ᠡᠵᠡᠨ ᠵᠠᠰᠠᠭ ᠠᠯᠪᠠᠨ ᠲᠠᠷᠬᠠᠭᠠᠭᠰᠠᠨ ﹇2021﹈ 12 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄ | ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠤᠰᠬᠠᠶ ᠪᠠᠯᠠ ᠮᠥᠩᠭᠦ᠂ ᠲᠥᠷᠥᠯ ᠵᠦᠢᠯ ᠤᠨ ᠬᠠᠮᠢᠶᠠᠷᠤᠯᠲᠠ | ᠵᠢᠴᠢ ᠰᠢᠯᠭᠠᠨ ᠠᠪᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠢᠱᠢᠶ᠎ᠡ ᠦᠵᠡᠭᠦᠯᠬᠦ ᠠᠵᠢᠯ ᠤᠨ ᠡᠮᠬᠢ | ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠰᠢᠯᠭᠠᠨ ᠠᠪᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠣᠳᠠᠲᠠᠶ ᠪᠦᠷᠢᠯᠳᠦᠬᠦᠨ ᠨᠢ ᠳᠤᠤᠷᠠᠬᠢ | ᠮᠡᠲᠦ᠄ | ᠳᠤᠭᠤᠶᠢᠯᠠᠩ ᠤᠨ ᠳᠠᠷᠤᠭ᠎ᠠ᠄ | ᠰᠤ᠋ ᠰᠢᠨ ᠶᠠ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠰᠢᠭᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠯᠢᠦ ᠬᠤᠸᠠᠢ ᠢᠦᠶ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ | ᠮᠡᠨᠳᠦᠪᠠᠶᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ | ᠪᠢᠶᠠᠨ ᠶᠦᠩ ᠰᠢᠶᠠᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠵᠢᠶᠠᠩᠰᠦ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ᠄ | ᠳ᠋ᠦ᠋ ᠶᠠᠨ ᠪᠢᠨ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠳᠠᠷᠤᠭ᠎ᠠ | ᠵᠠᠩ ᠳ᠋ᠧ ᠴᠢᠶᠠᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠵᠢᠶᠠᠩ ᠶᠢᠨ ᠱᠠᠨ ᠬᠤᠰᠢᠭᠤ ᠬᠢᠨᠠᠨ ᠪᠤᠳᠤᠬᠤ ᠲᠣᠪᠴᠢᠶᠠᠨ ᠤ ᠳᠠᠷᠤᠭ᠎ᠠ | ᠭᠤᠤ ᡁᠢ ᠰᠢᠶᠦ᠋ᠩ ᠬᠤᠰᠢᠭᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠪ ᠤᠨ ᠡᠷᠬᠢᠯᠡᠭᠴᠢ | ᠶᠠᠩ ᠸᠧᠨ ᠬᠤᠸᠠ ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ | ᠲᠤᠰᠢᠶᠠᠯ ᠢ ᠳ᠋ᠦ᠋ ᠶᠠᠨ ᠪᠢᠨ ᠨᠥᠬᠦᠷ ᠬᠠᠪᠰᠤᠷᠭᠠᠨ ᠡᠭᠦᠷᠭᠡᠯᠡᠵᠦ᠂ ᠬᠤᠰᠢᠭᠤᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ | ᠰᠢᠯᠭᠠᠨ ᠠᠪᠬᠤ ᠪᠥᠬᠦ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠠᠵᠢᠯ ᠤᠨ ᠡᠮᠬᠢ | ᠵᠢᠷᠤᠮ ᠲᠠᠢ ᠥᠷᠨᠢᠬᠦ ᠶᠢ ᠳᠥᠯᠭᠢᠨ ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ | ᠱᠠᠲᠤᠨ ᠤ ᠬᠤᠯᠪᠣᠭᠳᠠᠯ ᠪᠦᠬᠦᠢ ᠨᠢᠭᠡᠴᠡ ᠲᠠᠢ ᠵᠣᠯᠭᠠᠯᠳᠤᠭᠤᠯᠵᠤ᠂ ᠲᠡᠭᠡᠳᠦ ᠱᠠᠲᠤᠨ ᠤ ᠲᠤᠬᠠᠶᠢᠯᠠᠭᠰᠠᠨ | ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠯᠭᠠᠨ ᠠᠪᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠤᠭᠤᠷᠣᠨᠳᠣᠬᠢ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ | ᠰᠢᠯᠭᠠᠨ ᠠᠪᠬᠤ ᠡᠭᠦᠷᠭᠡ᠂ ᠱᠠᠭᠠᠷᠳᠠᠯᠭ᠎ᠠ ᠬᠢᠭᠡᠳ ᠠᠯᠬᠤᠮ ᠳᠠᠷᠠᠭ᠎ᠠ ᠶᠢ ᠲᠣᠳᠣᠷᠬᠠᠶᠢᠯᠠᠬᠤ ᠶᠢᠨ ᠬᠠᠮᠲᠤ ᠰᠢᠯᠭᠠᠨ | ᠠᠪᠬᠤ ᠳᠡᠰ ᠳᠠᠷᠠᠭᠠᠯᠠᠯ ᠤᠨ ᠵᠢᠷᠤᠮᠵᠢᠯ ᠶᠣᠰᠣᠭᠠᠷ ᠰᠢᠯᠭᠠᠨ ᠠᠪᠬᠤ ᠠᠵᠢᠯ ᠢ ᠰᠠᠶᠢᠲᠤᠷ ᠬᠢᠬᠦ ᠬᠡᠷᠡᠭᠲᠡᠶ︔ ᠳᠠᠭᠠᠭᠠᠨ | ᠬᠦᠢᠴᠡᠳᠭᠡᠬᠦ ᠠᠵᠤ ᠠᠬᠤᠶᠢᠯᠠᠯ ᠤᠨ ᠲᠤᠰᠢᠶᠠᠭᠰᠠᠨ ᠰᠢᠯᠭᠠᠨ ᠬᠤᠷᠢᠶᠠᠬᠤ ᠭᠤᠶᠤᠴᠢᠯᠠᠯ ᠵᠢᠴᠢ ᠬᠠᠮᠢᠶ᠎ᠠ ᠪᠥᠬᠦᠶ | ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ︔ ᠡᠳ᠋ ᠤᠨ ᠵᠠᠰᠠᠭ᠂ ᠬᠢᠨᠠᠨ ᠪᠤᠳᠤᠬᠤ᠂ ᠶᠠᠳᠠᠭᠤ ᠶᠢ ᠲᠡᠳᠬᠦᠬᠦ᠂ ᠬᠠᠩᠭᠠᠨ | ᠪᠣᠷᠣᠯᠠᠭᠤᠯᠬᠤ ᠵᠡᠷᠭᠡ ᠰᠠᠯᠠᠭ᠎ᠠ ᠮᠥᠴᠢᠷ ᠵᠢᠴᠢ ᠲᠥᠷᠥᠯ ᠵᠦᠢᠯ ᠢ ᠳᠠᠭᠠᠭᠠᠨ ᠬᠦᠢᠴᠡᠳᠭᠡᠬᠦ ᠠᠵᠤ ᠠᠬᠤᠶᠢᠯᠠᠯ ᠢ | ᠵᠣᠬᠢᠶᠠᠨ ᠪᠠᠶᠢᠭᠤᠯᠵᠤ ᠪᠠᠶᠢᠭᠠᠳ ᠲᠥᠷᠥᠯ ᠵᠦᠢᠯ᠂ ᠪᠠᠯᠠ ᠮᠥᠩᠭᠦ ᠵᠡᠷᠭᠡ ᠬᠠᠮᠢᠶ᠎ᠠ ᠪᠥᠬᠦᠶ ᠲᠠᠩᠰᠠ ᠡᠪᠬᠡᠮᠡᠯ ᠢ | ᠲᠠᠩᠰᠠ ᠡᠪᠬᠡᠮᠡᠯ ᠳᠤ ᠣᠷᠣᠭᠤᠯᠤᠨ ᠡᠮᠬᠢᠯᠡᠬᠦ ᠶᠢ ᠰᠠᠶᠢᠲᠤᠷ ᠬᠢᠨ᠎ᠠ︔ ᠭᠤᠷᠪᠠᠳᠠᠬᠢ ᠡᠲᠡᠭᠡᠳ ᠤᠨ ᠲᠤᠰᠬᠠᠶ | ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠵᠤ᠂ ᠲᠥᠷᠥᠯ ᠵᠦᠢᠯ ᠢ ᠰᠢᠯᠭᠠᠨ ᠬᠤᠷᠢᠶᠠᠬᠤ ᠡᠯ᠎ᠡ ᠵᠦᠢᠯ ᠤᠨ | ᠠᠵᠢᠯ ᠢ ᠰᠠᠶᠢᠲᠤᠷ ᠬᠢᠨ᠎ᠠ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | | | | | | | | | |