ᠡᠵᠡᠨ ᠵᠠᠰᠠᠭ ᠠᠯᠪᠠᠨ ᠲᠠᠷᠬᠠᠭᠠᠭᠰᠠᠨ ﹇2021﹈ 11 ᠳ᠋ᠤᠭᠡᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄ | ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠤᠯᠤᠰ ᠤᠨ | 2021 ᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ︾ ᠢ ᠢᠳᠡᠪᠬᠢᠲᠡᠶ ᠡᠭᠦᠳᠦᠨ ᠪᠠᠶᠢᠭᠤᠯᠬᠤ ᠶᠢᠨ ᠲᠥᠯᠥᠭᠡ᠂ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠳᠤᠯᠤᠭᠠᠳ ᠡᠵᠡᠨ ᠬᠤᠷᠤᠭ᠎ᠠ ᠬᠤᠰᠢᠭᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠦᠷᠢᠯᠳᠦᠬᠦᠨ ᠤ ᠨᠡᠷᠡᠰ ᠨᠢ ᠳᠤᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ | ᠰᠤ᠋ ᠰᠢᠨ ᠶᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠯᠢᠦ ᠬᠤᠸᠠᠢ ᠢᠦᠶ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ | ᠪᠠᠢ ᠵᠢᠶᠠᠨ ᠭᠠᠩ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ | ᠶᠠᠨ ᠼᠠᠢ ᠢᠦᠶ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ | ᠵᠠᠩ ᠶᠦᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ | ᠮᠡᠨᠳᠦᠪᠠᠶᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ | ᠪᠢᠶᠠᠨ ᠶᠦᠩ ᠰᠢᠶᠠᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠵᠢᠶᠠᠩᠰᠦ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ᠃ | ᠭᠡᠰᠢᠭᠦᠨ᠄ | ᠵᠣᠣ ᠬᠠᠶ ᠯᠦ ᠤᠯᠠᠭᠠᠨᠮᠦ᠋ᠷᠡᠨ ᠪᠠᠯᠭᠠᠰᠤᠨ ᠤ ᠳᠠᠷᠤᠭ᠎ᠠ | ᠸᠠᠩ ᠰᠡᠴᠡᠨ ᠠᠯᠳᠠᠨᠰᠢᠷᠡᠭᠡ ᠪᠠᠯᠭᠠᠰᠤᠨ ᠤ ᠳᠠᠷᠤᠭ᠎ᠠ | ᠮᠢ ᡁᠢ ᠵᠢᠶᠦ᠋ᠨ ᠡᠵᠡᠨ ᠬᠤᠷᠤᠭ᠎ᠠ ᠪᠠᠯᠭᠠᠰᠤᠨ ᠤ ᠳᠠᠷᠤᠭ᠎ᠠ | ᠠᠯᠳᠠᠨᠪᠤᠤ ᠵᠠᠰᠠᠭ ᠪᠠᠯᠭᠠᠰᠤᠨ ᠤ ᠳᠠᠷᠤᠭ᠎ᠠ | ᠸᠠᠩ ᠢᠦᠶ ᠵᠢᠶᠧ ᠨᠠᠷᠢᠨᠳᠤᠬᠤᠢ ᠪᠠᠯᠭᠠᠰᠤᠨ ᠤ ᠳᠠᠷᠤᠭ᠎ᠠ | ᠱᠢ ᠯᠢ ᠵᠢᠶᠦ᠋ᠨ ᠬᠤᠨᠢᠴᠢᠨᠭᠤᠤᠯ ᠪᠠᠯᠭᠠᠰᠤᠨ ᠤ ᠳᠠᠷᠤᠭ᠎ᠠ | ᠸᠠᠩ ᡁᠢ ᠫᠧᠩ ᠰᠤᠪᠤᠷᠭ᠎ᠠ ᠪᠠᠯᠭᠠᠰᠤᠨ ᠤ ᠳᠡᠳ᠋ ᠳᠠᠷᠤᠭ᠎ᠠ | ᠤᠣ ᠶᠤᠸᠠᠨ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ | ᠯᠢ ᠯᠢ ᠬᠤᠰᠢᠭᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ | ᠭᠤᠤ ᠷᠦᠢ ᠬᠤᠰᠢᠭᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ | ᠰᠢᠤᠢ ᠵᠢᠶᠠᠨ ᠭᠠᠩ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠴᠢ ᠬᠤᠩ ᠮᠧᠶ ᠬᠤᠰᠢᠭᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠳ᠋ᠦ᠋ ᠶᠠᠨ ᠪᠢᠨ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠶᠢᠨ ᠳᠠᠷᠤᠭ᠎ᠠ | ᠵᠠᠩ ᠳ᠋ᠧ ᠴᠢᠶᠠᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠨᠠ᠊ ᠰᠤᠶᠤᠯᠳᠠᠯᠠᠢ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠸᠠᠩ ᠷᠦᠢ ᠰᠢᠤᠸᠠᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠶᠠᠨ ᡁᠢ ᠪᠢᠨ ᠬᠤᠰᠢᠭᠤ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ | ᠵᠠᠩ ᡁᠢ ᠵᠢᠶᠦ᠋ᠨ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ | ᠴᠧᠨ ᠯᠢ ᠵᠢᠶᠦ᠋ᠨ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ | ᠯᠢ ᠷᠦᠢ ᠴᠧᠩ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ | ᠷᠧᠨ ᠭᠤᠸᠠᠩ ᠷᠦᠩ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶᠠᠨ ᠤ ᠳᠠᠷᠤᠭ᠎ᠠ᠃ | ᠸᠠᠩ ᠰᠢᠨ ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ | ᠮᠠ ᠼᠠᠢ ᠬᠤᠩ ᠬᠤᠰᠢᠭᠤᠨ ᠤ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ | ᠶᠠᠩ ᠸᠧᠨ ᠬᠤᠸᠠ ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ | ᠶᠠᠨ ᠰᠢᠶᠠᠩ ᠶᠦᠨ ᠳ᠋ᠦᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ | ᠭᠤᠤ ᠵᠢᠶᠦ᠋ᠨ ᠬᠤᠰᠢᠭᠤᠨ ᠤ ᠰᠢᠤᠳᠠᠨ ᠤ ᠶᠠᠪᠤᠳᠠᠯ ᠤᠨ ᠺᠣᠮᠫᠠᠨᠢ ᠶᠢᠨ ᠶᠡᠷᠦᠩᠬᠡᠶ ᠳᠠᠭᠠᠭᠠᠮᠠᠯ | ᠳ᠋ᠢᠩ ᠸᠠᠨ ᠯᠢ ᠬᠤᠰᠢᠭᠤ ᠠᠷᠠᠳ ᠤᠨ ᠪᠠᠩᠬᠢ ᠶᠢᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠢ ᠬᠤᠰᠢᠭᠤᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠪᠠᠶᠢᠷᠢᠯᠠᠭᠤᠯᠤᠨ᠂ ᠠᠯᠪᠠᠨ ᠬᠡᠷ ᠤᠨ ᠡᠷᠬᠢᠯᠡᠭᠴᠢ ᠶᠢᠨ | ᠲᠤᠰᠢᠶᠠᠯ ᠢ ᠳ᠋ᠦ᠋ ᠶᠠᠨ ᠪᠢᠨ ᠬᠠᠪᠰᠤᠷᠭᠠᠨ ᠡᠭᠦᠷᠭᠡᠯᠡᠨ᠎ᠡ᠃ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ | ᠬᠤᠰᠢᠭᠤᠨ ᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠄ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠢ ᠠᠰᠢᠭᠯᠠᠨ ᠵᠠᠯᠠᠭᠤᠴᠤᠳ᠂ ᠡᠮᠡᠭᠲᠡᠶᠢᠴᠦᠳ ᠤᠨ | ᠦᠢᠯᠡᠰ ᠪᠤᠰᠬᠠᠬᠤ᠂ ᠠᠵᠢᠯ ᠤᠯᠬᠤ ᠶᠢ ᠠᠬᠢᠭᠤᠯᠬᠤ ᠶᠢᠨ ᠬᠠᠮᠲᠤ ᠲᠥᠷᠥᠯ ᠵᠦᠢᠯ᠂ ᠪᠠᠯᠠ ᠮᠥᠩᠭᠦ ᠶᠢᠨ | ᠳᠡᠮᠵᠢᠯᠭᠡ ᠬᠠᠩᠭᠠᠨ᠎ᠠ᠃ | ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠄ ᠬᠤᠰᠢᠭᠤᠨ ᠤ ᠪᠦᠷᠢᠨ ᠪᠠᠷᠠᠭ᠎ᠠ ᠬᠢᠭᠡᠳ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠤᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠣᠭᠤᠳᠴᠤ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠡᠰᠢᠭᠦᠨ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠡᠷᠡᠭᠯᠡᠬᠦ ᠶᠢ ᠠᠬᠢᠭᠤᠯᠤᠨ᠎ᠠ᠃ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠬᠠᠮᠢᠶ᠎ᠠ ᠪᠥᠬᠦᠶ ᠲᠥᠷᠥᠯ ᠵᠦᠢᠯ ᠢ | ᠲᠣᠭᠲᠠᠭᠠᠬᠤ ᠪᠠ ᠳᠡᠭᠡᠭᠰᠢ ᠮᠡᠳᠡᠭᠦᠯᠵᠦ ᠭᠤᠶᠤᠴᠢᠯᠠᠬᠤ ᠠᠵᠢᠯ ᠢ ᠬᠠᠷᠢᠭᠤᠴᠠᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠣᠷᠣᠯᠴᠠᠨ᠎ᠠ᠃ | ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠵᠢᠯᠣᠭᠤᠳᠤᠨ ᠠᠬᠢᠭᠤᠯᠬᠤ ᠶᠢ | ᠬᠠᠷᠢᠭᠤᠴᠠᠵᠤ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠵᠢᠴᠢ ᠠᠵᠤ ᠠᠬᠤᠶᠢᠯᠠᠯ ᠢ | ᠬᠠᠪᠰᠤᠷᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠤᠳᠤᠯᠤᠨ ᠨᠡᠭᠡᠭᠡᠬᠦ ᠲᠥᠪ᠂ ᠵᠥᠭᠡᠯᠡᠨ | ᠲᠣᠨᠤᠭ ᠤᠨ ᠠᠵᠤ ᠠᠬᠤᠶᠢᠯᠠᠯ᠂ ᠲᠤᠰᠬᠠᠶ ᠠᠰᠢᠭ ᠤᠨ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠪᠠᠷ | ᠮᠡᠳᠡᠭᠦᠯᠵᠦ᠂ ᠤᠯᠤᠰ ᠤᠨ ᠰᠢᠨ᠎ᠡ ᠶᠢ ᠡᠭᠦᠳᠬᠦ ᠰᠠᠭᠤᠷᠢ ᠮᠥᠩᠭᠦ᠂ ᠦᠷ᠎ᠡ ᠶᠢᠨ ᠰᠠᠭᠤᠷᠢ ᠮᠥᠩᠭᠦ ᠵᠡᠷᠭᠡ ᠶᠢ | ᠴᠢᠷᠮᠠᠶᠢᠨ ᠣᠯᠤᠨ᠎ᠠ᠃ | ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠲᠥᠷᠥᠯ ᠵᠦᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠤᠰᠬᠠᠶ | ᠨᠡᠶᠢᠭᠡᠮ ᠤᠨ ᠣᠷᠣᠯᠠᠨ ᠬᠦᠢᠴᠡᠳᠭᠡᠬᠦ ᠪᠠᠶᠢᠭᠤᠯᠤᠮᠵᠢ ᠶᠢ ᠰᠣᠩᠭᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ | ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠲᠥᠷᠥᠯ ᠵᠦᠢᠯ ᠤᠨ ᠲᠤᠰᠬᠠᠶ ᠵᠠᠷᠤᠳᠠᠯ ᠢ | ᠨᠠᠶᠢᠳᠠᠪᠤᠷᠢᠵᠢᠭᠤᠯᠬᠤ ᠪᠠ ᠪᠠᠲᠤᠯᠠᠬᠤ ᠶᠢ ᠬᠠᠷᠢᠭᠤᠴᠠᠨ᠎ᠠ︔ ᠶᠡᠷᠦᠩᠬᠡᠶᠢᠯᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ | ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠤᠰᠬᠠᠶ ᠳᠠᠩᠰᠠ ᠪᠠᠷ ᠬᠠᠮᠢᠶᠠᠷᠬᠤ᠂ ᠲᠤᠰᠬᠠᠶ | ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠲᠦ᠋ᠷᠦᠯ ᠵᠦᠢᠯ ᠢ ᠬᠡᠷᠡᠭᠵᠢᠭᠦᠯᠦᠭᠰᠡᠨ | ᠠᠬᠢᠴᠠ ᠪᠠᠷ ᠵᠣᠭᠤᠰ ᠰᠠᠯᠭᠠᠨ ᠥᠭᠬᠦ︔ ᠪᠦᠬᠦ ᠶᠠᠪᠤᠴᠠ ᠳᠤ ᠲᠥᠷᠥᠯ ᠵᠦᠢᠯ ᠤᠨ ᠪᠡᠯᠡ ᠮᠥᠩᠭᠦ ᠶᠢᠨ | ᠬᠤᠪᠢᠶᠠᠷᠢᠯᠠᠯᠲᠠ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠨ᠎ᠠ᠃ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠠᠵᠢᠯ ᠣᠯᠭᠤᠯᠲᠠ ᠶᠢᠨ ᠲᠣᠪᠴᠢᠶ᠎ᠠ᠄ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠵᠢᠴᠢ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠨᠥᠬᠦᠪᠥᠷᠢ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ | ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠠᠵᠢᠯ ᠢ ᠬᠠᠷᠢᠭᠤᠴᠠᠨ᠎ᠠ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠤᠨ ᠬᠦᠷᠢᠶᠡᠯᠡᠩ ᠵᠢᠴᠢ ᠢᠵᠢ ᠪᠥᠷᠢᠳᠦᠭᠰᠡᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶ᠋ᠯᠭᠡᠭᠡᠨ ᠤ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠵᠢᠭᠦᠯᠬᠦ ᠶᠢᠨ ᠬᠠᠮᠲᠤ | ᠵᠢᠯᠣᠭᠤᠳᠴᠤ᠂ ᠵᠣᠬᠢᠴᠠᠭᠤᠯᠤᠨ ᠲᠥᠯᠥᠪᠵᠢᠭᠦᠯᠵᠦ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠄ ᠪᠠᠷᠠᠭᠠᠨ ᠤ ᠬᠦᠢᠯᠭᠡᠭᠡᠨ ᠤ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠬᠠᠷᠢᠭᠤᠴᠠᠵᠤ᠂ ᠰᠢᠤᠳᠠᠨ᠂ ᠲᠦᠷᠭᠡᠨ ᠬᠦᠷᠭᠡᠯᠲᠡ ᠶᠢᠨ ᠪᠠᠷᠠᠭᠠᠨ ᠤ ᠬᠦᠢᠯᠭᠡᠭᠡᠨ ᠤ ᠠᠵᠤ | ᠠᠬᠤᠶᠢᠯᠠᠯ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠵᠡᠷᠭᠡ ᠬᠥᠳᠡᠭᠡ ᠲᠣᠰᠬᠤᠨ ᠤ ᠪᠠᠷᠠᠭᠠᠨ ᠤ | ᠬᠦᠢᠯᠭᠡᠭᠡ ᠶᠢᠨ ᠲᠣᠬᠢᠷᠠᠭᠤᠯᠤᠨ ᠬᠦᠷᠭᠡᠬᠦ ᠲᠤᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠣᠯᠠᠨ ᠵᠦᠢᠯ ᠤᠨ | ᠬᠡᠯᠪᠡᠷᠢ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠰᠢᠭᠤ ᠲᠣᠭᠤᠷᠢᠭ ᠠᠴᠠ ᠰᠢᠶᠠᠩ ︵ᠪᠠᠯᠭᠠᠰᠤ︶᠂ ᠲᠣᠰᠬᠤᠨ | ᠬᠦᠷᠲᠡᠯᠡᠬᠢ ᠲᠦᠷᠭᠡᠨ ᠬᠦᠷᠭᠡᠯᠲᠡ ᠶᠢᠨ ᠪᠠᠷᠠᠭᠠᠨ ᠤ ᠬᠦᠢᠯᠭᠡᠭᠡ ᠶᠢᠨ ᠲᠤᠬᠠᠶᠢᠯᠠᠭᠰᠠᠨ ᠠᠵᠢᠯ ᠢ ᠳᠠᠭᠠᠭᠠᠨ ᠠᠪᠤᠨ᠎ᠠ᠃ | ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠮ ᠤᠨ | ᠰᠠᠭᠠᠳ ᠦᠭᠡᠶ ᠨᠡᠪᠲᠡᠷᠡᠬᠦ ᠨᠣᠷᠮ᠎ᠠ ᠶᠢ ᠳᠡᠭᠡᠭᠰᠢᠯᠡᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭᠠᠨ ᠤ | ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ | ᠬᠦᠢᠯᠭᠡᠭᠡᠨ ᠤ ᠳᠠᠮᠵᠢᠭᠤᠯᠤᠨ ᠬᠦᠷᠭᠡᠬᠦ ᠲᠥᠪ᠂ ᠰᠢᠤᠳᠠᠨ ᠤ ᠶᠠᠪᠤᠳᠠᠯ ᠤᠨ ᠺᠣᠮᠫᠠᠨᠢ᠂ ᠭᠤᠷᠪᠠᠳᠠᠬᠢ ᠡᠲᠡᠭᠡᠳ ᠤᠨ | ᠪᠠᠷᠠᠭ᠎ᠠ ᠶᠢᠨ ᠬᠦᠢᠯᠭᠡᠭᠡᠨ ᠤ ᠺᠣᠮᠫᠠᠨᠢ ᠵᠡᠷᠭᠡ ᠪᠠᠷᠠᠭ᠎ᠠ ᠶᠢᠨ ᠬᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡ | ᠬᠥᠰᠬᠡ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠪᠠᠷᠠᠭᠠᠨ ᠤ ᠬᠦᠢᠯᠭᠡᠭᠡᠨ ᠤ ᠠᠵᠤ | ᠠᠬᠤᠶᠢᠯᠠᠯ ᠪᠣᠯᠤᠨ ᠠᠶᠠᠨᠴᠢᠳ ᠤᠨ ᠲᠡᠭᠡᠭᠡᠪᠦᠷᠢ ᠶᠢᠨ ᠺᠣᠮᠫᠠᠨᠢ ᠶᠢ ᠳᠠᠶᠢᠴᠢᠯᠠᠨ ᠲᠡᠷᠭᠡᠨ ᠪᠡᠶ᠎ᠡ ᠶᠢᠨ ᠵᠠᠷ ᠮᠡᠳᠡᠭᠡ᠂ | ᠤᠷᠢᠶ᠎ᠠ ᠯᠣᠽᠦ᠋ᠩ ᠵᠣᠬᠢᠶᠠᠵᠤ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠴᠢᠬᠤᠯᠠ ᠴᠢᠨᠠᠷ᠂ ᠴᠢᠬᠤᠯᠠ ᠴᠢᠨᠠᠷ ᠢ ᠶᠡᠬᠡᠪᠡᠷ | ᠤᠬᠠᠭᠤᠯᠤᠨ᠎ᠠ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠄ ᠪᠥᠬᠦ ᠬᠤᠰᠢᠭᠤᠨ ᠤ ᠲᠠᠷᠢᠶᠠᠯᠠᠩ ᠤᠨ | ᠣᠨᠴᠠ ᠭᠠᠷᠤᠯᠲᠠ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠵᠢᠴᠢ ᠨᠠᠷᠠᠲᠤ ᠲᠡᠮᠳᠡᠭ ᠢ | ᠪᠤᠶᠢᠵᠢᠭᠤᠯᠤᠨ ᠳᠡᠯᠭᠡᠷᠡᠭᠦᠯᠬᠦ ᠠᠵᠢᠯ ᠢ ᠬᠠᠷᠢᠭᠤᠴᠠᠵᠤ᠂ ᠬᠥᠳᠡᠭᠡ ᠲᠣᠰᠬᠤᠨ ᠤ ᠦᠢᠯᠡᠳᠬᠦᠨ ᠤ ᠶᠠᠰᠤ ᠴᠢᠨᠠᠷ ᠤᠨ | ᠡᠬᠢ ᠰᠤᠷᠪᠤᠯᠵᠢ ᠶᠢ ᠡᠷᠢᠬᠦ ᠪᠠᠶᠢᠭᠤᠯᠤᠯᠲᠠ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ | ᠵᠢᠯᠣᠭᠤᠳᠤᠨ᠎ᠠ᠃ ᠬᠥᠳᠡᠭᠡ ᠲᠣᠰᠬᠤᠨ ᠤ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠷᠠᠯᠵᠢᠶᠠᠨ ᠤ ᠬᠠᠮᠢᠶ᠎ᠠ ᠪᠥᠬᠦᠶ ᠪᠠᠷᠢᠮᠵᠢᠶ᠎ᠠ ᠶᠢ ᠲᠣᠭᠲᠠᠭᠠᠵᠤ᠂ ᠲᠣᠰ ᠬᠤᠰᠢᠭᠤᠨ ᠤ ᠲᠠᠷᠢᠶᠠᠯᠠᠩ ᠮᠠᠯ ᠠᠵᠤ | ᠠᠬᠤᠶ ᠶᠢᠨ ᠲᠤᠰᠬᠠᠶ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠣᠨᠴᠠ ᠭᠠᠷᠤᠯᠲᠠ ᠶᠢᠨ ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡ ᠪᠠ ᠪᠣᠯᠪᠠᠰᠤᠷᠠᠯ ᠳᠤ | ᠣᠷᠣᠯᠴᠠᠭᠤᠯᠵᠤ᠂ ᠬᠥᠳᠡᠭᠡ ᠲᠣᠰᠬᠤᠨ ᠤ ᠪᠦᠲᠦᠭᠡᠭᠳᠡᠬᠦᠨ ᠤ ᠦᠢᠯᠡᠳᠪᠦᠷᠢᠯᠡᠯ ᠬᠦᠢᠯᠭᠡᠭᠡᠨ ᠤ ᠶᠠᠰᠤ ᠴᠢᠨᠠᠷ ᠤᠨ | ᠠᠮᠤᠷ ᠲᠦᠪᠰᠢᠨ ᠤ ᠠᠳᠡᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠪᠠᠶᠢᠭᠤᠯᠤᠨ᠎ᠠ᠃ | ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠄ ᠪᠥᠬᠦ ᠬᠤᠰᠢᠭᠤᠨ ᠤ ᠵᠢᠭᠤᠯᠴᠢᠯᠠᠯ ᠤᠨ ᠠᠵᠢᠯ | ᠲᠥᠷᠥᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰᠵᠢᠯᠳᠡ ᠶᠢᠨ ᠠᠵᠢᠯ ᠢ ᠬᠠᠷᠢᠭᠤᠴᠠᠨ | ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠭ᠎ᠠ ᠪᠠᠷᠢᠯ ᠢ ᠠᠰᠢᠭᠯᠠᠨ ᠵᠢᠭᠤᠯᠴᠢᠯᠠᠯ ᠤᠨ | ᠣᠨᠴᠠᠯᠢᠭᠲᠤ ᠡᠬᠢ ᠪᠠᠶᠠᠯᠢᠭ ᠢ ᠤᠬᠠᠭᠤᠯᠤᠨ ᠳᠡᠯᠭᠡᠷᠡᠭᠦᠯᠵᠦ᠂ ᠵᠢᠭᠤᠯᠴᠢᠯᠠᠯ ᠤᠨ ᠣᠨᠴᠠᠯᠢᠭᠲᠤ ᠬᠥᠳᠡᠭᠡ | ᠲᠣᠰᠬᠤᠨ ᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠣᠭᠠᠯᠠᠨ ᠳᠡᠯᠭᠡᠨ | ᠪᠣᠷᠣᠯᠠᠭᠤᠯᠬᠤ ᠶᠢ ᠵᠣᠬᠢᠶᠠᠨ ᠪᠠᠶᠢᠭᠤᠯᠤᠨ᠎ᠠ᠃ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠵᠢᠴᠢ ᠡᠯ᠎ᠡ ᠵᠦᠢᠯ ᠤᠨ ᠭᠠᠷᠳᠠᠮ ᠢ | ᠭᠦᠢᠴᠡᠳᠭᠡᠬᠦ ᠳᠤ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠬᠤ ᠶᠢ ᠬᠠᠷᠢᠭᠤᠴᠠᠵᠤ᠂ | ᠦᠢᠯᠡᠳᠬᠦᠨ ᠤ ᠶᠠᠰᠤ ᠴᠢᠨᠠᠷ ᠢ ᠬᠢᠨᠠᠨ ᠬᠡᠮᠵᠢᠬᠦ᠂ ᠢᠳᠡᠭᠡᠨ ᠤ ᠠᠮᠤᠷ ᠲᠦᠪᠰᠢᠨ ᠢ ᠭᠡᠷᠡᠴᠢᠯᠡᠬᠦ᠂ ᠦᠢᠯᠡᠳᠬᠦᠨ ᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠠᠷᠢᠭᠤᠴᠠᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠠᠵᠢᠯ ᠢ | ᠵᠢᠯᠣᠭᠤᠳᠴᠤ᠂ ᠲᠣᠰ ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠲᠥᠷᠥᠯ ᠤᠨ ᠡᠯᠧᠺᠲᠷᠣᠨ | ᠬᠤᠳᠠᠯᠳᠤᠭᠠᠨ ᠤ ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠨ᠎ᠠ᠃ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠠᠮᠢᠶ᠎ᠠ ᠪᠦᠬᠦᠢ ᠢᠲᠡᠭᠡᠮᠵᠢ ᠶᠢᠨ ᠳᠦᠷᠢᠮ ᠢ ᠲᠣᠭᠲᠠᠭᠠᠵᠤ᠂ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠴᠢᠩᠭᠠᠳᠬᠠᠨ᠎ᠠ᠃ | ᠬᠤᠰᠢᠭᠤᠨ ᠤ ᠮᠥᠩᠭᠦᠨ ᠬᠦᠢᠯᠭᠡᠭᠡᠨ ᠤ ᠦᠢᠯᠡᠴᠢᠯᠡᠭᠡᠨ ᠤ ᠲᠥᠪ᠂ ᠠᠷᠠᠳ ᠤᠨ ᠪᠠᠩᠬᠢ᠄ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠮᠥᠩᠭᠦᠨ ᠬᠦᠢᠯᠭᠡᠭᠡᠨ ᠤ ᠲᠥᠷᠥ ᠶᠢᠨ | ᠪᠣᠳᠣᠯᠭ᠎ᠠ ᠶᠢ ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠬᠤᠰᠢᠭᠤᠨ ᠤ ᠪᠠᠯᠠ ᠣᠷᠣᠭᠤᠯᠤᠯᠲᠠ ᠶᠢ ᠠᠬᠢᠭᠤᠯᠬᠤ ᠲᠥᠪ᠄ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠤᠨ ᠬᠦᠷᠢᠶᠡᠯᠡᠩ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠵᠢᠯᠣᠭᠤᠳᠴᠤ | ᠵᠣᠬᠢᠴᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ᠄ ᠲᠠᠷᠢᠶᠠᠯᠠᠩ ᠤᠨ ᠪᠦᠲᠦᠭᠡᠭᠳᠡᠬᠦᠨ ᠤ ᠬᠦᠢᠯᠭᠡᠭᠡ ᠪᠠ | ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠶᠢ | ᠵᠣᠬᠢᠴᠠᠭᠤᠯᠤᠨ ᠠᠬᠢᠭᠤᠯᠤᠨ᠎ᠠ᠃ | ᠬᠤᠰᠢᠭᠤᠨ ᠤ ᠰᠢᠤᠳᠠᠨ ᠤ ᠺᠣᠮᠫᠠᠨᠢ᠄ ᠬᠥᠮᠥᠷᠭᠡᠯᠡᠨ ᠬᠠᠳᠠᠭᠠᠯᠠᠬᠤ ᠲᠥᠪ᠂ ᠬᠤᠪᠢᠶᠠᠨ ᠪᠣᠷᠣᠯᠠᠭᠤᠯᠬᠤ | ᠲᠠᠪᠴᠠᠩ᠂ ᠪᠠᠷᠠᠭᠠᠨ ᠤ ᠬᠦᠢᠯᠭᠡᠭᠡᠨ ᠤ ᠲᠦᠷᠭᠡᠨ ᠬᠦᠷᠭᠡᠯᠲᠡ᠂ ᠦᠨᠳᠦᠰᠦᠨ ᠱᠠᠲᠤᠨ ᠤ ᠲᠤᠤᠷ ᠴᠢᠭ ᠵᠡᠷᠭᠡ | ᠲᠠᠯ᠎ᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠶ ᠠᠬᠢᠭᠤᠯᠤᠨ᠎ᠠ᠃ | ᠡᠯ᠎ᠡ ᠪᠠᠯᠭᠠᠰᠤ᠄ ᠪᠠᠯᠭᠠᠰᠤ ︵ᠲᠣᠰᠬᠤᠨ᠂ ᠨᠡᠶᠢᠭᠡᠮ ᠲᠣᠭᠤᠷᠢᠭ︶ ᠶᠢᠨ ᠦᠢᠯᠡᠴᠢᠯᠡᠭᠡᠨ ᠤ ᠥᠷᠲᠡᠭᠡ ︵ | ᠴᠢᠬ︶ ᠶᠢᠨ ᠭᠠᠵᠠᠷ ᠰᠣᠩᠭᠤᠬᠤ᠂ ᠠᠵᠢᠯᠲᠠᠨ ᠢ ᠨᠠᠶᠢᠳᠠᠪᠤᠷᠢᠵᠢᠭᠤᠯᠬᠤ ᠪᠠ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠪᠣᠯᠪᠠᠰᠤᠷᠠᠭᠤᠯᠤᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠬᠤ᠂ ᠲᠣᠰ ᠭᠠᠵᠠᠷ ᠤᠨ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠵᠦ ᠪᠣᠷᠣᠯᠠᠭᠤᠯᠬᠤ ᠵᠡᠷᠭᠡ ᠠᠵᠢᠯ ᠢ ᠬᠠᠷᠢᠭᠤᠴᠠᠵᠤ᠂ | ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠤᠨ | ᠵᠣᠬᠢᠴᠠᠭᠤᠯᠬᠤ ᠪᠠ ᠬᠠᠮᠵᠢᠯᠴᠠᠬᠤ ᠠᠵᠢᠯ ᠢ ᠰᠠᠶᠢᠲᠤᠷ ᠬᠢᠨ᠎ᠠ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 5 ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | | | | | | | |