ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠬᠦ ᠲᠤᠬᠠᠶ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2021/12/15
      ᠡᠵᠡᠨ ᠵᠠᠰᠠᠭ ᠲᠠᠷᠬᠠᠭᠠᠭᠰᠠᠨ  ﹇2021﹈11  ᠳ᠋ᠤᠭᠡᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶᠎ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄      ᠣᠳᠣᠬᠠᠨ ᠳᠤ᠂ ᠮᠠᠨ ᠤ ᠬᠤᠰᠢᠭᠤ ᠨᠢᠭᠡᠨᠲᠡ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠬᠤᠭᠤᠴᠠᠭᠠᠨ ᠳᠤ ᠣᠷᠣᠪᠠ᠃ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ 25 ᠳ᠋ᠤᠭᠠᠷ ᠲᠣᠭᠠᠲᠤ︶᠎ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ 2021 ᠣᠨ ᠤ 3 ᠳ᠋ᠤᠭᠠᠷ ᠰᠠᠷ᠎ᠠ ᠶᠢᠨ 15᠎ ᠤ ᠡᠳᠦᠷ ᠠᠴᠠ 2021 ᠣᠨ ᠤ 6 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠦᠶ᠋ᠮᠡᠷ ᠢ ᠰᠡᠷᠭᠡᠶᠢᠯᠡᠬᠦ ᠬᠤᠭᠤᠴᠠᠭᠠᠨ ᠳᠤ ᠣᠷᠣᠭᠤᠯᠬᠤ ᠪᠠᠷ ᠲᠣᠭᠲᠠᠪᠠ᠂ ᠡᠳᠦᠭᠡ ᠭᠠᠯ ᠰᠡᠷᠭᠡᠶᠢᠯᠡᠬᠦ ᠬᠤᠭᠤᠴᠠᠭᠠᠨ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠴᠤ ᠮᠡᠳᠡᠬᠦ ᠰᠠᠭᠤᠭᠠᠯᠢ ᠠᠷᠠᠳ ᠤᠨ ᠭᠠᠯ ᠬᠡᠷᠡᠭᠯᠡᠬᠦ ᠪᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ᠄ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠶ ᠰᠢᠭᠤᠶ᠂ ᠣᠶ ᠮᠣᠳᠣ᠂ ᠣᠶ ᠮᠣᠳᠣᠨ ᠤ ᠭᠠᠵᠠᠷ ᠪᠣᠯᠤᠨ ᠪᠠᠶᠢᠭᠠᠯᠢ ᠶᠢᠨ ᠨᠤᠲᠤᠭ ᠪᠡᠯᠴᠢᠭᠡᠷ᠂ ᠲᠠᠷᠢᠮᠠᠯ ᠪᠡᠯᠴᠢᠭᠡᠷ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ᠂ ᠬᠤᠲᠠ ᠪᠠᠯᠭᠠᠰᠤ ᠶᠢᠨ ᠲᠣᠭᠤᠷᠢᠭ᠂ ᠡᠯ᠎ᠡ ᠬᠦᠷᠢᠶᠡᠯᠡᠩ ᠲᠣᠭᠤᠷᠢᠭ ᠡᠭᠦᠨ ᠳᠤ ᠪᠠᠭᠲᠠᠬᠤ ᠦᠭᠡᠶ᠃      ᠬᠤᠶᠠᠷ᠂ ᠣᠶ ᠰᠢᠭᠤᠶ ᠨᠤᠲᠤᠭ ᠪᠡᠯᠴᠢᠭᠡᠷ ᠤᠨ ᠭᠠᠯ ᠴᠠᠭᠠᠵᠠᠯᠠᠵᠤ ᠵᠠᠬᠢᠷᠤᠨ ᠬᠠᠮᠢᠶᠠᠷᠬᠤ ᠬᠤᠭᠤᠴᠠᠭᠠᠨ ᠳᠤ ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷ᠎ᠠ ᠪᠤᠯᠠᠰᠢᠨ ᠳᠤ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠭᠠᠯ ᠰᠢᠲᠠᠭᠠᠬᠤ᠂ ᠲᠡᠵᠢᠭᠡᠯ ᠡᠪᠡᠰᠦ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠶ ᠰᠢᠭᠤᠶ ᠡᠪᠡᠰᠦᠨ ᠤ ᠵᠠᠬ᠎ᠠ ᠬᠥᠪᠡᠭᠡ᠂ ᠣᠶ ᠰᠢᠭᠤᠢ ︵ᠡᠪᠡᠰᠦ︶  ᠲᠠᠷᠢᠶᠠᠨ ᠭᠠᠨᠵᠷ ᠤᠨ ᠠᠭᠤᠯᠵᠠᠷ ᠬᠡᠰᠡᠭ ᠲᠤ ᠠᠲᠠᠷ ᠰᠢᠲᠠᠭᠠᠬᠤ᠂ ᠭᠤᠤᠷᠰᠤ ᠰᠢᠲᠠᠭᠠᠬᠤ᠂ ᠬᠤᠭ ᠨᠣᠪᠰᠢ ᠰᠢᠲᠠᠭᠠᠬᠤ ᠵᠡᠷᠭᠡ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠭᠠᠯ ᠤᠨ ᠤᠴᠢ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠡᠷ ᠤᠨ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠳᠤ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠦᠨᠡᠨᠬᠦ ᠴᠢᠬᠤᠯᠠ ᠲᠠᠢ ᠪᠣᠯ ᠡᠷᠬᠡᠪᠰᠢ ᠲᠤᠬᠠᠶ ᠶᠢᠨ ᠭᠠᠵᠠᠷ ᠤᠨ ᠭᠠᠯ ᠰᠡᠷᠭᠡᠶᠢᠯᠡᠬᠦ ︵ᠤᠨᠲᠠᠷᠠᠭᠠᠬᠤ︶ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠬᠦ ᠬᠡᠷᠡᠭᠲᠡᠶ᠃ ᠳᠥᠷᠪᠡᠳᠦᠭᠡᠷ ᠳᠡᠰ ᠠᠴᠠ ᠳᠡᠭᠡᠭᠰᠢᠬᠢ ᠰᠠᠯᠬᠢᠨ ᠤ ᠬᠦᠴᠦᠨ ᠤ ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠭᠤᠷᠪᠠ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠴᠢᠭ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠡᠷᠬᠡᠪᠰᠢ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ ᠤᠨᠲᠠᠷᠠᠭᠠᠬᠤ ᠮᠠᠰᠢᠨ ᠪᠠᠭᠠᠵᠢ ᠶᠢ ᠬᠦᠢᠴᠡᠳ ᠲᠣᠬᠢᠷᠠᠭᠤᠯᠵᠤ᠂ ᠪᠣᠯᠪᠠᠰᠤᠷᠠᠭᠤᠯᠤᠯ ᠬᠦᠷᠲᠡᠭᠰᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠲᠣᠬᠢᠷᠠᠭᠤᠯᠬᠤ ᠬᠡᠷᠡᠭᠲᠡᠶ᠃ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 541 ᠳ᠋ᠤᠭᠡᠷ ᠲᠣᠭᠠᠲᠤ︶᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 542 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ 25 ᠳ᠋ᠤᠭᠠᠷ ᠲᠣᠭᠠᠲᠤ︶᠎ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠶ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠤᠨ᠎ᠠ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠶᠢᠨ ᠣᠷᠴᠢᠨ ᠲᠣᠭᠤᠷᠢᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠬᠠᠷᠢᠶᠠᠲᠤ ᠣᠷᠣᠨ ᠤ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠡᠯᠳᠡᠪ ᠡᠪᠡᠰᠦ ᠵᠡᠷᠭᠡ ᠰᠢᠲᠠᠮᠠᠬᠠᠶ ᠪᠣᠳᠠᠰ ᠢ ᠲᠦᠢᠯᠪᠤᠷᠢᠲᠠᠶ ᠠᠷᠢᠯᠭᠠᠨ᠎ᠠ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂  ᠲᠠᠷᠢᠶ᠎ᠠ ︵ᠳᠠᠯᠠᠩ︶ ᠰᠢᠲᠠᠭᠠᠬᠤ᠂ ᠦᠨᠡᠰᠦ ᠪᠠᠷ ᠪᠣᠷᠲᠣᠭᠤᠷ ᠴᠤᠭᠯᠠᠭᠤᠯᠬᠤ ᠵᠡᠷᠭᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃      ᠳᠥᠷᠪᠡ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ᠂ ᠲᠦᠷᠢᠶᠡᠰᠦᠨ ᠮᠠᠰᠢᠨ ᠲᠡᠷᠭᠡ᠂ ᠰᠢᠦᠳᠠᠨ᠂ ᠪᠠᠷᠠᠭ᠎ᠠ ᠶᠢᠨ ᠭᠦᠢᠯᠭᠡᠭᠡᠨ᠂ ᠲᠦᠷᠭᠡᠨ ᠬᠦᠷᠭᠡᠬᠦ᠂ ᠨᠡᠭᠦᠷᠡᠰᠦ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠦᠭᠦᠳ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ ᠳᠤ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠣᠯᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠠᠮᠠᠬᠢᠨ ᠤ ᠡᠰᠢ᠂ ᠭᠠᠯ ᠨᠡᠭᠦᠷᠡᠰᠦ ᠵᠡᠷᠭᠡ ᠭᠠᠯ ᠤᠨ ᠲᠥᠷᠥᠯ ᠢ ᠬᠠᠶᠠᠬᠤ ᠶᠢ ᠴᠢᠩᠭ᠎ᠠ ᠴᠠᠭᠠᠵᠠᠯᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ᠪᠣᠭᠤᠳᠠᠯᠯᠠᠭᠰᠠᠨ ᠨᠢ ᠴᠢᠩᠭ᠎ᠠ ᠪᠤᠰᠤ ᠠᠴᠠ ᠪᠣᠯᠵᠤ ᠨᠡᠭᠦᠷᠡᠰᠦᠨ ᠰᠢᠭᠠᠷᠤ ᠪᠠᠨ ᠠᠭᠤᠷᠬᠠᠶ ᠶᠢᠨ ᠣᠷᠣᠨ ᠠᠴᠠ ᠭᠠᠳᠠᠨᠠᠬᠢ ᠣᠷᠣᠨ ᠳᠤ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠢᠯᠣᠭᠤᠴᠢ᠂ ᠲᠡᠷᠭᠡ ᠳᠠᠭᠠᠬᠤ ᠬᠠᠮᠢᠶᠠᠷᠤᠭᠴᠢ ᠪᠣᠯ ᠭᠠᠯ ᠰᠡᠷᠭᠡᠶᠢᠯᠡᠬᠦ ᠬᠠᠷᠢᠭᠤᠴᠠᠯᠭᠠᠲᠠᠨ᠃      ᠲᠠᠪᠤ᠂ ᠭᠠᠯ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠴᠠᠭ ᠢᠮᠠᠭᠲᠠ ᠳᠠᠶᠢᠨ ᠤ ᠪᠡᠯᠡᠳᠬᠡᠯ ᠤᠨ ᠪᠠᠶᠢᠳᠠᠯ ᠢᠶᠠᠨ ᠪᠠᠲᠤᠯᠠᠵᠤ᠂ ᠭᠠᠯ ᠲᠦᠢᠮᠡᠷ ᠭᠠᠷᠤᠮᠠᠭᠴᠠ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ᠂ ︽ᠡᠷᠲᠡ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠤᠨᠳᠠᠷᠠᠭᠠᠵᠤ ᠲᠡᠶᠢᠯᠬᠦ︾᠎ ᠶᠢ ᠪᠡᠶᠡᠯᠡᠭᠦᠯᠵᠦ᠂ ᠬᠥᠮᠦᠨ ᠦᠬᠦᠵᠦ ᠰᠢᠷᠬᠠᠲᠤᠬᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃      ᠵᠢᠷᠭᠤᠭ᠎ᠠ᠂ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠦᠭᠡᠶ᠂ ᠭᠠᠯ ᠤᠨ ᠭᠠᠮᠰᠢᠭ ᠤᠨ ᠳᠠᠯᠳᠠ ᠭᠡᠮ ᠢ ᠠᠷᠢᠯᠭᠠᠬᠤ ᠦᠭᠡᠶ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ᠂ ᠠᠳᠡᠵᠦ ᠬᠢᠭᠰᠡᠨ ᠪᠤᠶᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠶᠢ ᠵᠣᠷᠢᠭᠤᠳᠠ ᠡᠭᠦᠰᠭᠡᠭᠰᠡᠨ ᠪᠠᠶᠢᠪᠠᠯ᠂ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ᠪᠠ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃      ᠳᠣᠯᠤᠭ᠎ᠠ᠂ ᠪᠠᠶᠢᠴᠠᠭᠠᠬᠤ ᠪᠠᠷ ᠳᠠᠮᠵᠢᠭᠠᠳ ᠬᠠᠷᠢᠶ᠎ᠠ ᠣᠷᠣᠨ ᠤ ᠪᠠᠨ ᠳᠣᠲᠣᠷ᠎ᠠ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠶ᠂ ᠭᠠᠯ ᠤᠨ ᠢᠷᠡᠯᠲᠡ ᠶᠢᠨ ᠬᠠᠮᠢᠶᠠᠷᠤᠯᠲᠠ ᠴᠢᠩᠭ᠎ᠠ ᠪᠤᠰᠤ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠤᠭᠰᠠᠨ ᠦᠭᠡᠶ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠨᠢ ᠬᠦᠴᠦᠨ ᠦᠭᠡᠶ᠂ ᠵᠣᠬᠢᠶᠠᠨ ᠪᠠᠶᠢᠭᠤᠯᠤᠨ ᠭᠠᠯ ᠤᠨᠲᠠᠷᠠᠭᠠᠬᠤ ᠨᠢ ᠬᠦᠴᠦᠨ ᠦᠭᠡᠶ᠂ ᠬᠢᠨᠠᠯᠲᠠ ᠪᠠᠶᠢᠴᠠᠭᠠᠯᠲᠠ ᠨᠢ ᠪᠣᠳᠠᠲᠠᠶᠢᠵᠢᠭᠠᠳᠤᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ  ﹇2015﹈ 66 ᠳ᠋ᠤᠭᠠᠷ ᠲᠣᠭᠠᠲᠤ︶ ᠵᠡᠷᠭᠡ ᠲᠣᠭᠲᠠᠭᠠᠯ ᠶᠣᠰᠣᠭᠠᠷ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃      ᠨᠠᠢᠮᠠ᠂ ᠶᠠᠮᠠᠷᠪᠠ ᠨᠢᠬᠡᠴᠢ ᠪᠠ ᠬᠤᠪᠢ ᠬᠥᠮᠦᠨ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂  ᠪᠠᠶᠢᠭ᠎ᠠ ᠪᠠᠯᠭᠠᠰᠤᠨ ᠤ ᠪᠠᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠪᠤᠶᠤ ᠬᠤᠰᠢᠭᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠶᠠᠮᠠᠷᠪᠠ ᠨᠢᠬᠡᠴᠢ ᠪᠠ ᠬᠤᠪᠢ ᠬᠥᠮᠦᠨ ᠭᠡᠳ ᠲᠥᠯᠥᠪᠦᠷᠢ ᠥᠬᠡᠶ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠮᠡᠳᠡᠭᠡ ᠶᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠨᠢᠭᠤᠵᠤ ᠮᠡᠳᠡᠭᠦᠯᠬᠦ ᠶᠢ ᠴᠠᠭᠠᠵᠠᠯᠠᠨ᠎ᠠ᠃      ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠮᠡᠳᠡᠭᠡᠯᠡᠬᠦ ᠤᠲᠠᠰᠤ᠄ 12119     0477—8690579                   ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                    2021 ᠣᠨ ᠤ 3 ᠳ᠋ᠤᠭᠠᠷ ᠰᠠᠷ᠎ᠠ ᠶᠢᠨ 15᠎ ᠤ ᠡᠳᠦᠷ        
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号