎ᠡ︾ ᠵᠡᠷᠭᠡ ᠭᠠᠵᠠᠷ ᠵᠦᠶ ᠶᠢᠨ ᠲᠡᠮᠳᠡᠭᠲᠦ ᠲᠠᠸᠠᠷ ᠤᠨ ᠲᠡᠮᠳᠡᠭ ᠢ ᠭᠤᠤᠯᠳᠠᠯᠭ᠎ᠠ ᠲᠠᠢ ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠪᠣᠯᠤᠨ ᠠᠵᠢᠯ ᠲᠥᠷᠥᠯ ᠤᠨ ᠨᠡᠶᠢᠭᠡᠮᠯᠢᠭ ᠲᠤ ᠲᠦᠰᠢᠭᠯᠡᠨ᠂ ᠨᠢᠭᠡ ᠪᠦᠯᠦᠭ ᠵᠠᠬ᠎ᠠ ᠳᠡᠯᠭᠡᠭᠦᠷ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠪᠠ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠨᠡᠷᠡᠲᠦ ᠲᠥᠷᠥᠯ ᠲᠡᠮᠳᠡᠭᠲᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠥᠲᠥᠯᠥᠨ ᠳᠠᠭᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠲᠦᠷᠭᠡᠳᠬᠡᠬᠦ ᠲᠠᠯ᠎ᠠ ᠪᠠᠷ ᠬᠢ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠭᠰᠡᠨ ᠲᠠᠸᠠᠷ ᠤᠨ ᠲᠡᠮᠳᠡᠭ ᠤᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠭᠠᠵᠠᠷ ᠵᠦᠢ ᠶᠢᠨ ᠲᠡᠮᠳᠡᠭ ᠢᠶᠠᠷ ᠭᠡᠷᠡᠴᠢᠯᠡᠭᠰᠡᠨ ᠨᠡᠷᠡᠲᠦ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠪᠤᠵᠠᠭᠠᠶᠢᠷᠠᠭᠤᠯᠬᠤ᠂ ᠬᠦᠴᠦᠷᠬᠡᠭᠵᠢᠭᠦᠯᠬᠦ ᠶᠢ ᠵᠦ᠋ᠷᠢᠭᠵᠢᠭᠤᠯᠬᠤ ᠬᠡᠷᠡᠭᠲᠡᠶ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠡᠯ᠎ᠡ ᠪᠠᠯᠭᠠᠰᠤ︶᠃    2᠂ ᠣᠨᠴᠠᠯᠢᠭᠲᠤ ᠰᠣᠶᠣᠯ ᠤᠨ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠪᠤᠶ ᠪᠣᠯᠭᠠᠨ᠎ᠠ᠃ ᠭᠠᠵᠠᠷ ᠣᠷᠣᠨ ᠤ ᠣᠨᠴᠠᠯᠢᠭᠲᠤ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠪᠠ ᠭᠤᠤᠯᠳᠠᠯᠭ᠎ᠠ ᠲᠠᠢ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢᠨ ᠲᠣᠭᠤᠷᠢᠨ ᠳᠤ᠂ ᠰᠣᠶᠣᠯ ᠵᠢᠭᠤᠯᠴᠢᠯᠠᠯ ᠤᠨ ᠦᠢᠯᠡᠰ ᠤᠨ ᠠᠭᠤᠯᠤᠭᠳᠠᠬᠤᠨ ᠪᠠ ᠨᠡᠷᠡᠲᠦ ᠲᠥᠷᠥᠯ ᠲᠡᠮᠳᠡᠭᠲᠦ ᠶᠢᠨ ᠳᠠᠪᠠᠭᠤᠯᠢᠭ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠬᠢᠭᠡᠳ ᠬᠥᠮᠦᠨ ᠰᠣᠶᠣᠯ ᠤᠨ ᠵᠢᠭᠤᠯᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠴᠢᠬᠤᠯᠠᠴᠢᠯᠠᠵᠤ᠂ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠡᠯ᠎ᠡ ᠲᠥᠷᠥᠯ ᠤᠨ ᠰᠣᠶᠣᠯ ᠤᠨ ᠠᠵᠤ ᠦᠶ᠋ᠯᠡᠰ ᠤᠨ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠯ᠎ᠡ ᠪᠠᠯᠭᠠᠰᠤ︶᠃    3᠂ ᠭᠠᠵᠠᠷ ᠣᠷᠣᠨ ᠤ ᠠᠵᠤ ᠦᠢᠯᠡᠳᠪᠦᠷᠢ ᠶᠢᠨ ᠨᠡᠷᠡᠲᠦ ᠲᠥᠷᠥᠯ ᠲᠡᠮᠳᠡᠭᠲᠦ ᠶᠢ ᠲᠦᠷᠭᠡᠳᠬᠡᠨ ᠳᠡᠭᠡᠭᠰᠢᠯᠡᠭᠦᠯᠦᠨ᠎ᠡ᠃ ︽ᠢᠮᠠᠭᠠᠨ ᠨᠤᠤᠯᠤᠭᠤᠷ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠪᠠᠶᠢᠭᠠᠯᠢ ᠶᠢᠨ ᠰᠢᠲᠠᠮᠠᠬᠠᠶ ᠬᠡᠶ︾ ᠳᠥᠷᠪᠡᠨ ᠶᠡᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠬᠥᠲᠥᠴᠢ ᠠᠵᠤ ᠠᠬᠤᠶᠢᠯᠠᠯ ᠢᠶᠠᠷ ᠭᠤᠤᠯ ᠪᠣᠯᠭᠠᠵᠤ᠂ ᠲᠠᠸᠠᠷ ᠤᠨ ᠲᠡᠮᠳᠡᠭ ᠢ ᠳᠠᠩᠰᠠᠯᠠᠬᠤ᠂ ᠬᠡᠷᠡᠭᠯᠡᠬᠦ᠂ ᠬᠠᠮᠠᠭᠠᠯᠠᠬᠤ ᠪᠠ ᠬᠠᠮᠢᠶᠠᠷᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠦᠢᠯᠡᠳᠬᠦᠨ ᠨᠢᠭᠡᠪᠦᠷᠢ ᠳᠤ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ᠂ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠲᠠᠢ ᠪᠣᠯᠭᠠᠬᠤ ᠪᠠᠷ ᠴᠢᠷᠮᠠᠶᠢᠨ᠎ᠠ᠃ ︽ᠨᠢᠭᠡ ᠪᠦᠯᠦᠭ ᠢ ᠪᠤᠵᠠᠭᠠᠶᠢᠷᠠᠭᠤᠯᠤᠨ᠂ ᠨᠢᠭᠡ ᠪᠦᠯᠦᠭ ᠢ ᠪᠤᠶᠢᠵᠢᠭᠤᠯᠵᠤ᠂ ᠨᠢᠭᠡ ᠪᠦᠯᠦᠭ ᠢ ᠨᠥᠭᠡᠴᠡᠯᠡᠬᠦ︾ ᠬᠥᠭᠵᠢᠯᠲᠡ ᠶᠢᠨ ᠰᠡᠳᠬᠢᠮᠵᠢ ᠶᠣᠰᠣᠭᠠᠷ᠂ ᠪᠦᠲᠦᠮᠵᠢᠲᠡᠶ ᠶᠠᠰᠤ ᠴᠢᠨᠠᠷ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠡᠨᠧᠷᠭᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠲᠣᠨᠤᠭ ᠲᠥᠬᠦᠭᠡᠷᠦᠮᠵᠢ ᠦᠶ᠋ᠯᠡᠳᠬᠦ᠂ ᠨᠡᠭᠦᠷᠡᠰᠦᠨ ᠤ ᠪᠤᠰᠤ ᠦᠢᠯᠡᠳᠪᠦᠷᠢ ᠠᠭᠤᠷᠬᠠᠶ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠠᠸᠠᠷ ᠤᠨ ᠲᠡᠮᠳᠡᠭ ᠢ ᠳᠠᠩᠰᠠᠯᠠᠬᠤ ᠪᠠ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠮᠠᠨ ᠤ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠠᠵᠤ ᠦᠢᠯᠡᠰ ᠤᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠬᠦᠷᠢᠶᠡᠯᠡᠩ ᠨᠢᠭᠡ ᠪᠦᠲᠦᠭᠡᠭᠳᠡᠬᠦᠨ︾᠂ ︽ᠨᠢᠭᠡ ᠠᠵᠤ ᠠᠬᠤᠶᠢᠯᠠᠯ ᠨᠢᠭᠡ ᠪᠠᠷᠢᠮᠵᠢᠶ᠎ᠠ︾᠎ ᠶᠢᠨ ᠨᠡᠷᠡᠲᠦ ᠲᠡᠮᠳᠡᠭᠲᠦ ᠠᠵᠤ ᠦᠢᠯᠡᠰ ᠤᠨ ᠰᠦᠷᠦᠭᠵᠢᠯ ᠪᠠ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠷᠢᠯᠳᠦᠭᠦᠯᠵᠦ᠂ ᠪᠦᠬᠦ ᠬᠤᠰᠢᠭᠤᠨ ᠤ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠯ᠎ᠡ ᠪᠠᠯᠭᠠᠰᠤ︶᠃     4᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠶ ᠪᠠᠷ ᠪᠤᠶᠢᠵᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ᠂ ᠰᠣᠶᠣᠯ ᠢᠳᠡᠭᠡᠨ ᠤᠮᠳᠠᠭᠠᠨ᠂ ᠬᠥᠮᠦᠵᠢᠯ ᠪᠣᠯᠪᠠᠰᠤᠷᠠᠭᠤᠯᠤᠯ ᠵᠡᠷᠭᠡ ᠦᠢᠯᠡᠴᠢᠯᠡᠭᠡᠨ ᠤ ᠴᠢᠨᠠᠷᠲᠠᠶ ᠲᠠᠸᠠᠷ ᠤᠨ ᠲᠡᠮᠳᠡᠭ ᠢ ᠪᠤᠶᠢᠵᠢᠭᠤᠯᠬᠤ ᠪᠠ ᠳᠠᠩᠰᠠᠯᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠠᠵᠤ ᠠᠬᠤᠶᠢᠯᠠᠯ ᠤᠨ ᠣᠨᠣᠯᠵᠢᠬᠤᠨ ᠤ ᠰᠢᠨ᠎ᠡ ᠶᠢ ᠡᠭᠦᠳᠬᠦ ᠶᠢ ᠳᠡᠮᠵᠢᠨ ᠵᠦ᠋ᠷᠢᠭᠵᠢᠭᠤᠯᠵᠤ᠂ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠢ ᠣᠷᠣᠭᠤᠯᠵᠤ ᠢᠷᠡᠨ᠂ ᠲᠡᠷᠢᠭᠦᠨ ᠤ ᠮᠡᠷᠭᠡᠵᠢᠯ ᠤᠨ ᠪᠠᠷᠢᠮᠵᠢᠶ᠎ᠠ ᠶᠢ ᠬᠡᠷᠡᠭᠯᠡᠵᠦ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠴᠢᠷᠮᠠᠶᠢᠨ ᠪᠤᠶᠢᠵᠢᠭᠤᠯᠤᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠪ᠂ ᠡᠯ᠎ᠡ ᠪᠠᠯᠭᠠᠰᠤ︶᠃    ︵ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠲᠤᠰᠬᠠᠶ ᠠᠰᠢᠭ ᠢ ᠣᠷᠣᠭᠤᠯᠵᠤ ᠢᠷᠡᠬᠦ᠂ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ PCT ᠣᠯᠠᠨ ᠤᠯᠤᠰ ᠤᠨ ᠲᠤᠰᠬᠠᠶ ᠠᠰᠢᠭ ᠪᠠ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠭᠤᠶᠤᠴᠢᠯᠠᠬᠤ᠂ ᠡᠷᠬᠡ ᠣᠯᠭᠤᠬᠤ ᠶᠠᠰᠤ ᠴᠢᠨᠠᠷ ᠢ ᠳᠡᠭᠡᠭᠰᠢᠯᠡᠭᠦᠯᠦᠨ᠂ ᠵᠢᠱᠢᠶ᠎ᠡ ᠦᠵᠡᠭᠦᠯᠬᠦ ᠳᠠᠪᠠᠭᠤᠯᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠡᠭᠦᠳᠦᠨ ᠪᠦᠲᠦᠭᠡᠯᠲᠡ ᠶᠢᠨ ᠲᠤᠰᠬᠠᠶ ᠠᠰᠢᠭ᠂ ᠲᠠᠸᠠᠷ ᠤᠨ ᠲᠡᠮᠳᠡᠭ ᠵᠡᠷᠭᠡ ᠥᠨᠳᠥᠷ ᠥᠷᠲᠡᠭᠲᠦ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠰᠢᠯᠵᠢᠭᠦᠯᠦᠨ ᠤᠯᠠᠷᠢᠭᠤᠯᠬᠤ ᠪᠠ ᠥᠨᠳᠥᠷ ᠥᠷᠲᠡᠭᠲᠦ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠤᠨ ᠡᠭᠦᠳᠦᠨ ᠪᠦᠲᠦᠭᠡᠯᠲᠡ ᠶᠢᠨ ᠢᠨᠵᠧᠨᠧᠷᠢᠩ ᠥᠷᠨᠢᠭᠦᠯᠬᠦ ᠶᠢ ᠭᠤᠤᠯᠳᠠᠯᠭ᠎ᠠ ᠲᠠᠢ ᠳᠡᠮᠵᠢᠨ᠎ᠡ᠃ ᠲᠤᠰᠬᠠᠶ ᠮᠡᠷᠭᠡᠵᠢᠯᠲᠡᠨ ᠤ ᠪᠦᠯᠬᠦᠮ ᠤᠷᠢᠵᠤ ᠲᠤᠰᠬᠠᠶ ᠠᠰᠢᠭ ᠤᠨ ᠠᠶᠠᠯᠠᠯ ᠵᠠᠯᠠᠬᠤ  ᠦᠢᠯᠡᠴᠢᠯᠡᠭᠡ ᠥᠷᠨᠢᠭᠦᠯᠵᠦ᠂ ᠠᠵᠤ ᠠᠬᠤᠶᠢᠯᠠᠯ ᠳᠤ ᠥᠨᠳᠥᠷ ᠥᠷᠲᠡᠭᠲᠦ ᠡᠭᠦᠳᠦᠯᠲᠡ ᠶᠢᠨ ᠲᠤᠰᠬᠠᠶ ᠠᠰᠢᠭ ᠤᠨ ᠬᠡᠷᠡᠭᠯᠡᠯᠲᠡ ᠪᠠ ᠬᠡᠷᠡᠭᠵᠢᠭᠦᠯᠦᠯᠲᠡ ᠶᠢ ᠵᠢᠯᠣᠭᠤᠳᠴᠤ᠂ ᠠᠵᠤ ᠠᠬᠤᠶᠢᠯᠠᠯ ᠤᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠵᠦ᠂ ᠲᠤᠰᠬᠠᠶ ᠠᠰᠢᠭ ᠤᠨ ᠠᠶᠠᠯᠠᠯ ᠵᠠᠯᠠᠬᠤ ᠶᠢ ᠰᠢᠨ᠎ᠡ ᠶᠢ ᠡᠭᠦᠳᠬᠦ  ᠰᠢᠢᠳᠪᠦᠷᠢᠳᠦ ᠪᠣᠳᠣᠯᠭ᠎ᠠ ᠶᠢᠨ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠤᠨ᠎ᠠ ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠯ᠎ᠡ ᠪᠠᠯᠭᠠᠰᠤ︶᠃      ︵ᠳᠥᠷᠪᠡ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠬᠦᠢᠴᠡᠳ ᠪᠠᠳᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠸᠠᠷ ᠤᠨ ᠲᠡᠮᠳᠡᠭ᠂ ᠲᠤᠰᠬᠠᠶ ᠠᠰᠢᠭ ᠤᠨ ᠡᠷᠬᠡ ᠳᠤ ᠬᠠᠯᠳᠠᠵᠤ ᠬᠤᠳᠠᠯ ᠬᠠᠭᠤᠷᠮᠠᠭ ᠵᠣᠬᠢᠶᠠᠭᠰᠠᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠲᠤᠰᠬᠠᠶ ᠵᠦᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠲᠥᠯᠥᠪᠯᠡᠭᠡ ᠲᠠᠢ᠂ ᠭᠤᠣᠯᠳᠠᠯᠭ᠎ᠠ ᠲᠠᠢ ᠪᠠᠷ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠡᠷᠡᠭ ᠣᠯᠠᠨ ᠭᠠᠷᠴᠤ ᠪᠠᠶᠢᠭ᠎ᠠ ᠭᠤᠣᠯᠳᠠᠯᠭ᠎ᠠ ᠲᠠᠢ ᠠᠵᠢᠯ ᠲᠥᠷᠥᠯ᠂ ᠬᠦᠷᠢᠶ᠎ᠡ ᠪᠣᠯᠤᠨ ᠭᠠᠵᠠᠷ ᠣᠷᠣᠨ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠮᠠᠭᠤ ᠰᠠᠨᠠᠭ᠎ᠠ ᠪᠠᠷ ᠡᠷᠬᠡ ᠳᠤ ᠬᠠᠯᠳᠠᠭᠰᠠᠨ᠂ ᠳᠠᠪᠬᠤᠷᠳᠠᠭᠤᠯᠤᠨ ᠡᠷᠬᠡ ᠳᠤ ᠬᠠᠯᠳᠠᠭᠰᠠᠨ ᠵᠢᠴᠢ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠥᠯᠥᠭᠡ ᠪᠠᠷ ᠮᠠᠭᠤ ᠡᠷᠬᠡ ᠳᠤ ᠬᠠᠯᠳᠠᠭᠰᠠᠨ ᠬᠡᠷᠡᠭ ᠢ ᠢᠯᠡᠴᠢᠯᠡᠬᠦ ᠪᠠ ᠰᠢᠳᠬᠡᠬᠦ ᠡᠷᠴᠢᠮ ᠢᠶᠠᠨ ᠨᠡᠮᠡᠭᠳᠡᠭᠦᠯᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠢ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠳᠤᠮᠳᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠡᠷᠡᠭᠦᠦ ᠶᠢᠨ ᠬᠠᠤᠯᠢ ᠴᠠᠭᠠᠵᠠ ᠲᠠᠢ ᠵᠣᠯᠭᠠᠯᠳᠤᠭᠤᠯᠤᠨ ᠬᠠᠮᠵᠢᠯᠴᠠᠭᠤᠯᠬᠤ ᠶᠢ ᠴᠢᠩᠭᠠᠳᠬᠠᠬᠤ ᠲᠤᠬᠠᠶ ᠲᠦᠷ ᠬᠡᠷᠡᠭᠵᠢᠭᠦᠯᠬᠦ ᠲᠣᠭᠲᠠᠭᠠᠯ︾᠎ ᠤᠨ ᠶᠣᠰᠣᠭᠠᠷ ᠲᠤᠤᠱᠯᠠᠭᠤᠯᠤᠨ ᠬᠡᠷᠡᠭᠵᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠶ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠎ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠤᠰᠢᠭᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶᠃    (ᠲᠠᠪᠤ)ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠴᠢᠭ ᠤᠨ ᠰᠤᠷᠭᠠᠭᠤᠯᠢ ᠶᠢ ᠢᠳᠡᠪᠬᠢᠲᠡᠶ ᠪᠠᠷ ᠮᠡᠳᠡᠭᠦᠯᠬᠦ ᠬᠡᠷᠡᠭᠲᠡᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠵᠡᠯ ᠤᠬᠠᠮᠰᠠᠷ ᠪᠠ ᠰᠢᠨ᠎ᠡ ᠶᠢ ᠡᠭᠦᠳᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠳᠤ ᠰᠠᠭᠤᠷᠢᠯᠠᠬᠤ ᠴᠢᠨᠠᠷᠲᠠᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠤᠷᠭᠠᠭᠤᠯᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠬᠥᠮᠦᠵᠢᠯ ᠪᠠ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠤᠰᠬᠠᠶ ᠠᠰᠢᠭ ᠪᠤᠶᠤ ᠲᠠᠸᠠᠷ ᠤᠨ ᠲᠡᠮᠳᠡᠭ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠮᠡᠳᠡᠭᠦᠯᠬᠦ ᠳᠤ ᠵᠢᠯᠣᠭᠤᠳᠣᠯᠭ᠎ᠠ ᠳᠡᠮᠵᠢᠯᠭᠡ ᠦᠵᠡᠭᠦᠯᠬᠦ ᠬᠡᠷᠡᠭᠲᠡᠶ᠃ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠠᠵᠢᠯ ᠢ ᠬᠦᠴᠦᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠯᠭᠡ ᠶᠢᠨ ᠥᠮᠴᠢᠯᠡᠬᠦ ᠡᠷᠬᠡ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠴᠢᠭ ᠤᠨ ᠰᠤᠷᠭᠠᠭᠤᠯᠢ ᠶᠢ ᠢᠳᠡᠪᠬᠢᠲᠡᠢ  ᠴᠢᠷᠮᠠᠶᠢᠨ ᠤᠯᠤᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠰᠢᠭᠤᠨ ᠤ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ︶᠃       ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠣᠰ ᠬᠠᠷᠢᠶ᠎ᠠ ᠣᠷᠣᠨ᠂ ᠲᠣᠰ ᠰᠠᠯᠠᠭ᠎ᠠ ᠮᠥᠴᠢᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠭᠰᠠᠨ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠣᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃     ︵ᠬᠤᠶᠠᠷ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠤᠯ ᠤᠨ ᠡᠷᠴᠢᠮ ᠢ ᠴᠢᠩᠭᠠᠷᠠᠭᠤᠯᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠡᠮᠵᠢᠬᠦ᠂ ᠨᠡᠶᠢᠭᠡᠮ ᠤᠨ ᠣᠯᠠᠨ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠬᠤ︾ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠤᠯ ᠬᠥᠮᠦᠵᠢᠯ ᠲᠦᠭᠡᠮᠡᠯᠵᠢᠭᠦᠯᠬᠦ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠯᠠᠨ ᠵᠠᠮ ᠮᠥᠷ ᠢᠶᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠷ ᠮᠡᠳᠡᠭᠡ ᠤᠯᠠᠮᠵᠢᠯᠠᠬᠤ ᠠᠵᠢᠯᠯᠠᠭ᠎ᠠ ᠥᠷᠨᠢᠭᠦᠯᠬᠦ ᠶᠢ ᠵᠦ᠋ᠷᠢᠭᠵᠢᠭᠤᠯᠤᠨ ᠳᠡᠮᠵᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ ᠲᠠᠸᠠᠷ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠪᠠ ᠡᠭᠦᠳᠦᠨ ᠪᠦᠲᠦᠭᠡᠬᠦ ᠤᠬᠠᠭᠤᠯᠤᠯ ᠰᠡᠳᠦᠬᠦ ᠶᠢ ᠰᠠᠶᠢᠲᠤᠷ ᠬᠢᠵᠦ᠂ ᠬᠡᠷᠡᠭᠯᠡᠭᠴᠢᠳ ᠢ ᠵᠥᠪ ᠢᠶᠠᠷ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠬᠡᠷᠡᠭᠯᠡᠭᠡ ᠶᠢᠨ ᠣᠨᠣᠯᠵᠢᠬᠤᠨ ᠢ ᠪᠣᠶ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃     ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠢᠨᠠᠨ ᠰᠢᠯᠭᠠᠬᠤ  ᠬᠦᠢᠴᠡᠳᠭᠡᠯ ᠲᠣᠭᠠᠨ ᠤ ᠰᠢᠰᠲ᠋ᠧᠮ ᠢ ᠪᠠᠶᠢᠭᠤᠯᠵᠤ᠂ ᠬᠠᠭᠠᠰ ᠵᠢᠯ ᠪᠦᠷᠢ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠬᠢᠨᠠᠨ ᠰᠢᠯᠭᠠᠨ᠎ᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠬᠡᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠣᠨ ᠤ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠠᠵᠢᠯ ᠤᠨ ᠠᠬᠢᠴᠠ ᠪᠠᠷ ᠤᠳᠠᠭᠠᠨ ᠪᠠᠶᠢᠭ᠎ᠠ ᠨᠢᠭᠡᠴᠡ ᠶᠢ ᠪᠥᠬᠦ ᠬᠤᠰᠢᠭᠤᠨ ᠤ ᠬᠡᠪᠴᠢᠶᠡᠨ ᠳᠤ ᠵᠠᠷᠯᠠᠨ ᠮᠡᠳᠡᠭᠳᠡᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号