︽ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ︵2020 ᠣᠨ — 2024 ᠤᠨ︶︾᠎ ᠶᠢᠨ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
              ᠡᠵᠡᠨ ᠵᠠᠰᠠᠭ ᠠᠯᠪᠠᠨ ᠲᠠᠷᠬᠠᠭᠠᠭᠰᠠᠨ  ﹇2021﹈13 ᠳ᠋ᠤᠭᠠᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄      ︽ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ︵2020 ᠣᠨ 2024 ᠣᠨ︶︾᠎ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃             ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                        2021 ᠣᠨ ᠤ 5 ᠳ᠋ᠤᠭᠠᠷ ᠰᠠᠷ᠎ᠠ ᠶᠢᠨ 10᠎ ᠤ ᠡᠳᠦᠷ    ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ︵2020 ᠤᠨ — 2024 ᠤᠨ︶ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠪᠣᠯ ︽ᠢᠨᠲ᠋ᠧᠷᠨᠧᠲ ᠰᠦᠯᠵᠢᠶ᠎ᠡ +︾᠎ ᠶᠢᠨ ᠴᠠᠭ ᠦᠶ᠎ᠡ ᠶᠢᠨ ᠴᠢᠬᠤᠯᠠ ᠶᠡᠭᠡ ᠬᠥᠭᠵᠢᠯᠲᠡ ᠶᠢᠨ ᠠᠷᠭ᠎ᠠ ᠬᠡᠮᠵᠢᠶ᠎ᠡ ᠮᠥᠨ᠂ ᠣᠷᠣᠨ ᠪᠦᠰᠡ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠬᠦ᠂ ᠪᠦᠬᠦ ᠬᠤᠰᠢᠭᠤᠨ ᠤ ᠦᠢᠯᠡᠰ ᠪᠣᠰᠬᠠᠬᠤ᠂ ᠰᠢᠨ᠎ᠡ ᠶᠢ ᠡᠭᠦᠳᠬᠦ ᠶᠢ ᠠᠬᠢᠭᠤᠯᠬᠤ ᠰᠢᠨ᠎ᠡ ᠠᠷᠭ᠎ᠠ ᠵᠠᠮ ᠮᠥᠨ᠂ ᠮᠥᠨᠴᠦ ᠪᠦᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠳᠠᠪᠠᠭᠤᠯᠢᠭ ᠢ ᠳᠠᠬᠢᠨ ᠪᠤᠢ ᠪᠣᠯᠭᠠᠵᠤ᠂ ᠭᠢᠯᠠᠰ ᠴᠢᠭ ᠢ ᠳᠠᠬᠢᠨ ᠢᠯᠡᠷᠡᠭᠦᠯᠬᠦ ᠰᠢᠨ᠎ᠡ ᠲᠣᠬᠢᠶᠠᠯ ᠮᠥᠨ᠃ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠤᠰᠢᠭᠤᠨ ᠤ ᠬᠡᠪᠴᠢᠶᠡᠨ ᠤ  ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠴᠢᠩᠭᠠᠷᠠᠭᠤᠯᠬᠤ ᠶᠢᠨ ᠲᠥᠯᠥᠭᠡ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠲᠠᠪᠤᠨ ᠵᠢᠯ ᠣᠷᠴᠢᠮ ᠤᠨ ᠬᠤᠭᠤᠴᠠᠭᠠᠨ ᠳᠤ ᠪᠥᠬᠦ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠲᠣᠭᠲᠠᠪᠠ᠃ ᠡᠵᠡᠨ ᠬᠤᠷᠤᠭ᠎ᠠ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠯᠥᠪᠵᠢᠭᠦᠯᠭᠡ ᠶᠢ ᠣᠨᠴᠠᠭᠠᠶᠢᠯᠠᠨ ᠲᠣᠭᠲᠠᠭᠠᠪᠠ᠂ ᠲᠥᠯᠥᠪᠵᠢᠭᠦᠯᠭᠡ ᠶᠢᠨ ᠬᠤᠭᠤᠴᠠᠭ᠎ᠠ ᠨᠢ 2020 ᠤᠨ ᠠᠴᠠ 2024 ᠤᠨ ᠪᠣᠯᠤᠨ᠎ᠠ᠃      ᠨᠢᠭᠡ᠂ ᠬᠥᠭᠵᠢᠯᠲᠡ ᠶᠢᠨ ᠣᠳᠣᠬᠢ ᠪᠠᠶᠢᠳᠠᠯ      ︵ᠨᠢᠭᠡ︶ ᠰᠢᠨ᠎ᠡ ᠴᠠᠭ ᠦᠶ᠎ᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠨ ᠬᠥᠭᠵᠢᠬᠦ ᠬᠤᠭᠤᠴᠠᠭᠠᠨ ᠳᠤ ᠣᠷᠣᠪᠠ᠃ 2014 ᠣᠨ ᠠᠴᠠ ᠨᠠᠰᠢ᠂ ᠤᠯᠤᠰ ᠠᠴᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠯᠪᠣᠭᠳᠠᠯ ᠪᠥᠬᠦᠶ ᠣᠯᠠᠨ ᠵᠦᠢᠯ ᠤᠨ ᠠᠰᠢᠭᠲᠠᠶ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠤᠨ ᠵᠢᠷᠤᠮᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ᠂ ᠢᠨᠲ᠋ᠧᠷ ᠰᠦᠯᠵᠢᠶ᠎ᠡ + ᠵᠡᠷᠭᠡ ᠡᠯᠧᠺᠲᠷᠣᠨ ᠬᠤᠳᠠᠯᠳᠤᠭᠠᠨ ᠤ ᠣᠯᠠᠨ ᠬᠦᠷᠢᠶᠡᠨ ᠳᠤ ᠨᠡᠯᠢᠶᠡᠳ ᠲᠦᠷᠭᠡᠨ ᠨᠡᠮᠡᠭᠳᠡᠯ ᠤᠨ ᠬᠤᠷᠳᠤᠴᠠ ᠶᠢ ᠪᠠᠲᠤᠯᠠᠪᠠ ᠃ 2019 ᠣᠨ ᠳᠤ᠂ ᠪᠥᠬᠦ ᠬᠤᠲᠠ ᠶᠢᠨ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 25. 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26. 1%᠎ ᠪᠠᠷ ᠨᠡᠮᠡᠭᠳᠡᠵᠦ᠂ ᠪᠥᠬᠦ ᠣᠷᠣᠨ ᠤ 12 ᠠᠶᠢᠮᠠᠭ ᠬᠤᠲᠠ ᠳᠤ ᠭᠤᠷᠪᠠᠳᠤᠭᠠᠷ ᠲᠤ ᠣᠷᠣᠵᠤ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 6769 ᠲᠦᠮᠡᠨ ᠬᠤᠪᠢ ᠳᠤ ᠬᠦᠷᠴᠦ᠂ ᠪᠥᠬᠦ ᠬᠤᠲᠠ ᠶᠢᠨ ᠬᠥᠭᠵᠢᠶᠡᠨᠲᠡᠶ ᠰᠦᠯᠵᠢᠶᠡᠨ ᠤ ᠳᠡᠯᠭᠡᠭᠦᠷ 9080 ᠪᠠᠶᠢᠵᠤ᠂ 10400 ᠭᠠᠷᠤᠶ ᠬᠥᠮᠦᠨ ᠤ ᠠᠵᠢᠯ ᠣᠯᠭᠤᠯᠲᠠ ᠶᠢ ᠰᠢᠭᠤᠳ ᠳᠠᠶᠢᠴᠢᠯᠠᠪᠠ᠃ ᠮᠠᠨ ᠤ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠬᠡᠳᠦ᠋ᠢᠪᠡᠷ ᠡᠬᠢᠯᠡᠯᠲᠡ ᠶᠢᠨ ᠪᠠ ᠳᠡᠭᠡᠭᠰᠢᠯᠡᠬᠦ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠪᠠᠴᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠬᠠᠮᠤᠷᠬᠤ ᠬᠡᠪᠴᠢᠶ᠎ᠡ ᠪᠠ ᠨᠡᠪᠴᠢᠯᠲᠡ ᠶᠢᠨ ᠨᠣᠷᠮ᠎ᠠ ᠲᠣᠭᠲᠠᠭᠤᠨ ᠢᠶᠠᠷ ᠳᠡᠭᠡᠭᠰᠢᠯᠡᠵᠦ᠂ ᠠᠵᠤ ᠠᠬᠤᠶᠢᠯᠠᠯ ᠤᠨ ᠬᠤᠭᠤᠷᠣᠨᠳᠣ᠂ ᠠᠵᠤ ᠠᠬᠤᠶᠢᠯᠠᠯ ᠬᠢᠭᠡᠳ ᠬᠤᠪᠢ ᠬᠥᠮᠦᠨ ᠤ ᠬᠤᠭᠤᠷᠣᠨᠳᠣ᠂ ᠬᠤᠪᠢ ᠬᠥᠮᠦᠨ ᠬᠢᠭᠡᠳ ᠵᠠᠬ᠎ᠠ ᠳᠡᠯᠭᠡᠭᠦᠷ ᠤᠨ ᠬᠤᠭᠤᠷᠣᠨᠳᠣᠬᠢ ᠰᠦᠯᠵᠢᠶ᠎ᠡ ᠪᠠᠷ ᠬᠤᠳᠠᠯᠳᠤᠨ ᠠᠪᠬᠤ ᠶᠠᠪᠤᠳᠠᠯ ᠶᠠᠪᠤᠬᠤ ᠲᠤᠲᠤᠮ ᠬᠥᠭᠵᠢᠶᠡᠨ ᠲᠠᠢ ᠪᠣᠯᠵᠣ᠂ ᠡᠵᠡᠨ ᠬᠤᠷᠤᠭ᠎ᠠ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠶ ᠪᠠ ᠰᠠᠶᠢᠨ ᠰᠠᠶᠢᠬᠠᠨ ᠠᠵᠠ ᠲᠣᠬᠢᠶᠠᠯ ᠬᠠᠩᠭᠠᠭᠰᠠᠨ ᠪᠠᠶᠢᠨ᠎ᠠ᠃        ︵ᠬᠤᠶᠠᠷ︶ ᠤᠯᠠᠮᠵᠢᠯᠠᠯᠲᠤ ᠠᠵᠤ ᠠᠬᠤᠶᠢᠯᠠᠯ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠵᠡᠷᠭᠡ ᠪᠠᠷ ᠶᠠᠪᠤᠭᠤᠯᠬᠤ ᠦᠷ᠎ᠡ ᠪᠦᠲᠦᠮᠵᠢ ᠢᠯᠡᠳᠲᠡ ᠪᠣᠯᠪᠠ᠃ ᠤᠯᠠᠮᠵᠢᠯᠠᠯᠲᠤ ᠦᠢᠯᠡᠳᠬᠦ ᠦᠢᠯᠡᠰ᠂ ᠳᠠᠷᠢᠵᠤ ᠲᠡᠵᠢᠭᠡᠬᠦ ᠠᠵᠤ ᠠᠬᠤᠶᠢᠯᠠᠯ᠂ ᠲᠤᠰᠬᠠᠶ ᠬᠤᠷᠰᠢᠶᠠᠵᠢᠯ ᠵᠠᠯᠭᠠᠭ᠎ᠠ ᠪᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠢ ᠵᠡᠷᠭᠡᠪᠡᠷ ᠡᠬᠢᠯᠡᠭᠦᠯᠵᠦ᠂ ᠢᠯᠡᠳᠲᠡ ᠦᠷ᠎ᠡ ᠪᠦᠲᠦᠮᠵᠢ ᠣᠯᠵᠤ᠂ ᠥᠪᠥᠷ ᠮᠣᠩᠭᠤᠯ ᠤᠨ ᠢ ᠨᠸᠡᠭ ᠲᠦᠩ ᠡᠨᠧᠷᠭᠢ ᠶᠢᠨ ᠬᠢᠵᠠᠭᠠᠷᠲᠤ ᠺᠣᠮᠫᠠᠨᠢ᠂ ᠭᠦᠸᠧ ᠨᠸᠡᠭ ᠬᠠᠷᠢᠯᠴᠠᠨ ᠨᠡᠪᠲᠡᠷᠡᠬᠦ ᠥᠪᠥᠷ ᠮᠣᠩᠭᠤᠯ ᠤᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠶᠦᠨ ᠳ᠋ᠦᠩ ᠠᠮᠢ ᠠᠬᠤᠶ ᠶᠢᠨ ᠠᠵᠤ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠵᠡᠷᠭᠡ ᠨᠢ ᠨᠢᠭᠡᠨᠲᠡ ᠡᠵᠡᠨ ᠬᠤᠷᠤᠭ᠎ᠠ ᠬᠤᠰᠢᠭᠤ ᠴᠢᠨᠠᠭᠰᠢᠯᠠᠪᠠᠯ ᠣᠷᠳᠣᠰ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠲᠥᠴᠢ ᠠᠵᠤ ᠠᠬᠤᠶᠢᠯᠠᠯ ᠪᠠ ᠤᠯᠠᠮᠵᠢᠯᠠᠯᠲᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃      ︵ᠭᠤᠷᠪᠠ︶ ᠡᠯᠧᠺᠲᠷᠣᠨ ᠬᠤᠳᠠᠯᠳᠤᠭᠠᠨ ᠤ ᠶᠠᠪᠤᠳᠠᠯ ᠳᠤ ᠦᠢᠯᠡᠴᠢᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ᠂ 2020 ᠣᠨ ᠳᠤ 1000 ᠲᠦᠮᠡ ᠰᠢᠬᠠᠮ ᠲᠥᠭᠦᠷᠢᠭ ᠤᠨ ᠪᠠᠯᠠ ᠣᠷᠣᠭᠤᠯᠵᠤ᠂ ᠠᠯᠲᠠᠨᠰᠢᠷᠡᠭᠡ ᠪᠠᠯᠭᠠᠰᠤᠨ ᠳᠤ 2000 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠭᠰᠡᠨ ᠬᠤᠰᠢᠭᠤ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢ ᠵᠣᠬᠢᠴᠠᠭᠤᠯᠬᠤ ᠂ ᠦᠢᠯᠡᠴᠢᠯᠡᠬᠦ᠂ ᠪᠣᠯᠪᠠᠰᠤᠷᠠᠭᠤᠯᠬᠤ᠂ ᠵᠥᠪᠳᠡᠯᠴᠡᠬᠦ ᠳᠤ ᠬᠡᠷᠡᠭᠯᠡᠭᠰᠡᠨ ᠪᠥᠭᠡᠳ ᠬᠤᠨᠢᠴᠢᠨᠭᠤᠤᠯ ᠪᠠᠯᠭᠠᠰᠤ᠂ ᠵᠠᠰᠠᠭ ᠪᠠᠯᠭᠠᠰᠤ᠂ ᠡᠵᠡᠨ ᠬᠤᠷᠤᠭ᠎ᠠ ᠪᠠᠯᠭᠠᠰᠤ ᠵᠡᠷᠭᠡ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢ 7 ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠢᠯ ᠢ ᠤᠷᠢᠳ ᠢᠶᠠᠷ ᠲᠤᠷᠰᠢᠨ ᠥᠷᠨᠢᠭᠦᠯᠦᠭᠰᠡᠨ ᠪᠥᠭᠡᠳ ᠢᠯᠡᠳᠲᠡ ᠦᠷ᠎ᠡ ᠪᠦᠲᠦᠮᠵᠢ ᠤᠯᠪᠠ      ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠰᠢᠭᠤᠨ ᠤ ᠮᠡᠳᠡᠭᠡ ᠵᠠᠩᠭᠢᠴᠢᠯᠠᠯᠲᠠ ᠶᠢᠨ ᠰᠠᠭᠤᠷᠢ ᠲᠦᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ 4 G ᠰᠠᠭᠤᠷᠢ ᠥᠷᠲᠡᠭᠡ 416᠎ ᠶᠢ ᠨᠡᠪᠲᠡᠷᠡᠭᠦᠯᠵᠦ᠂ ᠬᠤᠲᠠ ᠲᠣᠭᠤᠷᠢᠭ ᠪᠠ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ 4 G ᠲᠤᠤᠷ ᠰᠦᠯᠵᠢᠶᠡᠨ ᠤ ᠪᠦᠷᠬᠦᠴᠡ ᠶᠢᠨ ᠨᠣᠷᠮ᠎ᠠ ᠨᠢᠭᠡᠨᠲᠡ 90 %᠎ ᠳᠤ ᠬᠦᠷᠴᠦ᠂ ᠪᠦᠷᠬᠦᠭᠦᠯᠦᠭᠰᠡᠨ ᠦᠬᠡᠢ ᠰᠢᠶᠠᠩ ᠪᠠᠯᠭᠠᠰᠤ ᠶᠢ 2 — 3 ᠵᠢᠯ ᠳᠤ ᠪᠦᠬᠦᠨ ᠢ ᠪᠦᠷᠬᠦᠬᠦᠯᠪᠡ︔ 2019 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠳᠤ ᠥᠷᠭᠡᠨ ᠪᠦᠰᠡᠲᠦ ᠢᠨᠲ᠋ᠧᠷ ᠰᠦᠯᠵᠢᠶᠡᠨ ᠤ ᠬᠡᠷᠡᠭᠯᠡᠭᠴᠢ 1. 69 ᠡᠷᠦᠬᠡ ᠪᠠᠶᠢᠵᠤ᠂ ᠥᠷᠭᠡᠨ ᠪᠦᠰᠡᠲᠦ ᠢᠨᠲ᠋ᠧᠷ ᠰᠦᠯᠵᠢᠶ᠎ᠡ ᠶᠢ ᠨᠢᠭᠡᠨᠲᠡ 116 ᠵᠠᠰᠠᠭ ᠵᠠᠬᠢᠷᠭᠠᠨ ᠤ ᠲᠣᠰᠬᠤᠨ ᠳᠤ ᠵᠠᠯᠭᠠᠪᠠ᠃      2006 ᠣᠨ ᠠᠴᠠ ᠨᠠᠰᠢ᠂ ᠮᠠᠰᠢ ᠣᠯᠠᠨ ᠲᠦᠷᠭᠡᠨ ᠬᠦᠷᠭᠡᠯᠲᠡ ᠶᠢᠨ ᠣᠷᠣᠯᠠᠨ ᠬᠦᠢᠴᠡᠳᠭᠡᠭᠴᠢ ᠵᠢᠴᠢ ᠪᠠᠷᠠᠭᠠᠨ ᠤ  ᠬᠦᠢᠯᠭᠡᠭᠡᠨ ᠤ ᠠᠵᠤ ᠠᠬᠤᠶᠢᠯᠠᠯ ᠵᠠᠯᠭᠠᠭ᠎ᠠ ᠪᠠᠷ ᠪᠥᠬᠦ ᠬᠤᠰᠢᠭᠤᠨ ᠳᠤ ᠨᠤᠲᠤᠭᠰᠢᠵᠤ᠂ ᠭᠤᠤᠯᠳᠠᠭᠤ ᠰᠢᠤᠳᠠᠨ ᠤ EMS᠂ ᠱᠦᠨ ᠹᠸᠡᠭ᠂ ᠶᠤᠸᠠᠨ ᠲᠦᠩ᠂ ᠱᠤᠨ ᠲᠦᠩ᠂ ᠵᠥᠩ ᠲᠦᠩ᠂ ᠶᠦᠨ ᠳ᠋ᠠ᠂ ᠲᠦᠷᠭᠡᠨ ᠬᠦᠷᠭᠡᠯᠲᠡ ᠵᠡᠷᠭᠡ ᠦᠢᠯᠡᠴᠢᠯᠡᠭᠡᠨ ᠤ ᠠᠵᠤ ᠠᠬᠤᠶᠢᠯᠠᠯ ᠪᠠᠶᠢᠵᠤ᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠦᠷᠭᠡᠨ ᠬᠦᠷᠭᠡᠯᠲᠡ ᠶᠢᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠪᠦᠷᠢᠮᠦᠰᠦᠨ ᠬᠠᠩᠭᠠᠵᠤ ᠴᠢᠳᠠᠬᠤ ᠪᠣᠯᠵᠠᠶ᠃ ᠡᠭᠦᠨ ᠠᠴᠠ ᠭᠠᠳᠠᠨ᠎ᠠ᠂ ᠪᠥᠬᠦ ᠬᠤᠰᠢᠭᠤᠨ ᠤ ᠣᠲᠣ ᠦᠶ᠎ᠡ ᠶᠢᠨ ᠪᠠᠷᠠᠭᠠᠨ ᠤ ᠬᠦᠢᠯᠭᠡᠭᠡ᠂ ᠮᠥᠩᠭᠦᠨ ᠬᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠪᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠦᠢᠯᠡᠴᠢᠯᠡᠭᠡᠨ ᠤ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠪᠥᠬᠦ ᠤᠯᠤᠰ ᠤᠨ ᠡᠯ᠎ᠡ ᠲᠣᠮᠣ ᠪᠠᠷᠠᠭᠠᠨ ᠤ ᠬᠦᠢᠯᠭᠡᠭᠡᠨ ᠤ ᠺᠣᠮᠫᠠᠨᠢ ᠶᠢᠨ ᠦᠢᠯᠡᠴᠢᠯᠡᠭᠡᠨ ᠤ ᠴᠡᠭ ᠢ ᠲᠥᠪᠯᠡᠷᠡᠭᠦᠯᠦᠭᠰᠡᠨ ᠪᠠᠶᠢᠨ᠎ᠠ᠃      ᠬᠤᠶᠠᠷ᠂ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠵᠢᠴᠢ ᠭᠤᠣᠯ ᠬᠠᠷᠠᠯᠲᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠠᠵᠤ ᠦᠶ᠋ᠯᠡᠰ ᠤᠨ ᠬᠥᠭᠵᠢᠯᠲᠡ ᠶᠢᠨ ᠰᠡᠳᠬᠢᠴᠡ ᠪᠠᠷ ᠵᠢᠯᠣᠭᠤᠳᠣᠯᠭ᠎ᠠ ᠪᠣᠯᠭᠠᠨ᠂ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠳᠣᠭᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠷ ᠬᠥᠳᠡᠯᠭᠡᠬᠦ ᠬᠦᠴᠦᠨ ᠪᠣᠯᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠪᠣᠳᠠᠲᠤ ᠴᠣᠭᠴᠠᠲᠤ ᠠᠵᠤ ᠠᠬᠤᠶ ᠶᠢᠨ ᠣᠷᠭᠠᠨᠢᠭ ᠢᠶᠠᠷ ᠠᠭᠤᠰᠤᠯᠴᠠᠬᠤ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠲᠥᠪᠯᠡᠷᠡᠭᠦᠯᠦᠨ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠵᠢᠭᠤ ᠬᠥᠭᠵᠢᠭᠰᠡᠨ ᠪᠠ ᠬᠥᠭᠡᠭᠡᠵᠦ ᠬᠦᠢᠴᠡᠨ ᠳᠠᠪᠠᠭ᠋ᠤ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠦᠨ ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠢ ᠥᠷᠭᠡᠳᠬᠡᠬᠦ᠂ ᠪᠣᠷᠣᠯᠠᠭᠤᠯᠭ᠎ᠠ ᠶᠢ ᠠᠬᠢᠭᠤᠯᠬᠤ᠂ ᠠᠵᠢᠯ ᠣᠯᠭᠤᠯᠲᠠ ᠶᠢ ᠳᠠᠶᠢᠴᠢᠯᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠦᠢᠯᠡᠳᠦᠯ ᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ      ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠣᠬᠢᠴᠠᠭᠤᠯᠤᠨ ᠠᠬᠢᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ ᠨᠢᠭᠡᠳᠦᠯᠲᠡᠶ ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠤᠯᠭᠠᠭᠤᠷᠢᠯᠠᠬᠤ ᠲᠥᠬᠦᠷ ᠰᠢᠰᠲ᠋ᠧᠮᠵᠢ ᠶᠢᠨ ᠲᠦᠷᠭᠡᠨ ᠬᠥᠭᠵᠢᠬᠦ ᠶᠢ ᠠᠬᠢᠭᠤᠯᠤᠨ᠎ᠠ᠃      ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠵᠤ᠂ ᠡᠵᠡᠨ ᠬᠤᠷᠤᠭ᠎ᠠ ᠬᠤᠰᠢᠭᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠠ ᠳᠠᠪᠠᠭᠤᠯᠢᠭ ᠠᠵᠤ ᠦᠢᠯᠡᠰ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠬᠢᠭᠡᠳ ᠲᠤᠤᠷ ᠰᠦᠯᠵᠢᠶᠡᠨ ᠤ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡ ᠶᠢ ᠪᠣᠶ ᠪᠣᠯᠭᠠᠨ᠎ᠠ᠃      ᠵᠢᠱᠢᠶ᠎ᠡ ᠦᠵᠡᠭᠦᠯᠦᠨ ᠳᠠᠶᠢᠴᠢᠯᠠᠵᠤ᠂ ᠭᠤᠤᠯᠳᠠᠯᠭ᠎ᠠ ᠶᠢ ᠳᠣᠪᠤᠶᠢᠯᠭᠠᠬᠤ᠃ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠡᠯ᠎ᠡ ᠠᠵᠢᠯ ᠲᠥᠷᠥᠯ ᠢ ᠳᠠᠶᠢᠴᠢᠯᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠥᠷᠨᠢᠭᠦᠯᠵᠦ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠴᠤᠭᠯᠠᠷᠠᠯ ᠢ ᠳᠠᠶᠢᠴᠢᠯᠠᠨ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠤᠯᠠᠮᠵᠢᠯᠠᠯᠲᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      ︵ᠭᠤᠷᠪᠠ︶ ᠭᠤᠣᠯ ᠬᠠᠷᠠᠯᠲᠠ      ᠬᠥᠭᠵᠢᠯᠲᠡ ᠶᠢᠨ ᠭᠤᠤᠯᠳᠠᠯᠭ᠎ᠠ᠄ ᠡᠵᠡᠨ ᠬᠤᠷᠤᠭ᠎ᠠ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠠᠪᠤᠨ ᠵᠢᠯ ᠤᠨ ᠳᠣᠲᠣᠷ᠎ᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠯᠲᠡ ᠶᠢ ᠨᠠᠩ ᠥᠷᠭᠡᠨ ᠳᠡᠯᠭᠡᠷ᠂ ᠪᠠᠲᠤᠯᠠᠭ᠎ᠠ ᠶᠢᠨ ᠰᠢᠰᠲ᠋ᠧᠮᠵᠢ ᠶᠢ ᠨᠠᠩ ᠪᠦᠷᠢᠨ ᠲᠡᠭᠦᠯᠳᠡᠷ᠂ ᠲᠥᠬᠦᠷ ᠦᠢᠯᠡᠴᠢᠯᠡᠭᠡ ᠶᠢ ᠨᠠᠩ ᠪᠦᠷᠢᠨ ᠲᠡᠭᠦᠯᠳᠡᠷ᠂ ᠠᠵᠤ ᠦᠢᠯᠡᠰ ᠤᠨ ᠬᠥᠭᠵᠢᠯᠲᠡ ᠶᠢ ᠨᠠᠩ ᠲᠥᠪᠯᠡᠷᠡᠭᠰᠡᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃      ᠬᠥᠭᠵᠢᠯᠲᠡ ᠶᠢᠨ ᠬᠠᠷᠠᠯᠲᠠ᠄ 2024 ᠤᠨ ᠪᠣᠯᠬᠤ ᠳᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠮᠵᠢᠶ᠎ᠡ ᠶᠢ 35 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠳᠠᠬᠢ ᠰᠦᠯᠵᠢᠶᠡᠨ ᠤ ᠵᠢᠵᠢᠭᠯᠡᠨ ᠬᠤᠳᠠᠯᠳᠤᠭᠰᠠᠨ ᠲᠤᠭ᠎ᠠ ᠶᠢᠨ ᠡᠵᠡᠯᠡᠬᠦ ᠬᠠᠷᠢᠴᠠᠯ ᠢ 25 %᠎ ᠠᠴᠠ ᠳᠠᠪᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠯᠠᠭᠰᠠᠳ ᠢ 20000 ᠪᠣᠯᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠨ᠎ᠠ᠃      ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭ᠎ᠠ ᠶᠢᠨ  ᠬᠦᠢᠯᠭᠡᠭᠡᠨ ᠤ ᠲᠤᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨ ᠪᠣᠯᠭᠠᠨ᠎ᠠ᠃ ᠲᠦᠷᠭᠡᠨ ᠬᠦᠷᠭᠡᠯᠲᠡ ᠶᠢ ᠰᠢᠶᠠᠩ ᠪᠠᠯᠭᠠᠰᠤ᠂ ᠲᠣᠰᠬᠤᠨ ᠳᠤᠭᠤᠶᠢᠯᠠᠩ ᠳᠤ ᠬᠦᠷᠭᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠲᠤᠬᠢᠷᠠᠭᠤᠯᠤᠨ ᠬᠦᠷᠭᠡᠬᠦ ᠴᠢᠳᠠᠪᠤᠷᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠦᠬᠦᠨ ᠢ ᠪᠦᠷᠬᠦᠬᠦᠯᠬᠦ ᠶᠢ ᠪᠡᠶᠡᠯᠡᠭᠦᠯᠬᠦ ᠶᠢᠨ ᠬᠠᠮᠲᠤ ᠪᠠᠷᠠᠭ᠎ᠠ ᠶᠢᠨ ᠬᠦᠢᠯᠭᠡᠭᠡᠨ ᠤ ᠥᠪᠡᠷ ᠤᠨ ᠥᠷᠲᠡᠭ ᠢ ᠵᠦᠶ ᠵᠣᠬᠢᠰᠲᠠᠶ ᠪᠠᠭᠤᠷᠠᠭᠤᠯᠵᠤ᠂ ᠭᠦᠶ᠋ᠯᠭᠡᠭᠡᠨ ᠤ ᠦᠷ᠎ᠡ ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃     ᠭᠤᠷᠪᠠ᠂ ᠠᠵᠢᠯ ᠤᠨ ᠭᠤᠣᠯᠳᠠᠯᠭ᠎ᠠ ᠬᠢᠭᠡᠳ ᠪᠣᠳᠠᠲᠠᠶ ᠬᠢᠬᠦ ᠠᠷᠭ᠎ᠠ      ︵ᠨᠢᠭᠡ︶ ᠦᠢᠯᠡᠴᠢᠯᠡᠭᠡᠨ ᠤ  ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ      1᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠪ ᠢ ᠪᠥᠲᠥᠭᠡᠨ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ ᠦᠶ᠋ᠯᠡᠰ ᠴᠣᠭᠴᠠᠯᠠᠬᠤ ᠪᠦᠯᠬᠦᠮ ᠨᠡᠶᠢᠲᠡ᠂ ᠤᠯᠤᠰ ᠠᠴᠠ ᠳᠣᠲᠣᠭᠠᠳᠤ ᠭᠠᠳᠠᠭᠠᠳᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠪᠠ ᠲᠥᠬᠦᠷᠵᠢᠭᠦᠯᠦᠭᠰᠡᠨ ᠦᠶ᠋ᠯᠡᠴᠢᠯᠡᠭᠡᠨ ᠤ ᠠᠵᠤ ᠠᠬᠤᠶᠢᠯᠠᠯ ᠤᠨ ᠣᠷᠣᠵᠤ ᠰᠠᠭᠤᠬᠤ ᠶᠢ ᠵᠣᠷᠢᠭᠵᠢᠭᠤᠯᠵᠤ᠂ ᠲᠠᠸᠠᠷ ᠤᠨ ᠠᠷᠠᠯᠵᠢᠶ᠎ᠠ᠂ ᠲᠠᠪᠴᠠᠩ ᠤᠨ ᠪᠠᠶᠢᠭᠤᠯᠤᠯᠲᠠ᠂ ᠪᠠᠷᠠᠭ᠎ᠠ ᠶᠢᠨ ᠭᠦᠶ᠋ᠯᠭᠡᠭᠡᠨ ᠤ ᠲᠤᠬᠢᠷᠠᠭᠤᠯᠤᠨ ᠬᠦᠷᠭᠡᠬᠦ᠂ ᠪᠠᠯᠠ ᠲᠣᠬᠢᠷᠠᠭᠤᠯᠭ᠎ᠠ ᠶᠢᠨ ᠳᠡᠮᠵᠢᠯᠭᠡ᠂ ᠰᠣᠶᠣᠯ ᠤᠨ ᠪᠦᠲᠦᠭᠡᠯᠴᠢ ᠲᠥᠰᠦᠪᠯᠡᠯ᠂ ᠲᠤᠤᠷ ᠰᠦᠯᠵᠢᠶ᠎ᠡ ᠶᠢᠨ ᠰᠤᠷᠭᠠᠭᠤᠯᠢ᠂ ᠳᠠᠳᠤᠯᠭ᠎ᠠ ᠪᠣᠯᠪᠠᠰᠤᠷᠠᠭᠤᠯᠤᠯ ᠤᠨ ᠳᠠᠭᠤᠷᠢᠶᠠᠮᠠᠯ ᠵᠡᠷᠭᠡ ᠣᠯᠠᠨ ᠴᠢᠳᠠᠮᠵᠢ᠂ ᠣᠯᠠᠨ ᠡᠵᠡᠩᠨᠡᠯᠲᠡ ᠶᠢᠨ ᠪᠠᠢᠳᠠᠯ ᠲᠥᠯᠥᠪ ᠢ ᠨᠢᠭᠡ ᠴᠣᠭᠴᠠᠵᠢᠭᠤᠯᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢᠨ ᠭᠠᠵᠠᠷ ᠢ ᠪᠤᠢ ᠪᠣᠯᠭᠠᠵᠤ᠂ ᠠᠵᠤ ᠠᠬᠤᠶᠢᠯᠠᠯ ᠪᠠ ᠬᠤᠪᠢ ᠬᠥᠮᠦᠨ ᠳᠤ ᠲᠥᠷᠥ ᠶᠢᠨ ᠪᠣᠳᠣᠯᠭ᠎ᠠ ᠶᠢᠨ ᠶᠢᠨ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢ ᠶᠢᠨ ᠵᠣᠯᠭᠠᠭᠤᠯᠳᠠ᠂ ᠦᠢᠯᠡᠳᠬᠦᠨ ᠤ ᠲᠠᠨᠢᠯᠴᠠᠭᠤᠯᠭ᠎ᠠ᠂ ᠲᠦᠷᠭᠡᠨ ᠬᠦᠷᠭᠡᠬᠦ ᠪᠠᠷᠠᠭ᠎ᠠ ᠶᠢᠨ ᠬᠦᠢᠯᠬᠡᠬᠡᠨ᠂ ᠬᠠᠤᠯᠢ ᠴᠠᠭᠠᠵᠠ ᠶᠢᠨ ᠳᠡᠮᠵᠢᠯᠭᠡ ᠪᠠ ᠠᠵᠢᠯᠯᠠᠬᠤ ᠲᠠᠯᠠᠪᠤᠷ ᠭᠠᠵᠠᠷ ᠵᠡᠷᠭᠡ ᠦᠢᠯᠡᠴᠢᠯᠡᠭᠡᠨ ᠤ ᠲᠥᠷᠥᠯ ᠵᠦᠶ᠋ᠯ ᠢ ᠲᠥᠪᠯᠡᠷᠡᠭᠦᠯᠦᠨ ᠬᠠᠩᠭᠠᠵᠤ᠂ ᠦᠢᠯᠡᠴᠢᠯᠡᠭᠡᠨ᠂ ᠲᠡᠳᠬᠦᠨ ᠲᠤᠰᠠᠯᠠᠬᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠪᠠ ᠬᠦᠢᠴᠡᠳ ᠪᠠᠳᠠᠷᠠᠭᠤᠯᠤᠨ᠎ᠠ᠃      2᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠤᠶᠤᠨᠲᠤ ᠬᠤᠲᠠ︾᠎ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠢᠶᠠᠨ ᠤ ᠬᠤᠲᠠ ᠶᠢᠨ ᠲᠣᠭᠤᠷᠢᠭ᠂ ᠪᠠᠯᠭᠠᠰᠤᠨ ᠤ ᠲᠥᠪ ᠲᠣᠭᠤᠷᠢᠭ ᠪᠠ ᠭᠤᠤᠯᠳᠠᠯᠭ᠎ᠠ ᠲᠠᠢ ᠲᠣᠰᠬᠤᠨ ︵ᠨᠡᠶᠢᠭᠡᠮ ᠲᠣᠭᠤᠷᠢᠭ︶᠎ ᠢᠶᠠᠷ ᠬᠦᠴᠦᠯᠡᠬᠦ ᠴᠡᠭ ᠪᠣᠯᠭᠠᠵᠤ᠂ ᠥᠷᠭᠡᠨ ᠪᠦᠰᠡᠲᠦ ᠰᠦᠯᠵᠢᠶ᠎ᠡ ᠶᠢ ᠲᠦᠷᠭᠡᠳᠬᠡᠨ ᠲᠠᠰ ᠳᠡᠪᠰᠢᠭᠦᠯᠬᠦ ᠢᠨᠵᠧᠨᠧᠷᠢᠩ ᠪᠠ ᠭᠤᠤᠯᠳᠠᠯᠭ᠎ᠠ ᠲᠠᠢ ᠣᠯᠠᠨ ᠨᠡᠶᠢᠲᠡ ᠶᠢᠨ ᠣᠷᠣᠨ ᠪᠦᠰᠡ ᠶᠢᠨ WIFI᠎ ᠶᠢ ᠪᠦᠷᠢᠨ ᠪᠥᠷᠬᠦᠭᠦᠯᠬᠦ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠠᠵᠤ ᠠᠬᠤᠶᠢᠯᠠᠯ ᠪᠠ ᠬᠤᠪᠢ ᠬᠥᠮᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠣᠷᠣᠯᠴᠠᠬᠤ ᠳᠤ ᠲᠥᠬᠦᠮ ᠦᠵᠡᠭᠦᠯᠦᠨ᠎ᠡ᠃ ︽ᠲᠦᠮᠡᠨ ᠲᠣᠰᠬᠤᠨ ᠮᠢᠩᠭᠠᠨ ᠰᠢᠶᠠᠩ︾ ᠪᠠ ︽ᠠᠷᠠᠳ ᠲᠤ ᠲᠥᠬᠦᠮ ᠦᠵᠡᠭᠦᠯᠬᠦ ᠬᠡᠯᠬᠢᠶ᠎ᠡ ᠬᠡᠲᠦ ᠳᠡᠯᠭᠡᠭᠦᠷ︾᠎ ᠤᠨ ᠵᠠᠬ᠎ᠠ ᠳᠡᠯᠭᠡᠭᠦᠷ ᠤᠨ ᠲᠤᠤᠷ ᠰᠦᠯᠵᠢᠶ᠎ᠡ ᠶᠢ ᠠᠰᠢᠭᠯᠠᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠥᠬᠦ ᠬᠤᠰᠢᠭᠤᠨ ᠤ 70 %᠎ ᠶᠢᠨ ᠵᠠᠰᠠᠭ ᠵᠠᠬᠢᠷᠭᠠᠨ ᠤ ᠲᠣᠰᠬᠤᠨ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ  ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠲᠡᠭᠦᠨ ᠢ ᠪᠥᠬᠦ ᠬᠤᠰᠢᠭᠤᠨ ᠤ ᠰᠦᠯᠵᠢᠶᠡᠨ ᠤ ᠪᠠᠷᠠᠭ᠎ᠠ ᠶᠢ ᠬᠥᠳᠡᠭᠡ ᠪᠠᠭᠤᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ ᠦᠨᠳᠦᠰᠦᠨ ᠱᠠᠲᠤᠨ ᠤ ︽ ᠬᠠᠷᠢᠯᠴᠠᠭᠴᠢ︾ ᠪᠠ ︽ᠠᠵᠢᠯᠯᠠᠭᠴᠢ︾ ᠪᠣᠯᠭᠠᠨ᠎ᠠ᠃      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠲᠠᠷᠢᠵᠤ ᠲᠡᠵᠢᠭᠡᠨ ᠦᠷᠡᠵᠢᠭᠦᠯᠬᠦ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ  ᠎ ᠢ ᠠᠰᠢᠭᠯᠠᠨ᠂ ᠬᠠᠮᠢᠶ᠎ᠠ ᠪᠦᠬᠦᠢ ᠠᠵᠤ ᠠᠬᠤᠶᠢᠯᠠᠯ ᠪᠠ ᠬᠤᠷᠰᠢᠶ᠎ᠠ ᠶᠢ ᠵᠣᠬᠢᠶᠠᠨ ᠪᠠᠶᠢᠭᠤᠯᠤᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠵᠤ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠪᠢᠶᠠᠨ ᠪᠣᠷᠣᠯᠠᠭᠤᠯᠬᠤ ᠲᠠᠪᠴᠠᠩ ᠳᠤ ᠣᠷᠣᠭᠰᠠᠨ ᠪᠠᠷᠠᠭ᠎ᠠ ᠶᠢᠨ ᠢᠷᠡᠯᠲᠡ ᠶᠢ ᠣᠷᠣᠭᠤᠯᠤᠯᠲᠠ ᠶᠢᠨ ᠡᠳ᠋᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ᠂ ᠪᠦᠲᠦᠭᠡᠭᠳᠡᠬᠦᠨ ᠤ ᠪᠣᠭᠤᠳᠠᠯ ᠤᠨ ᠢᠯᠭᠠᠬᠤ ᠲᠡᠮᠳᠡᠭ ᠪᠠ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠪᠥᠬᠦ ᠶᠠᠪᠤᠴᠠ ᠠᠴᠠ ᠬᠢᠨᠠᠨ ᠬᠠᠮᠢᠶᠠᠷᠴᠤ ᠮᠥᠷᠳᠡᠨ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠬᠤᠪᠢᠶᠠᠨ ᠪᠣᠷᠣᠯᠠᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠢᠷᠡᠯᠲᠡ ᠶᠢ ᠮᠥᠷᠳᠡᠵᠦ ᠪᠣᠯᠬᠤ᠂ ᠶᠠᠰᠤ ᠴᠢᠨᠠᠷ ᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠨ᠎ᠠ᠃ ᠪᠣᠷᠣᠯᠠᠭᠤᠯᠬᠤ ᠲᠠᠪᠴᠠᠩ ᠳᠤ ᠣᠷᠣᠭᠰᠠᠨ ᠠᠵᠤ ᠠᠬᠤᠶᠢᠯᠠᠯ ᠤᠨ ︽ᠭᠤᠷᠪᠠᠨ ᠪᠦᠲᠦᠭᠡᠭᠳᠡᠬᠦᠨ︾᠎ ᠤ ᠭᠡᠷᠡᠴᠢᠯᠡᠯ ᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠵᠤ᠂  ᠦᠢᠯᠡᠳᠬᠦᠨ ᠤ ᠠᠯᠳᠠᠷᠰᠢᠯ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠂ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃      3᠂ ᠠᠵᠢᠯ ᠶᠠᠪᠤᠳᠠᠯ ᠭᠦᠶ᠋ᠴᠡᠳᠬᠡᠬᠦ ᠶᠠᠪᠤᠴᠠ ᠪᠠ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠪᠠ ᠬᠤᠪᠢ ᠬᠥᠮᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢᠨ ᠠᠵᠤ  ᠦᠢᠯᠡᠳᠪᠦᠷᠢ ᠬᠤᠳᠠᠯᠳᠤᠭ᠎ᠠ ᠶᠢᠨ ᠳᠡᠩᠰᠡᠯᠡᠨ ᠲᠡᠮᠳᠡᠭᠯᠡᠬᠦ᠂ ᠲᠠᠸᠠᠷ ᠤᠨ ᠲᠡᠮᠳᠡᠭ ᠳᠠᠩᠰᠠᠯᠠᠬᠤ᠂ ᠭᠠᠶᠢᠯᠢ ᠲᠠᠲᠠᠪᠤᠷᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠬᠡᠷᠡᠭ  ᠬᠦᠢᠴᠡᠳᠭᠡᠬᠦ  ᠶᠠᠪᠤᠴᠠ ᠪᠠ  ᠬᠦᠢᠴᠡᠳᠭᠡᠵᠦ ᠳᠠᠭᠤᠰᠬᠠᠬᠤ ᠴᠠᠭ ᠤᠨ ᠬᠢᠵᠠᠭᠠᠷ ᠢ ᠢᠯᠡ ᠪᠣᠯᠭᠠᠵᠤ᠂ ᠠᠵᠢᠯ ᠬᠡᠷᠡᠭ ᠬᠦᠢᠴᠡᠳᠭᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠦᠶ ᠵᠣᠬᠢᠰᠲᠠᠶ ᠳᠥᠭᠦᠮᠴᠢᠯᠡᠵᠦ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠡᠷᠡᠶᠢᠳᠦᠯ ᠳᠡᠩᠰᠡᠯᠡᠨ ᠲᠡᠮᠳᠡᠭᠯᠡᠬᠦ ᠬᠢᠵᠠᠭᠠᠷᠯᠠᠯ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠵᠠᠭᠠᠷᠯᠠᠯ ᠪᠠ ᠡᠵᠡᠩᠨᠡᠯᠲᠡ ᠶᠢᠨ ᠬᠦᠷᠢᠶ᠎ᠡ ᠬᠡᠪᠴᠢᠶᠡᠨ ᠤ ᠬᠢᠵᠠᠭᠠᠷᠯᠠᠯ ᠢ ᠵᠣᠬᠢᠰᠲᠠᠶ ᠠᠭᠤᠵᠢᠭᠤ ᠪᠣᠯᠭᠠᠬᠤ ᠶᠢᠨ ᠬᠠᠮᠲᠤ᠂ ᠦᠢᠯᠡᠴᠢᠯᠡᠭᠡᠨ ︵ᠨᠡᠪᠴᠢᠭᠦᠯᠬᠦ︶᠎ ᠳᠤ ᠲᠦᠰᠢᠭᠯᠡᠨ ᠲᠤᠰᠬᠠᠶ ᠬᠥᠮᠦᠨ ᠢᠶᠠᠷ ᠬᠠᠷᠢᠭᠤᠴᠠᠭᠤᠯᠤᠭᠰᠠᠨ ᠲᠥᠪᠯᠡᠷᠡᠩᠭᠦᠶ  ᠦᠢᠯᠡᠴᠢᠯᠡᠭᠡᠨ ᠢ ᠬᠡᠷᠡᠭᠵᠢᠭᠦᠯᠵᠦ᠂ ᠠᠵᠢᠯ ᠬᠡᠷᠡᠭ  ᠬᠦᠢᠴᠡᠳᠭᠡᠬᠦ ᠦᠢᠯᠡᠴᠢᠯᠡᠭᠡᠨ ᠤ ︽ᠰᠠᠭᠠᠳ ᠥᠬᠡᠶ ᠨᠡᠪᠲᠡᠷᠡᠬᠦ ᠵᠠᠮ︾᠎ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃      4᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃  ᠬᠦᠢᠳᠡᠨ ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠡᠯᠳᠡᠪ ᠠᠮᠤ᠂ ᠮᠠᠯ ᠠᠵᠤ ᠠᠬᠤᠶ ᠵᠡᠷᠭᠡ ᠣᠯᠠᠨ ᠠᠵᠤ ᠠᠬᠤᠶᠢᠯᠠᠯ ᠢᠶᠠᠷ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠲᠥᠷᠥᠯ ᠤᠨ ᠨᠡᠶᠢᠭᠡᠮᠯᠢᠭ ᠢ ᠡᠭᠦᠰᠭᠡᠨ ᠪᠠᠶᠢᠭᠤᠯᠪᠠ᠃ ᠠᠵᠢᠯ ᠲᠥᠷᠥᠯ ᠤᠨ ᠨᠡᠶᠢᠭᠡᠮᠯᠢᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠵᠣᠷᠢᠭᠵᠢᠭᠤᠯᠤᠨ ᠳᠠᠮᠵᠢᠵᠤ᠂ ᠨᠡᠶᠢᠭᠡᠮᠯᠢᠭ ᠤᠨ ᠵᠠᠰᠠᠭ ᠤᠨ ᠣᠷᠳᠣᠨ ᠨᠡᠪᠲᠡᠷᠡᠯᠴᠡᠬᠦ᠂ ᠠᠵᠤ ᠠᠬᠤᠶᠢᠯᠠᠯ ᠬᠠᠷᠢᠯᠴᠠᠬᠤ ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠵᠢᠷᠤᠮᠵᠢᠯ ᠲᠠᠢ ᠡᠵᠡᠩᠨᠡᠬᠦ᠂ ᠤᠬᠠᠭᠤᠯᠤᠨ ᠳᠡᠯᠭᠡᠷᠡᠭᠦᠯᠬᠦ ᠵᠡᠷᠭᠡ ᠲᠠᠯ᠎ᠠ ᠶᠢᠨ  ᠦᠢᠯᠡᠳᠦᠯ ᠢ ᠪᠠᠳᠠᠷᠠᠭᠤᠯᠤᠨ᠂ ᠰᠦᠯᠵᠢᠶᠡᠨ ᠭᠠᠳᠠᠨᠠᠬᠢ  ᠦᠢᠯᠡᠳᠪᠦᠷᠢᠯᠡᠯ ᠪᠠ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠵᠣᠯᠭᠠᠭᠤᠯᠬᠤ᠂ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠲᠥᠷᠥᠯ ᠤᠨ ᠡᠵᠡᠩᠨᠡᠯᠲᠡ ᠶᠢᠨ ᠥᠪᠡᠷ ᠢ ᠪᠠᠨ ᠬᠠᠮᠢᠶᠠᠷᠬᠤ ᠪᠠ ᠦᠶ᠋ᠯᠡᠴᠢᠯᠡᠬᠦ ᠴᠢᠳᠠᠪᠤᠷᠢ ᠶᠢ ᠭᠤᠤᠯᠴᠢᠯᠠᠨ ᠪᠤᠶᠢᠵᠢᠭᠤᠯᠵᠤ᠂ ᠴᠢᠯᠥᠭᠡᠲᠡᠶ ᠶᠠᠪᠤᠯᠴᠠᠬᠤ᠂ ᠬᠠᠮᠲᠤᠷᠠᠯᠴᠠᠬᠤ᠂ ᠬᠠᠮᠲᠤᠪᠠᠷ ᠠᠰᠢᠭ ᠬᠦᠷᠲᠡᠬᠦ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃ ᠲᠤᠬᠠᠶ ᠶᠢᠨ ᠭᠠᠵᠠᠷ ᠤᠨ ᠨᠡᠯᠢᠶᠡᠳ ᠰᠠᠶᠢᠨ ᠡᠯᠧᠺᠲᠷᠣᠨ ᠬᠤᠳᠠᠯᠳᠤᠭᠠᠨ ᠤ ᠺᠣᠮᠫᠠᠨᠢ ᠶᠢ ᠠᠰᠢᠭᠯᠠᠨ᠂  ᠦᠢᠯᠡᠳᠪᠦᠷᠢᠯᠡᠯ ᠤᠨ ᠡᠲᠡᠭᠡᠳ ︵ᠲᠠᠷᠢᠶᠠᠴᠢᠨ ᠡᠷᠦᠬᠡ᠂ ᠦᠢᠯᠡᠳᠪᠦᠷᠢᠯᠡᠯ ᠤᠨ ᠰᠠᠭᠤᠷᠢᠨ ᠭᠠᠵᠠᠷ᠂ ᠬᠤᠷᠰᠢᠶ᠎ᠠ ᠪᠤᠶᠤ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ︶᠎ ᠤᠨ  ᠦᠢᠯᠡᠳᠬᠦᠨ ︵ᠡᠯᠳᠡᠪ ᠠᠮᠤ᠂ ᠲᠥᠮᠥᠰᠥ᠂ ᠤᠨᠴᠠᠯᠢᠭᠳᠤ ᠵᠢᠮᠢᠰ ᠢᠳᠡᠰᠢᠨ ᠨᠣᠭᠤᠭ᠎ᠠ︶᠎ ᠢ ᠲᠤᠤ ᠪᠦᠦ᠂ ᠵᠢᠩ ᠳ᠋ᠦᠩ ᠵᠡᠷᠭᠡ ᠲᠠᠪᠴᠠᠩ ᠢᠶᠠᠷ ᠳᠠᠮᠵᠢᠭᠤᠯᠤᠨ ᠪᠣᠷᠣᠯᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠳᠤ ᠨᠢᠭᠡᠳᠦᠯᠲᠡᠶ ᠨᠠᠷᠠᠲᠤ ᠲᠡᠮᠳᠡᠭᠲᠦ ᠳᠠᠩᠰᠠᠯᠠᠭᠤᠯᠵᠤ ᠂ ᠨᠢᠭᠡᠳᠦᠯᠲᠡᠶ ᠪᠣᠭᠤᠳᠠᠯᠯᠠᠵᠤ᠂ ᠨᠢᠭᠡᠳᠦᠯᠲᠡᠶ ᠪᠣᠷᠣᠯᠠᠭᠤᠯᠬᠤ ᠪᠠ  ᠦᠢᠯᠡᠴᠢᠯᠡᠨ᠎ᠡ᠃ ᠨᠢᠭᠡ ᠬᠤᠲᠠ ᠶᠢᠨ ᠳᠣᠲᠣᠷ᠎ᠠ ᠪᠠᠷᠠᠭ᠎ᠠ ᠬᠤᠳᠠᠯᠳᠤᠨ ᠠᠪᠬᠤ᠂ ᠠᠮᠲᠠᠲᠤ ᠢᠳᠡᠭᠡᠨ᠂ ᠵᠤᠭ᠎ᠠ ᠴᠡᠩᠭᠡᠯ᠂ ᠵᠢᠭᠤᠯᠴᠢᠯᠠᠯ᠂ ᠭᠡᠷ ᠤᠨ ᠶᠠᠪᠤᠳᠠᠯ᠂ ᠪᠢᠯᠧᠲ ᠤᠨ ᠶᠠᠪᠤᠳᠠᠯ᠂ ᠢᠳᠡᠰᠢᠨ ᠨᠣᠭᠤᠭ᠎ᠠ ᠵᠡᠷᠭᠡ ᠰᠢᠨ᠎ᠡ ᠪᠠᠷ ᠪᠤᠢ ᠪᠣᠯᠤᠭᠰᠠᠨ ᠠᠷᠠᠯᠵᠢᠶ᠎ᠠ ᠬᠤᠳᠠᠯᠳᠤᠭᠠᠨ ᠤ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠨ ᠮᠠᠨᠳᠤᠬᠤ ᠶᠢ ᠠᠬᠢᠭᠤᠯᠵᠤ᠂ ᠠᠵᠢᠯ ᠲᠥᠷᠥᠯ ᠤᠨ ᠬᠢᠵᠠᠭᠠᠷᠯᠠᠯ ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠢ ᠳᠠᠭᠠᠭᠤᠯᠬᠤ᠂  ᠮᠸᠢ ᠲᠤᠸᠠᠨ ᠢᠶᠠᠷ ᠬᠤᠳᠠᠯᠳᠤᠨ ᠠᠪᠬᠤ᠂ 58 ᠨᠢᠭᠡ ᠬᠤᠲᠠ ᠶᠢᠨ ᠬᠢᠨ ᠵᠡᠷᠭᠡ ᠥᠪᠡᠰᠦᠪᠡᠨ ᠪᠠᠶᠢᠭᠤᠯᠤᠭᠰᠠᠨ ᠪᠤᠶᠤ ᠭᠤᠷᠪᠠᠳᠠᠬᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠶᠢᠨ ᠡᠵᠡᠩᠨᠡᠨ ᠪᠣᠷᠣᠯᠠᠭᠤᠯᠬᠤ ᠲᠠᠪᠴᠠᠩ ᠳᠤ ᠲᠦᠰᠢᠭᠯᠡᠨ᠂ 2024 ᠣᠨ ᠠᠴᠠ ᠡᠮᠦᠨ᠎ᠡ ᠣᠷᠣᠵᠤ ᠰᠠᠭᠤᠭᠰᠠᠨ ᠠᠵᠤ ᠠᠬᠤᠶᠢᠯᠠᠯ ᠪᠤᠶᠤ ᠬᠤᠯᠪᠣᠭᠠᠨ ᠳᠤ ᠣᠷᠣᠯᠴᠠᠭᠰᠠᠨ ᠬᠤᠳᠠᠯᠳᠤᠭᠠᠴᠢᠨ 300 ᠪᠣᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠨᠢᠭᠡ ᠬᠤᠲᠠ ᠶᠢᠨ ᠦᠢᠯᠡᠴᠢᠯᠡᠭᠡ ᠪᠠᠷ ᠪᠦᠬᠦ ᠬᠤᠰᠢᠭᠤ ᠶᠢ ᠪᠦᠲᠦᠮᠵᠢᠲᠡᠢ ᠪᠦᠷᠬᠦᠭᠦᠯᠬᠦ ᠪᠠᠷ ᠴᠢᠷᠮᠠᠶᠢᠨ᠎ᠠ᠃      ︵ᠬᠤᠶᠠᠷ︶ ᠬᠥᠭᠵᠢᠯᠲᠡ ᠶᠢᠨ ᠭᠤᠤᠯ ᠴᠣᠭᠴᠠ ᠶᠢ ᠪᠤᠶᠢᠵᠢᠭᠤᠯᠵᠤ᠂ ᠪᠠᠯᠠ ᠮᠥᠩᠭᠦ ᠪᠠᠷ ᠲᠡᠳᠬᠦᠨ ᠳᠡᠮᠵᠢᠬᠦ ᠶᠢ ᠴᠢᠩᠭᠠᠷᠠᠭᠤᠯᠤᠨ᠎ᠠ᠃      1᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠡᠳᠬᠦᠬᠦ ᠪᠠᠯᠠ ᠮᠥᠩᠭᠦ ᠶᠢ ᠪᠠᠶᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ᠂ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠡᠳᠬᠦᠬᠦ ᠪᠠᠯᠠ ᠮᠥᠩᠭᠦ ᠳᠣᠭᠢᠷᠠᠭᠤᠯᠬᠤ ᠶᠢᠨ ᠬᠠᠮᠲᠤ ᠤᠶᠤᠲᠠᠳ ᠤᠨ ᠠᠳᠠᠯ  ᠦᠢᠯᠡᠰ ᠴᠣᠭᠴᠠᠯᠠᠵᠤ ᠠᠵᠢᠯ ᠤᠯᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠣᠰᠣᠭᠠᠷ᠂ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠥᠬᠦᠶ ᠬᠦᠷᠢᠶᠡᠨ ᠳᠠᠬᠢ  ᠦᠢᠯᠡᠳᠪᠦᠷᠢᠯᠡᠯ ᠡᠵᠡᠩᠨᠡᠯᠲᠡ ᠬᠢᠬᠦ ᠶᠢ ᠳᠡᠮᠵᠢᠨ᠎ᠡ᠃      2᠂ ᠪᠡᠯᠡ ᠮᠥᠩᠭᠦ ᠪᠠᠷ ᠲᠡᠳᠬᠦᠬᠦ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ ︽ᠪᠠᠭ᠎ᠠ ᠶᠢ ᠨᠢ ᠲᠤᠰᠠᠯᠠᠵᠤ ᠶᠡᠭᠡ ᠶᠢ ᠨᠢ ᠲᠡᠳᠬᠦᠬᠦ᠂ ᠡᠷᠬᠡ ᠲᠡᠭᠰᠢ ᠪᠠᠷ ᠨᠡᠶᠢᠳᠡᠮ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠠᠵᠤ ᠠᠬᠤᠶᠢᠯᠠᠯ ︵ ᠦᠢᠯᠡᠳᠪᠦᠷᠢᠯᠡᠯ ᠤᠨ ᠴᠢᠨᠠᠷᠲᠠᠶ ᠠᠵᠤ ᠠᠬᠤᠶᠢᠯᠠᠯ ᠪᠠᠭᠲᠠᠨ᠎ᠠ︶ ᠪᠠ ᠬᠤᠪᠢ ᠬᠥᠮᠦᠨ ᠤ ᠡᠷᠭᠢᠯᠡᠭᠰᠡᠨ ᠰᠦᠯᠵᠢᠶᠡᠨ ᠳᠡᠯᠭᠡᠭᠦᠷ ᠲᠤ᠂ ᠲᠡᠭᠦᠨ ᠤ ᠪᠣᠷᠣᠯᠠᠭᠤᠯᠭ᠎ᠠ ᠶᠢᠨ ᠬᠡᠪᠴᠢᠶ᠎ᠡ᠂ ᠭᠠᠶᠢᠯᠢ ᠲᠤᠰᠢᠶᠠᠭᠰᠠᠨ ᠬᠤᠪᠢ ᠨᠡᠮᠡᠷᠢ ᠪᠠ ᠪᠤᠶᠢᠵᠢᠯᠲᠠ ᠶᠢᠨ ᠴᠢᠨᠠᠷ ᠵᠡᠷᠭᠡ ᠬᠦᠴᠦᠨ ᠵᠦᠶ᠋ᠯ ᠢ ᠨᠢ ᠦᠨᠳᠦᠰᠦᠯᠡᠨ᠂ ᠲᠣᠰ ᠲᠣᠰ  ᠦᠢᠯᠡᠳᠬᠦᠨ ᠢ ᠨᠡᠭᠡᠭᠡᠨ ᠬᠥᠭᠵᠢᠭᠦᠯᠬᠦ ︵ᠦᠢᠯᠡᠳᠬᠦᠨ ᠢ ᠡᠮᠬᠢᠯᠡᠵᠦ ᠪᠣᠭᠤᠳᠠᠯᠯᠠᠬᠤ ᠪᠠᠭᠲᠠᠨ᠎ᠠ︶᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ᠂ ᠲᠠᠯᠠᠪᠤᠷ ᠭᠠᠵᠠᠷ ᠢ ᠲᠦᠷᠢᠶᠡᠰᠦᠯᠡᠬᠦ᠂ ᠪᠠᠷᠠᠭᠠᠨ ᠤ ᠬᠦᠢᠯᠭᠡᠭᠡᠨ ᠤ ᠲᠦᠷᠭᠡᠨ ᠢᠯᠡᠭᠡᠯᠲᠡ ᠵᠡᠷᠭᠡ ᠲᠠᠯ᠎ᠠ ᠪᠠᠷ ᠱᠠᠩᠨᠠᠬᠤ ᠪᠤᠶᠤ ᠨᠥᠬᠦᠪᠥᠷᠢ ᠥᠭᠬᠦ ᠶᠢᠨ ᠬᠠᠮᠲᠤ᠂ ᠬᠠᠮᠢᠶ᠎ᠠ ᠪᠥᠬᠦᠶ ᠲᠥᠬᠦᠷᠵᠢᠭᠦᠯᠬᠦ ᠠᠷᠭ᠎ᠠ ᠶᠢ ᠲᠦᠷᠭᠡᠳᠬᠡᠨ ᠲᠣᠭᠲᠠᠭᠠᠬᠤ ᠪᠠ ᠲᠡᠭᠦᠯᠳᠡᠷᠵᠢᠭᠦᠯᠵᠦ᠂ ᠪᠠᠯᠠ ᠮᠥᠩᠭᠦ ᠪᠠᠷ ᠲᠡᠳᠬᠦᠨ ᠲᠤᠰᠠᠯᠠᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃      3᠂ ᠮᠥᠩᠭᠦᠨ ᠬᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠠᠵᠢᠯ ᠣᠯᠬᠤ ᠪᠠᠷ ᠪᠠᠶᠢᠭ᠎ᠠ ᠤᠶᠤᠲᠠᠳ᠂ ᠬᠥᠳᠡᠭᠡ ᠲᠣᠰᠬᠤᠨ ᠤ ᠵᠠᠯᠠᠭᠤᠴᠤᠳ ᠵᠡᠷᠭᠡ ᠨᠡᠶᠢᠲᠡ ᠴᠣᠭᠴᠠ ᠶᠢᠨ ᠰᠦᠯᠵᠢᠶᠡᠨ ᠳᠡᠭᠡᠷ᠎ᠡ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ ᠬᠠᠮᠲᠤ᠂ ᠤᠯᠤᠰ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠳᠠᠮ ᠬᠦᠦ ᠲᠠᠢ ᠵᠢᠭᠡᠯᠡᠯᠭᠡ ᠶᠢᠨ ᠲᠡᠳᠬᠦᠨ ᠳᠡᠮᠵᠢᠬᠦ ᠬᠡᠪᠴᠢᠶᠡᠨ ᠳᠤ ᠡᠩ ᠲᠡᠷᠢᠭᠦᠨ ᠳᠤ ᠣᠷᠣᠭᠤᠯᠤᠨ᠎ᠠ᠃ ᠬᠤᠰᠢᠭᠤᠨ ᠤ ᠬᠡᠪᠴᠢᠶᠡᠨ ᠳᠠᠬᠢ ᠡᠯ᠎ᠡ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠵᠤ ᠠᠬᠤᠶᠢᠯᠠᠯ ᠪᠠ ᠬᠤᠪᠢ ᠬᠥᠮᠦᠨ ᠳᠤ ᠢᠲᠡᠭᠡᠮᠵᠢ ᠶᠢᠨ ᠬᠠᠮᠠᠭᠠᠯᠠᠯᠲᠠ ᠶᠢᠨ ᠪᠣᠯᠪᠠᠰᠤᠷᠠᠯ ᠢ ᠲᠥᠪᠯᠡᠷᠡᠭᠦᠯᠦᠨ ᠥᠷᠨᠢᠭᠦᠯᠵᠦ᠂ ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠠ  ᠦᠢᠯᠡᠴᠢᠯᠡᠭᠡᠨ ᠤ ᠵᠠᠮ ᠢ ᠰᠢᠯᠤᠭᠤᠳᠬᠠᠨ᠎ᠠ᠃      4᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠷᠥᠯ ᠵᠦᠢᠯ ᠢ ᠲᠡᠳᠬᠦᠬᠦ ᠪᠠᠨ ᠨᠡᠮᠡᠭᠳᠡᠭᠦᠯᠦᠨ᠎ᠡ᠃ ᠬᠦᠢᠳᠡᠨ ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠡᠯᠳᠡᠪ ᠠᠮᠤ᠂ ᠬᠤᠨᠢ ᠲᠡᠵᠢᠭᠡᠬᠦ᠂ ᠭᠠᠭ᠋ᠠᠶ᠂ ᠢᠳᠡᠰᠢᠨ ᠲᠠᠬᠢᠶ᠎ᠠ ᠵᠡᠷᠭᠡ ᠠᠵᠤ  ᠦᠢᠯᠡᠰ ᠲᠤ ᠨᠢᠭᠡ ᠪᠦᠯᠦᠭ ᠠᠷᠠᠯᠵᠢᠶᠠᠯᠠᠬᠤ᠂ ᠪᠠᠷᠠᠭᠠᠨ ᠤ  ᠬᠦᠢᠯᠭᠡᠭᠡ᠂ ᠲᠣᠭᠠᠴᠠᠭ᠎ᠠ ᠬᠢᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠠᠵᠢᠯ ᠲᠥᠷᠥᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠭᠤᠤᠯᠳᠠᠯᠭ᠎ᠠ ᠲᠠᠢ ᠪᠤᠶᠢᠵᠢᠭᠤᠯᠤᠨ᠎ᠠ︔ ᠨᠥᠬᠦᠴᠡᠯ ᠲᠠᠢ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠬᠦᠯᠬᠦ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠶᠡᠭᠡ ᠬᠡᠮᠵᠢᠶᠡᠨ ᠤ ᠲᠠᠸᠠᠷ ᠤᠨ ᠰᠦᠯᠵᠢᠶᠡᠨ ᠳᠡᠭᠡᠷ᠎ᠡ ᠪᠡᠯᠡᠨ ᠪᠠᠷᠠᠭᠠᠨ ᠤ ᠠᠷᠠᠯᠵᠢᠶ᠎ᠠ ᠬᠢᠯᠭᠡᠬᠦ ᠬᠡᠷᠡᠭᠲᠡᠶ︔ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠬᠦ᠂ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠭᠰᠠᠨ ᠪᠣᠳᠠᠲᠤ ᠴᠣᠭᠴᠠᠲᠤ ᠳᠡᠯᠭᠡᠭᠦᠷ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ  ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠲᠤᠤᠷ ᠰᠦᠯᠵᠢᠶ᠎ᠡ + ᠪᠣᠳᠠᠲᠤ ᠴᠣᠭᠴᠠ + ᠨᠡᠶᠢᠭᠡᠮᠯᠢᠭ + ᠰᠢᠶᠠᠩ ᠪᠠᠯᠭᠠᠰᠤ ᠶᠢᠨ ᠱᠠᠲᠤᠨ ᠤ ᠡᠯᠧᠺᠲᠷᠣᠨ ᠬᠤᠳᠠᠯᠳᠤᠭᠠᠨ ᠤ  ᠦᠢᠯᠡᠴᠢᠯᠡᠭᠡᠨ ᠤ ᠥᠷᠲᠡᠭᠡ + ᠡᠯᠧᠺᠲᠷᠣᠨ ᠬᠤᠳᠠᠯᠳᠤᠭᠠᠨ ᠤ ᠭᠡᠰᠢᠭᠦᠨ + ᠬᠥᠲᠥᠴᠢ ᠠᠵᠤ ᠠᠬᠤᠶᠢᠯᠠᠯ + ᠲᠤᠰᠬᠠᠶ ᠬᠤᠷᠰᠢᠶ᠎ᠠ + ᠠᠳᠠᠯ ᠦᠢᠯᠡᠰ ᠴᠣᠭᠴᠠᠯᠠᠬᠤ ᠲᠠᠷᠢᠶᠠᠴᠢᠨ︾᠎ ᠤ ᠵᠠᠭᠪᠤᠷ ᠶᠣᠰᠣᠭᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠦᠨ᠎ᠡ︔ ︽ ᠭᠦᠸᠧ ᠴᠢ ᠴᠢ᠂ ᠢ ᠮᠢ ᠡᠯ︾ ᠵᠡᠷᠭᠡ ᠨᠡᠷᠡᠲᠦ ᠲᠡᠮᠳᠡᠭᠲᠦ ᠶᠢᠨ ᠵᠢᠩ ᠳ᠋ᠦᠩ᠂ ᠲᠤᠤ ᠪᠦᠦ ᠰᠦᠯᠵᠢᠶ᠎ᠡ ᠳᠤ ᠨᠡᠭᠡᠭᠡᠭᠰᠡᠨ ᠲᠠᠷᠢᠶᠠᠯᠠᠩ ᠤᠨ ᠣᠨᠴᠠᠭᠠᠢ ᠪᠦᠲᠦᠭᠡᠭᠳᠡᠬᠦᠨ ᠤ ᠬᠤᠰᠢᠭᠤᠴᠢ ᠵᠢᠴᠢ ᠲᠤᠰᠬᠠᠢ ᠡᠵᠡᠩᠨᠡᠯᠲᠡ ᠶᠢᠨ ᠳᠡᠯᠭᠡᠭᠦᠷ ᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠲᠠᠷᠢᠶᠠᠯᠠᠩ ᠤᠨ ᠣᠨᠴᠠᠭᠠᠢ ᠪᠦᠲᠦᠭᠡᠭᠳᠡᠬᠦᠨ ᠢ ᠲᠠᠰᠤᠷᠠᠯᠲᠠ ᠦᠭᠡᠢ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠬᠡᠷᠡᠭᠲᠡᠢ︔ ᠲᠠᠷᠢᠶᠠᠯᠠᠩ ᠤᠨ ᠪᠦᠲᠦᠭᠡᠭᠳᠡᠬᠦᠨ ᠠᠷᠠᠯᠵᠢᠶᠠᠯᠠᠬᠤ ᠵᠠᠬ᠎ᠠ ᠳᠡᠯᠭᠡᠭᠦᠷ ᠢ ᠪᠠᠶᠢᠭᠤᠯᠵᠤ᠂ ᠨᠡᠶᠢᠭᠡᠮᠯᠢᠭ ᠪᠣᠯᠤᠨ ᠭᠡᠰᠢᠭᠦᠳ ᠲᠤ ᠨᠢᠭᠡᠳᠦᠯᠲᠡᠶ ᠬᠥᠮᠥᠷᠭᠡᠯᠡᠨ ᠬᠠᠳᠠᠭᠠᠯᠠᠬᠤ ᠪᠠ ᠪᠠᠷᠠᠭ᠎ᠠ ᠣᠷᠣᠯᠠᠨ ᠶᠠᠪᠤᠭᠤᠯᠬᠤ ᠦᠢᠯᠡᠴᠢᠯᠡᠭᠡᠨ ᠬᠠᠩᠭᠠᠵᠤ᠂ ᠬᠤᠪᠢᠶᠠᠨ ᠪᠣᠷᠣᠯᠠᠭᠤᠯᠬᠤ  ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠬᠦ ᠬᠡᠷᠡᠭᠲᠡᠶ᠃      ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠶᠢ ᠪᠦᠬᠦ ᠬᠤᠰᠢᠭᠤᠨ ᠤ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠵᠤ᠂ ᠲᠥᠯᠥᠪᠵᠢᠭᠦᠯᠦᠨ ᠪᠠᠶᠢᠷᠢᠯᠠᠭᠤᠯᠬᠤ ᠠᠵᠢᠯ ᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃      ︵ᠭᠤᠷᠪᠠ︶ ᠬᠥᠭᠵᠢᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠨ᠂ ᠲᠡᠳᠬᠦᠬᠦ ᠭᠤᠣᠯᠳᠠᠯᠭ᠎ᠠ ᠪᠠᠨ ᠲᠣᠪᠤᠶᠢᠯᠭᠠᠨ᠎ᠠ      1᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠨᠡᠭᠡᠭᠡᠨ ᠬᠥᠭᠵᠢᠭᠦᠯᠬᠦ ᠲᠥᠷᠥᠯ  ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠨ᠎ᠠ᠃ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠭᠤᠣᠯᠯᠠᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠵᠠᠷᠴᠢᠮ ᠤᠨ ᠶᠣᠰᠣᠭᠠᠷ᠂ ᠠᠵᠤ ᠠᠬᠤᠶᠢᠯᠠᠯ ᠪᠣᠯᠤᠨ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠰᠠᠨᠠᠭᠠᠴᠢᠯᠠᠨ᠂ ᠣᠷᠣᠭᠤᠯᠵᠤ ᠢᠷᠡᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠪᠠᠶᠢᠳᠠᠯ ᠤᠨ ᠲᠣᠭᠤᠷᠢᠨ ᠳᠤ᠂ ᠠᠯᠪᠠᠨ ᠠᠰᠠᠷ᠂ ᠪᠣᠯᠪᠠᠰᠤᠷᠠᠭᠤᠯᠬᠤ ᠦᠢᠯᠡᠳᠪᠦᠷᠢ ᠶᠢᠨ ᠭᠡᠷ᠂ ᠬᠥᠯᠳᠡᠭᠡᠵᠦ ᠬᠡᠯᠬᠢᠶᠡᠵᠢᠭᠦᠯᠦᠭᠰᠡᠨ ᠪᠠᠷᠠᠭᠠᠨ ᠤ ᠭᠦᠢᠯᠭᠡᠭᠡᠨ ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠨ᠎ᠠ᠃ ᠲᠥᠷᠥᠯ ᠵᠦᠶ᠋ᠯ ᠤᠨ ᠪᠠᠯᠠ ᠣᠷᠣᠭᠤᠯᠤᠭᠴᠢ ᠶᠢᠨ ᠪᠠᠯᠠ ᠣᠷᠣᠭᠤᠯᠬᠤ ᠠᠭᠤᠯᠭ᠎ᠠ ᠪᠠ ᠬᠡᠪᠴᠢᠶ᠎ᠡ ᠶᠢ ᠦᠨᠳᠦᠰᠦᠯᠡᠨ᠂ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠪᠠᠷ ᠳᠠᠮᠵᠢᠭᠤᠯᠤᠨ᠂ ᠡᠵᠡᠨ ᠬᠤᠷᠤᠭ᠎ᠠ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃      2᠂ ︽ᠡᠯᠧᠺᠲᠷᠣᠨ ᠬᠤᠳᠠᠯᠳᠤᠭᠠᠨ ᠤ ᠲᠣᠰᠬᠤᠨ︾᠎ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠦᠨ᠎ᠡ᠃ ᠰᠦᠯᠵᠢᠶᠡᠨ ᠳᠡᠯᠭᠡᠭᠦᠷ ᠤᠨ ᠲᠥᠪᠯᠡᠷᠡᠨ ᠬᠥᠭᠵᠢᠬᠦ ᠶᠢ ᠳᠡᠮᠵᠢᠵᠦ᠂ ᠠᠵᠤ ᠠᠬᠤᠶᠢᠯᠠᠯ᠂ ᠬᠤᠪᠢ ᠬᠥᠮᠦᠨ ᠪᠤᠶᠤ ᠰᠢᠶᠠᠩ ᠪᠠᠯᠭᠠᠰᠤ ᠲᠣᠰᠬᠤᠨ ︵ᠨᠡᠶᠢᠭᠡᠮ ᠲᠣᠭᠤᠷᠢᠭ︶᠎ ᠤ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠵᠡᠷᠭᠡ ᠨᠢ ᠨᠢᠭᠡ ᠲᠣᠰᠬᠤᠨ ᠪᠤᠶᠤ ᠨᠢᠭᠡ ᠨᠡᠶᠢᠭᠡᠮ ᠲᠣᠭᠤᠷᠢᠭ ᠤᠨ ᠳᠣᠲᠣᠷ᠎ᠠ 10᠎ ᠠᠴᠠ ᠳᠡᠭᠡᠭᠰᠢ ᠰᠦᠯᠵᠢᠶᠡᠨ ᠳᠡᠯᠭᠡᠭᠦᠷ ᠢ ᠵᠣᠬᠢᠶᠠᠨ ᠪᠠᠶᠢᠭᠤᠯᠵᠤ᠂ ᠪᠤᠶᠢᠵᠢᠭᠤᠯᠵᠤ᠂ ᠲᠥᠪᠯᠡᠷᠡᠭᠦᠯᠦᠭᠰᠡᠨ ᠮᠥᠷᠲᠡᠭᠡᠨ ᠣᠨ ᠤ ᠰᠦᠯᠵᠢᠶᠡᠨ ᠳᠡᠭᠡᠷ᠎ᠡ ᠪᠣᠷᠣᠯᠠᠭᠤᠯᠬᠤ ᠬᠡᠪᠴᠢᠶ᠎ᠡ ᠨᠢ 200 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠰᠦᠯᠵᠢᠶᠡᠨ ᠳᠡᠯᠭᠡᠭᠦᠷ ᠤᠨ ᠡᠵᠡᠩᠨᠡᠭᠴᠢᠳ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ᠂ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠵᠣᠬᠢᠶᠠᠨ ᠪᠠᠶᠢᠭᠤᠯᠤᠨ ᠪᠤᠶᠢᠵᠢᠭᠤᠯᠤᠭᠴᠢ ᠶᠢ 3 ᠲᠦᠮᠡᠨ ᠲᠥᠭᠦᠷᠢᠭ ᠢᠶᠠᠷ ᠱᠠᠩᠨᠠᠨ᠎ᠠ︔ ᠲᠥᠪᠯᠡᠷᠡᠭᠰᠡᠨ ᠰᠦᠯᠵᠢᠶᠡᠨ ᠳᠡᠯᠭᠡᠭᠦᠷ ᠤᠨ ᠲᠤᠭ᠎ᠠ ᠬᠡᠮᠵᠢᠶ᠎ᠡ ᠨᠢ 20᠎ ᠶᠢ ᠳᠠᠪᠠᠭᠰᠠᠨ ᠮᠥᠷᠲᠡᠭᠡᠨ ᠪᠣᠷᠣᠯᠠᠭᠤᠯᠤᠭᠰᠠᠨ ᠬᠡᠪᠴᠢᠶ᠎ᠡ ᠨᠢ 500 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠵᠣᠬᠢᠶᠠᠨ ᠪᠠᠶᠢᠭᠤᠯᠵᠤ ᠪᠤᠶᠢᠵᠢᠭᠤᠯᠤᠭᠴᠢ ᠶᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃      3᠂ ᠰᠠᠭᠤᠷᠢ ᠪᠣᠯᠪᠠᠰᠤᠷᠠᠭᠤᠯᠤᠯ ᠢ ᠴᠢᠬᠤᠯᠠᠴᠢᠯᠠᠨ ᠰᠠᠶᠢᠲᠤᠷ ᠬᠢᠬᠦ ᠬᠡᠷᠡᠭᠲᠡᠶ᠃  ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠬᠤᠰᠢᠭᠤᠨ ᠤ ᠳᠣᠲᠣᠷᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠯ ᠤᠨ ᠠᠩᠭᠢ ᠶᠢ ᠡᠷᠭᠢᠯᠡᠨ᠂ ᠭᠤᠤᠯᠳᠠᠭᠤ ᠬᠥᠳᠡᠭᠡ ᠲᠣᠰᠬᠤᠨ ᠤ ᠠᠳᠠᠯ  ᠦᠢᠯᠡᠰ ᠴᠣᠭᠴᠠᠯᠠᠬᠤ ᠵᠠᠯᠠᠭᠤᠴᠤᠳ᠂ ᠬᠤᠲᠠ ᠪᠠᠯᠭᠠᠰᠤᠨ ᠤ ᠠᠵᠢᠯ ᠤᠯᠬᠤ ᠭᠡᠵᠦ ᠪᠠᠶᠢᠭ᠎ᠠ ᠵᠠᠯᠠᠭᠤᠴᠤᠳ᠂ ᠵᠠᠯᠠᠭᠤ ᠰᠤᠷᠤᠭᠴᠢᠳ ᠪᠠ  ᠦᠢᠯᠡᠳᠪᠦᠷᠢᠯᠡᠯ᠂ ᠬᠦᠢᠯᠭᠡᠭᠡᠨ ᠤ ᠬᠦᠷᠢᠶᠡᠨ ᠳᠠᠬᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠠᠨᠳᠤᠭᠤᠯᠤᠨ᠂ ᠲᠤᠰᠬᠠᠶ ᠮᠡᠷᠭᠡᠵᠢᠯ ᠤᠨ ᠪᠣᠯᠪᠠᠰᠤᠷᠠᠯ ᠬᠠᠩᠭᠠᠵᠤ᠂ ᠰᠦᠯᠵᠢᠶ᠎ᠡ ᠪᠠᠷ ᠡᠵᠡᠩᠨᠡᠬᠦ ᠴᠢᠳᠠᠪᠤᠷᠢᠲᠠᠨ ᠢ ᠬᠥᠮᠦᠵᠢᠭᠦᠯᠦᠨ᠎ᠡ᠃      ︵ᠳᠥᠷᠪᠡ︶ ᠬᠢᠵᠠᠭᠠᠷᠯᠠᠬᠤ ᠪᠣᠭᠤᠮᠢ ᠳᠤ ᠴᠢᠭᠯᠡᠭᠦᠯᠦᠨ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃      1᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠪᠠᠷ ᠢᠶᠠᠨ ᠬᠤᠯᠪᠣᠭᠠᠯᠠᠬᠤ ᠶᠢ ᠵᠣᠷᠢᠭᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠵᠠᠭᠪᠤᠷ ᠲᠤ ᠰᠢᠨ᠎ᠡ ᠶᠢ ᠡᠭᠦᠳᠦᠨ ᠬᠥᠭᠵᠢᠭᠦᠯᠦᠨ᠎ᠡ᠃ ᠵᠢᠵᠢᠭ ᠠᠵᠤ ᠠᠬᠤᠶᠢᠯᠠᠯ᠂ ᠬᠤᠪᠢ ᠬᠥᠮᠦᠨ ᠤ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠦᠨ ᠪᠠᠭᠤᠷᠠᠶ᠂ ᠬᠡᠪᠴᠢᠶ᠎ᠡ ᠪᠠᠭ᠎ᠠ᠂ ᠵᠢᠷᠤᠮᠵᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠢᠷᠲᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠠᠳᠠᠯᠢ ᠠᠵᠢᠯ ᠲᠥᠷᠥᠯ᠂ ᠠᠳᠠᠯᠢ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ︽ᠨᠢᠭᠡᠳᠦᠯᠲᠡᠶ ᠵᠢᠷᠤᠮᠵᠢᠭᠤᠯᠬᠤ᠂ ᠪᠡᠶ᠎ᠡ ᠪᠠᠨ ᠳᠠᠭᠠᠭᠠᠨ ᠡᠵᠡᠩᠨᠡᠬᠦ᠂ ᠲᠥᠪᠯᠡᠷᠡᠭᠦᠯᠦᠨ ᠬᠥᠭᠵᠢᠭᠦᠯᠬᠦ᠂ ᠬᠠᠮᠲᠤᠪᠠᠷ ᠭᠥᠷᠳᠡᠬᠦ ᠳᠠᠪᠠᠭᠤᠯᠢᠭ︾ ᠵᠠᠷᠴᠢᠮ ᠶᠣᠰᠣᠭᠠᠷ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ᠭᠠᠵᠠᠷ ᠰᠢᠷᠣᠶ ᠶᠢ ᠠᠰᠢᠭᠯᠠᠬᠤ᠂ ᠪᠠᠯᠠ ᠮᠥᠩᠭᠦ ᠪᠠᠷ ᠲᠡᠳᠬᠦᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠯᠤᠭ᠎ᠠ ᠠᠳᠠᠯᠢ ᠣᠯᠭᠤᠮᠵᠢ ᠬᠦᠷᠲᠡᠭᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ  ᠦᠢᠯᠡᠳᠪᠦᠷᠢᠯᠡᠯ ᠤᠨ ᠰᠠᠭᠤᠷᠢ ᠶᠢ ᠳᠡᠯᠪᠢᠨ ᠥᠭᠴᠦ ᠂  ᠦᠢᠯᠡᠳᠬᠦᠨ ᠤ ᠲᠥᠷᠥᠯ  ᠵᠦᠢᠯ ᠢ ᠪᠠᠶᠠᠯᠢᠭᠵᠢᠭᠤᠯᠤᠨ᠎ᠠ᠃      2᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠵᠤ ᠠᠬᠤᠶᠢᠯᠠᠯ᠂ ᠬᠤᠪᠢ ᠪᠠᠷ ᠢᠶᠠᠨ ᠬᠤᠯᠪᠣᠭᠠᠯᠠᠬᠤ ᠶᠢ ᠵᠣᠷᠢᠭᠵᠢᠭᠤᠯᠵᠤ᠂ ᠬᠥᠭᠵᠢᠯᠲᠡ ᠶᠢᠨ ᠥᠪᠡᠰᠦᠪᠡᠨ  ᠦᠢᠯᠡᠴᠢᠯᠡᠬᠦ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠤᠨ᠎ᠠ᠃ ᠠᠵᠤ ᠠᠬᠤᠶᠢᠯᠠᠯ᠂ ᠬᠤᠪᠢ ᠬᠥᠮᠦᠨ ᠤ ᠲᠤᠰ ᠪᠡᠶ᠎ᠡ ᠶᠢᠨ ᠬᠡᠪᠴᠢᠶ᠎ᠡ ᠨᠢ ᠪᠠᠭ᠎ᠠ᠂ ᠵᠢᠭᠡᠯᠡᠯᠭᠡ ᠵᠢᠭᠡᠯᠡᠬᠦ ᠳᠤ ᠬᠦᠴᠢᠷᠲᠡᠶ ᠪᠠᠶᠢᠭ᠎ᠠ ᠪᠣᠳᠠᠲᠤ ᠠᠰᠠᠭᠤᠳᠠᠯ ᠳᠤ ᠴᠢᠭᠯᠡᠭᠦᠯᠦᠨ᠂ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠡᠵᠡᠩᠨᠡᠯᠲᠡ ᠳᠤ ᠬᠢᠵᠠᠭᠠᠷᠯᠠᠯ ᠭᠠᠷᠭᠠᠬᠤ︾ ᠵᠠᠷᠴᠢᠮ ᠤᠨ ᠶᠣᠰᠣᠭᠠᠷ᠂ ᠵᠣᠬᠢᠬᠤ ᠭᠠᠵᠠᠷ ᠣᠷᠣᠨ ᠪᠤᠶᠤ ᠠᠵᠢᠯ ᠲᠥᠷᠥᠯ ᠤᠨ ᠬᠡᠪᠴᠢᠶᠡᠨ ᠳᠤ ᠨᠡᠶᠢᠭᠡᠮ ᠤᠨ ᠬᠥᠷᠥᠩᠭᠡ ᠶᠢ ᠳᠠᠶᠢᠴᠢᠯᠠᠨ ᠣᠷᠣᠯᠴᠠᠭᠤᠯᠬᠤ ᠶᠢ ᠲᠤᠷᠰᠢᠵᠤ᠂ ᠥᠪᠡᠷ ᠲᠡᠭᠡᠨ  ᠦᠢᠯᠡᠴᠢᠯᠡᠬᠦ ᠰᠠᠭᠤᠷᠢ ᠮᠥᠩᠭᠦ ᠶᠢ ᠪᠠᠶᠢᠭᠤᠯᠤᠨ ᠬᠥᠭᠵᠢᠭᠦᠯᠵᠦ᠂ ᠠᠵᠤ ᠠᠬᠤᠶᠢᠯᠠᠯ᠂ ᠬᠤᠪᠢ ᠬᠥᠮᠦᠨ ᠤ  ᠦᠢᠯᠡᠳᠪᠦᠷᠢᠯᠡᠯ ᠡᠵᠡᠩᠨᠡᠯᠲᠡ ᠳᠤ ᠲᠥᠯᠥᠪᠦᠷᠢ ᠲᠠᠢ ᠪᠠᠷ ᠪᠠᠭ᠎ᠠ ᠲᠣᠭᠠᠨ ᠤ ᠪᠡᠯᠡ ᠮᠥᠩᠭᠦ ᠶᠢᠨ ᠲᠤᠰᠠᠯᠠᠮᠵᠢ ᠬᠠᠩᠭᠠᠬᠤ ᠬᠡᠷᠡᠭᠲᠡᠶ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      1᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠰᠢᠭᠤᠨ ᠤ ᠭᠤᠤᠯ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠪᠣᠯᠵᠣ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠪᠣᠯᠵᠣ᠂ ᠬᠠᠮᠢᠶ᠎ᠠ ᠪᠥᠬᠦᠶ ᠰᠠᠯᠠᠭ᠎ᠠ ᠮᠥᠴᠢᠷ ᠭᠡᠰᠢᠭᠦᠨ ᠪᠣᠯᠵᠣ᠂ ᠠᠵᠢᠯ ᠢ ᠬᠠᠷᠢᠭᠤᠴᠠᠨ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠᠶᠢᠭᠤᠯᠵᠤ᠂ ᠠᠵᠢᠯᠲᠠᠨ ᠢ ᠨᠠᠶᠢᠳᠠᠪᠤᠷᠢᠵᠢᠭᠤᠯᠤᠨ᠂ ᠡᠭᠦᠷᠭᠡ ᠴᠢᠳᠠᠪᠤᠷᠢ ᠶᠢ ᠨᠢ ᠲᠣᠳᠣᠷᠬᠠᠶᠢᠯᠠᠨ᠎ᠠ᠃ ᠡᠯ᠎ᠡ ᠰᠢᠶᠠᠩ ᠪᠠᠯᠭᠠᠰᠤ ︵ᠨᠡᠶᠢᠭᠡᠮ ᠲᠣᠭᠤᠷᠢᠭ︶᠎ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠵᠣᠬᠢᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠤᠰ ᠭᠠᠵᠠᠷ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠵᠦ ᠪᠣᠯᠤᠨ᠎ᠠ᠃      2᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠣᠭᠤᠳᠤᠨ᠎ᠠ᠃ ᠡᠯᠧᠺᠲᠷᠣᠨ ᠬᠤᠳᠠᠯᠳᠤᠭ᠎ᠠ ᠪᠠᠷ ᠭᠤᠤᠯ ᠴᠣᠭᠴᠠ ᠪᠣᠯᠭᠠᠭᠰᠠᠨ ᠠᠵᠢᠯ ᠲᠥᠷᠥᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠨᠡᠶᠢᠭᠡᠮᠯᠢᠭ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ ᠪᠡᠶ᠎ᠡ ᠳᠡᠭᠡᠨ  ᠦᠢᠯᠡᠴᠢᠯᠡᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠳᠠᠪᠠᠭᠤᠯᠢᠭ ᠪᠠ ᠴᠢᠳᠠᠮᠵᠢ ᠶᠢ ᠪᠠᠳᠠᠷᠠᠭᠤᠯᠵᠤ᠂ ᠲᠣᠰ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠬᠡᠪ ᠤᠨ ᠡᠮᠬᠢ ᠳᠢᠭᠯᠢᠮ ᠢ ᠬᠠᠮᠠᠭᠠᠯᠠᠵᠤ᠂ ᠠᠵᠢᠯ ᠲᠥᠷᠥᠯ ᠬᠢᠭᠡᠳ ᠵᠠᠰᠠᠭ ᠤᠨ ᠣᠷᠳᠣᠨ᠂ ᠡᠯᠧᠺᠲᠷᠣᠨ ᠬᠤᠳᠠᠯᠳᠤᠭ᠎ᠠ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠦᠨ᠎ᠡ᠃      3᠂ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠠᠷᠠᠯᠵᠢᠶᠠᠨ ᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠰᠦᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ᠂ ᠣᠨᠴᠣᠭᠤᠶ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠪᠠᠶᠢᠳᠠᠯ ᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠪᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ ᠤᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠤ ᠠᠵᠤ ᠠᠬᠤᠢ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ ᠰᠦᠯᠵᠢᠶᠡᠨ ᠳᠡᠭᠡᠷ᠎ᠡ ᠡᠵᠡᠩᠨᠡᠬᠦ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠬᠠᠮᠢᠶᠠᠷᠤᠯᠲᠠ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃      4᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠲᠧᠯᠸᠢᠰ᠂ ᠰᠣᠨᠢᠨ᠂ ᠰᠦᠯᠵᠢᠶ᠎ᠡ ᠵᠡᠷᠭᠡ ᠣᠯᠠᠨ ᠵᠦᠢᠯ ᠤᠨ ᠪᠦᠲᠦᠮᠵᠢᠲᠡᠶ ᠬᠡᠯᠪᠡᠷᠢ ᠶᠢ ᠠᠪᠴᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠬᠠᠶᠢᠯᠠᠭᠰᠠᠨ ᠠᠵᠢᠯ ᠤᠨ ᠮᠡᠳᠡᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠂ ᠪᠥᠬᠦ ᠠᠷᠠᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠷᠠᠳ ᠣᠯᠠᠨ ᠤ ᠠᠳᠠᠯ  ᠦᠢᠯᠡᠰ ᠴᠣᠭᠴᠠᠯᠠᠬᠤ ᠦᠵᠡᠯ ᠤᠬᠠᠮᠰᠠᠷ ᠪᠠ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠳᠤ ᠠᠮᠵᠢᠯᠲᠠ ᠣᠯᠤᠭᠰᠠᠨ ᠠᠵᠤ ᠠᠬᠤᠶᠢᠯᠠᠯ ᠪᠣᠯᠤᠨ ᠬᠤᠪᠢ ᠬᠥᠮᠦᠨ ᠤ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠵᠢᠱᠢᠶ᠎ᠡ ᠦᠵᠡᠭᠦᠯᠬᠦ ᠨᠥᠯᠥᠭᠡᠯᠡᠯ ᠢ ᠲᠠᠰᠤᠷᠠᠯᠲᠠ ᠤᠢᠭᠡᠢ ᠥᠷᠭᠡᠳᠬᠡᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠨ᠎ᠠ᠃                  ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                 2021 ᠣᠨ ᠤ 5 ᠳ᠋ᠤᠭᠠᠷ ᠰᠠᠷ᠎ᠠ ᠶᠢᠨ 10᠎ ᠤ ᠡᠳᠦᠷ ᠳᠠᠷᠤᠮᠠᠯᠯᠠᠨ ᠲᠠᠷᠬᠠᠭᠠᠪᠠ    
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号