︽ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠲᠦᠷᠭᠡᠳᠭᠡᠬᠦ ᠵᠢᠯᠤᠭᠤᠳᠬᠤ ᠰᠠᠨᠠᠯ︾᠎ ᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
             ᠡᠵᠡᠨ ᠵᠠᠰᠠᠭ ᠠᠯᠪᠠᠨ ᠲᠠᠷᠬᠠᠭᠠᠭᠰᠠᠨ  ﹇2021﹈14  ᠳ᠋ᠤᠭᠡᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄    ︽ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠬᠦ ᠲᠤᠬᠠᠶ ᠵᠢᠯᠣᠭᠤᠳᠬᠤ ᠰᠠᠨᠠᠯ︾᠎ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃             ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                  2021 ᠣᠨ ᠤ 5 ᠳ᠋ᠤᠭᠠᠷ ᠰᠠᠷ᠎ᠠ ᠶᠢᠨ 10᠎ ᠤ ᠡᠳᠦᠷ   ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ        ᠶᠠᠪᠤᠳᠠᠯ ᠤᠨ ᠬᠥᠭᠵᠢᠯᠲᠡ ᠶᠢ ᠲᠦᠷᠭᠡᠳᠬᠡᠬᠦ ᠲᠤᠬᠠᠶ ᠵᠢᠯᠣᠭᠤᠳᠬᠤ ᠰᠠᠨᠠᠯ      ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠢ ᠬᠥᠳᠡᠭᠡ ᠲᠣᠰᠬᠤᠨ ᠳᠤ ᠬᠦᠷᠭᠡᠬᠦ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ ᠣᠷᠣᠭᠤᠯᠬᠤ ᠶᠢ ᠪᠦᠲᠦᠮᠵᠢᠲᠡᠶ ᠠᠬᠢᠭᠤᠯᠵᠤ᠂ ᠡᠵᠡᠨ ᠬᠤᠷᠤᠭ᠎ᠠ ᠬᠤᠰᠢᠭᠤᠨ ᠤ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠢ ᠤᠯᠤᠰ ᠤᠨ ᠳᠣᠲᠣᠭᠠᠳᠤ ᠭᠠᠳᠠᠭᠠᠳᠤ ᠳᠤ ᠪᠣᠷᠣᠯᠠᠭᠤᠯᠬᠤ ᠶᠢ ᠠᠬᠢᠭᠤᠯᠵᠤ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠪᠠᠷᠠᠭ᠎ᠠ ᠬᠤᠳᠠᠯᠳᠤᠨ ᠠᠪᠬᠤ ᠪᠠ ᠪᠠᠷᠠᠭ᠎ᠠ ᠬᠤᠳᠠᠯᠳᠤᠨ ᠠᠪᠬᠤ ᠥᠪᠡᠷ ᠤᠨ ᠥᠷᠲᠡᠭ ᠢ ᠪᠠᠭᠤᠷᠠᠭᠤᠯᠬᠤ ᠳᠤ ᠲᠥᠬᠦᠮ ᠦᠵᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠲᠣᠮᠣ ᠬᠤᠰᠢᠭᠤ ᠶᠢ ᠠᠵᠤ ᠠᠬᠤᠶ ᠶᠢᠨ ᠬᠦᠴᠦᠷᠬᠡᠭ ᠬᠤᠰᠢᠭᠤ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠤᠰᠠᠳᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠰᠤᠳᠤᠯᠤᠭᠤᠯᠵᠤ᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠳᠡᠮᠵᠢᠬᠦ ᠠᠵᠢᠯ ᠤᠨ ᠵᠢᠯᠣᠭᠤᠳᠬᠤ ᠴᠢᠨᠠᠷᠲᠠᠶ ᠰᠠᠨᠠᠯ ᠢ ᠣᠨᠴᠠᠭᠠᠶᠢᠯᠠᠨ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ      ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠬᠤ ᠬᠡᠷᠡᠭᠲᠡᠶ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ ᠶᠢ ᠪᠠᠷᠢᠮᠲᠠᠯᠠᠨ᠎ᠠ᠂ ᠠᠵᠤ ᠠᠬᠤᠶᠢᠯᠠᠯ ᠤᠨ ᠭᠤᠣᠯ ᠴᠣᠭᠴᠠ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠵᠠᠷᠴᠢᠮ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠂ ᠪᠥᠬᠦ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠳᠡᠮᠵᠢᠨ᠎ᠡ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ᠂ ᠮᠡᠳᠡᠭᠡ ᠵᠠᠩᠭᠢᠵᠢᠯᠲᠠ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠭᠡᠮᠡᠯᠵᠢᠭᠦᠯᠦᠨ ᠬᠡᠷᠡᠭᠯᠡᠬᠦ ᠶᠢ ᠠᠬᠢᠭᠤᠯᠤᠨ᠎ᠠ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠬᠢᠷᠠᠭᠤᠯᠤᠨ ᠬᠦᠷᠭᠡᠬᠦ ᠵᠢᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠢᠳᠡᠪᠬᠢᠲᠡᠶ ᠪᠠᠷ ᠰᠦᠪᠡᠭᠴᠢᠯᠡᠨ ᠪᠠᠶᠢᠭᠤᠯᠤᠨ᠎ᠠ᠂ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠰᠦᠯᠵᠢᠶᠡᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠂ ᠮᠠᠯᠵᠢᠬᠤ ᠲᠠᠷᠢᠶᠠᠯᠠᠬᠤ ᠣᠷᠣᠨ ᠤ ᠭᠦᠢᠯᠭᠡᠭᠡᠨ ᠤ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃      ᠬᠤᠶᠠᠷ᠂ ᠠᠵᠢᠯ ᠤᠨ ᠬᠠᠷᠠᠯᠲᠠ      2022 ᠣᠨ ᠤ ᠡᠴᠦᠰ ᠪᠣᠯᠬᠤ ᠳᠤ᠂ ᠪᠥᠬᠦ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠨ ᠤ ᠠᠷᠠᠯᠵᠢᠶᠠᠨ ᠤ ᠬᠡᠮᠵᠢᠶ᠎ᠡ ᠶᠢ 2500 ᠲᠦᠮᠡᠨ ᠲᠥᠭᠦᠷᠢᠭ ᠲᠤ ᠬᠦᠷᠭᠡᠵᠦ᠂ ᠲᠠᠷᠢᠶᠠᠯᠠᠩ ᠳᠤ ᠬᠤᠯᠪᠣᠭᠳᠠᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ 2 ᠲᠠᠪᠴᠠᠩ ᠢ ᠪᠠᠶᠢᠭᠤᠯᠵᠤ᠂ ᠡᠵᠡᠩᠨᠡᠯᠲᠡ ᠨᠢ ᠵᠢᠷᠤᠮᠵᠢᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠪ ᠢ 1 ᠪᠠᠶᠢᠭᠤᠯᠵᠤ᠂ ᠵᠢᠯ ᠳᠤ 200 ᠲᠦᠮᠡᠨ ᠲᠥᠭᠦᠷᠢᠭ ᠠᠴᠠ ᠳᠡᠭᠡᠭᠰᠢ ᠠᠷᠠᠯᠵᠢᠶᠠᠯᠠᠭᠰᠠᠨ 10 ᠡᠷᠦᠬᠡ ᠲᠠᠷᠢᠶᠠᠯᠠᠩ ᠳᠤ ᠬᠤᠯᠪᠣᠭᠳᠠᠬᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠪᠤᠶᠢᠵᠢᠭᠤᠯᠵᠤ᠂ ᠵᠢᠯ ᠳᠤ 100 ᠲᠦᠮᠡᠨ ᠲᠥᠭᠦᠷᠢᠭ ᠠᠴᠠ ᠳᠡᠭᠡᠭᠰᠢ ᠠᠷᠠᠯᠵᠢᠶᠠᠯᠠᠭᠰᠠᠨ 15 ᠡᠷᠦᠬᠡ ᠲᠠᠷᠢᠶᠠᠯᠠᠩ ᠳᠤ ᠬᠤᠯᠪᠣᠭᠳᠠᠬᠤ ᠰᠦᠯᠵᠢᠶᠡᠨ ᠤ ᠬᠤᠳᠠᠯᠳᠤᠭ᠎ᠠ ᠶᠢ ᠬᠥᠭᠵᠢᠭᠦᠯᠵᠦ᠂ ᠵᠢᠯ ᠳᠤ 50 ᠲᠦᠮᠡᠨ ᠲᠥᠭᠦᠷᠢᠭ ᠠᠴᠠ ᠳᠡᠭᠡᠭᠰᠢ ᠠᠷᠠᠯᠵᠢᠶᠠᠯᠠᠭᠰᠠᠨ 20 ᠡᠷᠦᠬᠡ ᠲᠠᠷᠢᠶᠠᠯᠠᠩ ᠳᠤ ᠬᠤᠯᠪᠣᠭᠳᠠᠬᠤ ᠰᠦᠯᠵᠢᠶᠡᠨ ᠤ ᠳᠡᠯᠭᠡᠭᠦᠷ ᠢ ᠨᠡᠭᠡᠭᠡᠨ᠎ᠡ᠃ ᠪᠣᠳᠠᠲᠠᠶ ᠠᠵᠢᠯ ᠤᠨ ᠬᠠᠷᠠᠯᠲᠠ ᠨᠢ ᠳᠤᠤᠷᠠᠬᠢ ᠮᠡᠲᠦ᠄      ︵ᠨᠢᠭᠡ︶ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ ᠪᠥᠲᠥᠭᠡᠨ ᠪᠠᠶᠢᠭᠤᠯᠤᠨ᠎ᠠ᠃ ᠴᠢᠳᠠᠮᠵᠢ ᠨᠢ ᠪᠦᠷᠢᠨ ᠲᠡᠭᠦᠯᠳᠡᠷ᠂ ᠠᠵᠤ ᠦᠶ᠋ᠯᠡᠰ ᠤᠨ ᠣᠨᠴᠠᠯᠢᠭ ᠨᠢ ᠢᠯᠡ ᠲᠣᠳᠣ ᠪᠠᠶᠢᠬᠤ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠪ ︵ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠨᠡᠪᠴᠢᠭᠦᠯᠬᠦ ᠬᠦᠷᠢᠶᠡᠯᠡᠩ᠂ ᠡᠯᠧᠺᠲᠷᠣᠨ ᠬᠤᠳᠠᠯᠳᠤᠭᠠᠨ ᠤ ᠠᠰᠠᠷ ᠵᠡᠷᠭᠡ︶᠎ ᠢ ᠪᠥᠲᠥᠭᠡᠨ ᠪᠠᠶᠢᠭᠤᠯᠬᠤ ᠶᠢ ᠳᠡᠮᠵᠢᠵᠦ ᠂ ᠬᠤᠰᠢᠭᠤᠨ ᠤ ᠳᠣᠲᠣᠷ᠎ᠠ ᠭᠠᠳᠠᠨᠠᠬᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠪᠠ ᠢᠵᠢ ᠪᠥᠷᠢᠳᠦᠭᠦᠯᠦᠭᠰᠡᠨ ᠦᠢᠯᠡᠴᠢᠡᠯᠭᠡᠨ ᠤ ᠠᠵᠤ ᠠᠬᠤᠶᠢᠯᠠᠯ ᠢ ᠲᠡᠳᠡᠨ ᠣᠷᠣᠭᠤᠯᠵᠤ ᠨᠤᠲᠤᠭᠰᠢᠭᠤᠯᠤᠨ᠂ ᠰᠦᠯᠵᠢᠶᠡᠨ ᠳᠡᠭᠡᠷᠡᠬᠢ ᠲᠠᠸᠠᠷ ᠤᠨ ᠠᠷᠠᠯᠵᠢᠶ᠎ᠠ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠥᠲᠥᠭᠡᠨ ᠪᠠᠶᠢᠭᠤᠯᠤᠯᠲᠠ᠂ ᠪᠠᠷᠠᠭᠠᠨ ᠤ ᠬᠦᠢᠯᠭᠡᠭᠡᠨ ᠤ ᠳᠣᠭᠢᠷᠠᠭᠤᠯᠤᠨ ᠬᠦᠷᠭᠡᠬᠦ᠂ ᠪᠠᠯᠠ ᠲᠣᠬᠢᠷᠠᠭᠤᠯᠭ᠎ᠠ ᠶᠢ ᠳᠡᠮᠵᠢᠬᠦ᠂ ᠶᠡᠷᠦᠩᠬᠡᠶᠢᠯᠡᠭᠰᠡᠨ ᠦᠢᠯᠡᠴᠢᠯᠡᠭᠡ᠂ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠣᠯᠠᠨ ᠴᠢᠳᠠᠮᠵᠢ ᠲᠠᠢ᠂ ᠣᠯᠠᠨ ᠡᠵᠡᠩᠨᠡᠯᠲᠡ ᠶᠢᠨ ᠪᠠᠶᠢᠳᠠᠯ ᠲᠥᠯᠥᠪ ᠢ ᠠᠭᠤᠰᠤᠯᠴᠠᠭᠤᠯᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠪᠯᠡᠷᠡᠭᠰᠡᠨ ᠲᠣᠭᠤᠷᠢᠭ ᠢ ᠪᠣᠶ ᠪᠣᠯᠭᠠᠨ᠎ᠠ᠃      ︵ᠬᠤᠶᠠᠷ︶ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠡᠭᠦᠳᠦᠨ ᠪᠠᠶᠢᠭᠤᠯᠤᠨ᠎ᠠ᠃ ᠠᠵᠤ ᠠᠬᠤᠶᠢᠯᠠᠯ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ᠂ ᠵᠠᠰᠠᠭ ᠤᠨ ᠣᠷᠳᠣᠨ ᠳᠡᠮᠵᠢᠬᠦ ᠠᠷᠭ᠎ᠠ ᠮᠠᠶ᠋ᠢᠭ ᠢ ᠠᠪᠴᠤ᠂ ᠡᠯ᠎ᠡ ᠭᠤᠤᠯᠯᠠᠭᠴᠢ ᠠᠵᠤ ᠠᠬᠤᠶᠢᠯᠠᠯ ᠢ ᠵᠣᠷᠢᠭᠵᠢᠭᠤᠯᠤᠨ ᠣᠨᠴᠠᠯᠢᠭ ᠲᠠᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ  ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠤᠨ᠎ᠠ︔ ᠪᠣᠳᠠᠲᠤ ᠬᠦᠴᠦᠨ ᠲᠠᠢ ᠭᠤᠷᠪᠠᠳᠠᠬᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠣᠨᠴᠠᠯᠢᠭᠲᠤ ᠣᠷᠳᠣᠨ᠂ ᠬᠥᠳᠡᠭᠡ ᠲᠣᠰᠬᠤᠨ ᠤ ᠣᠷᠳᠣᠨ ᠵᠡᠷᠭᠡ ᠶᠢ ᠨᠡᠭᠡᠭᠡᠬᠦ ᠶᠢ ᠳᠠᠮᠵᠢᠵᠤ᠂ ᠡᠵᠡᠨ ᠬᠤᠷᠤᠭ᠎ᠠ ᠬᠤᠰᠢᠭᠤᠨ ᠤ ᠨᠡᠷᠡᠲᠦ ᠰᠢᠯᠢᠳᠡᠭ ᠣᠨᠴᠠᠯᠢᠭᠲᠤ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠬᠦ ᠪᠠ ᠤᠬᠠᠭᠤᠯᠤᠨ ᠳᠡᠯᠭᠡᠷᠡᠭᠦᠯᠦᠨ᠎ᠡ᠃      ︵ᠭᠤᠷᠪᠠ︶ ᠲᠠᠷᠢᠶᠠᠯᠠᠩ ᠳᠤ ᠬᠤᠯᠪᠣᠭᠳᠠᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠯᠭᠠᠭᠤᠷᠢᠯᠠᠬᠤ ᠠᠵᠤ ᠠᠬᠤᠶᠢᠯᠠᠯ ᠢ ᠪᠤᠶᠢᠵᠢᠭᠤᠯᠤᠨ᠎ᠠ᠃ ᠬᠤᠰᠢᠭᠤᠨ ᠤ ᠳᠣᠲᠣᠷᠠᠬᠢ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠭᠪᠤᠷ ᠲᠤ ᠰᠢᠨ᠎ᠡ ᠶᠢ ᠡᠭᠦᠳᠴᠦ᠂ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠳᠠᠯᠳᠤᠨ ᠠᠪᠬᠤ᠂  ᠦᠢᠯᠡᠳᠪᠦᠷᠢᠯᠡᠬᠦ᠂ ᠪᠣᠷᠣᠯᠠᠭᠤᠯᠬᠤ ᠪᠥᠬᠦ ᠶᠠᠪᠤᠴᠠ ᠶᠢᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠪᠡᠶᠡᠯᠡᠭᠦᠯᠦᠨ᠎ᠡ᠃ ᠨᠠᠷᠠᠲᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠡᠵᠡᠨ ᠬᠤᠷᠤᠭ᠎ᠠ ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠤᠨ᠂ ᠤᠯᠤᠰ ᠤᠨ ᠳᠣᠲᠣᠭᠠᠳᠤ ᠶᠢᠨ ᠨᠠᠷᠠᠲᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠢ ᠲᠡᠳᠡᠨ ᠣᠷᠣᠭᠤᠯᠵᠤ ᠪᠠᠶᠢᠭᠠᠳ ᠣᠷᠣᠨ ᠪᠦᠰᠡ ᠶᠢᠨ ᠴᠢᠨᠠᠷᠲᠠᠶ ᠶᠡᠷᠦᠩᠬᠡᠶ ᠬᠡᠯᠲᠡᠰ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠡᠵᠡᠨ ᠬᠤᠷᠤᠭ᠎ᠠ ᠬᠤᠰᠢᠭᠤᠨ ᠳᠤ ᠣᠷᠣᠵᠤ ᠰᠠᠭᠤᠷᠢᠰᠢᠭᠤᠯᠤᠨ᠎ᠠ᠃      ︵ᠳᠥᠷᠪᠡ︶ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠲᠦᠮᠡᠨ ᠲᠣᠰᠬᠤᠨ ᠮᠢᠩᠭᠠᠨ ᠰᠢᠶᠠᠩ᠂ ᠵᠠᠮ ᠬᠠᠷᠢᠯᠴᠠᠭ᠎ᠠ᠂ ᠰᠢᠤᠳᠠᠨ᠂ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ᠂ ᠬᠠᠩᠭᠠᠨ ᠪᠣᠷᠣᠯᠠᠭᠤᠯᠬᠤ ᠵᠡᠷᠭᠡ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠬᠠᠮᠲᠤᠷᠠᠯᠴᠠᠭ᠎ᠠ ᠶᠢ ᠪᠥᠬᠦ ᠬᠦᠴᠦᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠲᠦᠷᠭᠡᠨ ᠬᠦᠷᠭᠡᠯᠲᠡ ᠶᠢᠨ ᠵᠠᠮ ᠱᠤᠭᠤᠮ᠂ ᠴᠠᠭ᠂ ᠥᠷᠲᠡᠭᠡ ᠴᠡᠭ ᠪᠣᠯᠤᠨ ᠦᠨ᠎ᠡ ᠬᠠᠩᠰᠢ ᠶᠢ ᠨᠢᠭᠡᠳᠦᠯᠲᠡᠶ ᠲᠥᠯᠥᠪᠵᠢᠭᠦᠯᠦᠨ ᠳᠣᠭᠢᠷᠠᠭᠤᠯᠵᠤ᠂ ᠨᠡᠯᠢᠶᠡᠳ ᠪᠦᠷᠢᠨ ᠲᠡᠭᠦᠯᠳᠡᠷ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠰᠢᠢᠳᠪᠦᠷᠢᠯᠡᠬᠦ ᠲᠥᠰᠦᠯ ᠢ ᠪᠦᠷᠢᠯᠳᠦᠭᠦᠯᠵᠦ᠂ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ︽ᠡᠴᠦᠰ ᠤᠨ ᠨᠢᠭᠡ ᠺᠢᠯᠣᠮᠧᠲᠷ︾᠎ ᠤᠨ ᠪᠠᠷᠠᠭᠠᠨ ᠤ  ᠭᠦᠢᠯᠭᠡᠭᠡ ᠶᠢᠨ ᠪᠣᠭᠤᠮᠢ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃      ︵ᠲᠠᠪᠤ︶ ᠲᠠᠷᠢᠶᠠᠯᠠᠩ ᠳᠤ ᠬᠤᠯᠪᠣᠭᠳᠠᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠬᠤᠳᠠᠯᠳᠤᠭ᠎ᠠ ︵ᠳᠡᠯᠭᠡᠭᠦᠷ︶᠎ ᠶᠢ ᠡᠭᠦᠳᠦᠨ ᠪᠠᠶᠢᠭᠤᠯᠤᠨ᠎ᠠ᠃ ᠮᠠᠯᠴᠢᠨ ᠲᠠᠷᠢᠶᠠᠴᠢᠳ ᠤᠨ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠬᠥᠳᠡᠭᠡ ᠲᠣᠰᠬᠤᠨ ᠤ ᠳᠠᠷᠢᠵᠤ ᠲᠡᠵᠢᠭᠡᠬᠦ ᠲᠣᠮᠣ ᠡᠷᠦᠬᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠵᠡᠷᠭᠡ ᠶᠢᠨ ᠲᠤᠤ ᠪᠦᠦ᠂ ᠵᠢᠩ ᠳ᠋ᠦᠩ᠂ ᠲᠢᠶᠠᠨ ᠮᠤᠤ᠂  ᠫᠢᠨ ᠳ᠋ᠦᠸᠧ ᠳ᠋ᠦᠸᠧ ᠵᠡᠷᠭᠡ ᠭᠤᠷᠪᠠᠳᠠᠬᠢ ᠡᠲᠡᠭᠡᠳ ᠤᠨ ᠲᠠᠪᠴᠠᠩ ᠢ ᠠᠰᠢᠭᠯᠠᠨ ᠰᠦᠯᠵᠢᠶᠡᠨ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠵᠤ᠂ ᠡᠵᠡᠨ ᠬᠤᠷᠤᠭ᠎ᠠ ᠬᠤᠰᠢᠭᠤᠨ ᠤ ᠣᠨᠴᠠᠯᠢᠭ ᠲᠠᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠨ᠎ᠠ᠃ ᠨᠡᠷᠡᠲᠦ ᠲᠥᠷᠥᠯ ᠲᠡᠮᠳᠡᠭᠲᠦ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠲᠤᠰᠬᠠᠶ ᠬᠤᠳᠠᠯᠳᠤᠬᠤ ᠳᠡᠯᠭᠡᠭᠦᠷ ᠨᠡᠭᠡᠭᠡᠨ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠲᠠᠪᠴᠠᠩ ᠪᠠᠶᠢᠭᠤᠯᠬᠤ ᠶᠢ ᠵᠣᠷᠢᠭᠵᠢᠭᠤᠯᠤᠨ᠎ᠠ᠃      ︵ᠵᠢᠷᠭᠤᠭ᠎ᠠ︶ ᠭᠤᠷᠪᠠᠨ ᠱᠠᠲᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ︽ᠵᠠᠰᠠᠭ ᠤᠨ ᠣᠷᠳᠣᠨ ᠪᠠᠯᠠ ᠣᠷᠣᠭᠤᠯᠬᠤ᠂ ᠠᠵᠤ ᠠᠬᠤᠶᠢᠯᠠᠯ ᠡᠵᠡᠩᠨᠡᠬᠦ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠡᠵᠡᠩᠨᠡᠯᠲᠡ ᠶᠢᠨ ᠠᠷᠭ᠎ᠠ ᠮᠠᠶ᠋ᠢᠭ ᠢ ᠬᠡᠷᠡᠭᠯᠡᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠰᠢᠭᠤ ᠱᠠᠲᠤᠨ ᠤ ᠦᠢᠯᠡᠴᠢᠯᠡᠭᠡᠨ ᠤ ᠲᠥᠪ ᠪᠠ ᠰᠢᠶᠠᠩ ᠪᠠᠯᠭᠠᠰᠤ᠂ ᠲᠣᠰᠬᠤᠨ ᠤ ᠱᠠᠲᠤᠨ ᠤ  ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠡᠷᠭᠢᠯᠡᠭᠰᠡᠳ ᠲᠤ ᠯᠠᠪᠯᠠᠯᠭ᠎ᠠ᠂ ᠪᠣᠯᠪᠠᠰᠤᠷᠠᠭᠤᠯᠤᠯ᠂ ᠴᠢᠳᠠᠪᠤᠷᠢᠲᠠᠨ᠂ ᠡᠵᠡᠩᠨᠡᠵᠦ ᠨᠠᠶᠢᠳᠠᠨ ᠬᠠᠮᠢᠶᠠᠷᠤᠭᠤᠯᠬᠤ᠂ ᠬᠥᠮᠥᠷᠭᠡᠯᠡᠨ ᠬᠠᠳᠠᠭᠠᠯᠠᠬᠤ ᠦᠢᠯᠡᠴᠢᠯᠡᠭᠡᠨ ᠵᠡᠷᠭᠡ ᠨᠢᠭᠡ ᠥᠷᠲᠡᠭᠡ ᠮᠠᠶ᠋ᠢᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃      ︵ᠳᠣᠯᠤᠭ᠎ᠠ︶ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠩᠨᠡᠭᠡ ᠶᠢ ᠪᠠᠶᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ᠂ ᠭᠤᠷᠪᠠᠳᠠᠬᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠬᠦ ᠶᠢᠨ ᠬᠠᠮᠲᠤ᠂ ᠨᠤᠲᠤᠭ ᠲᠠᠭᠠᠨ ᠪᠤᠴᠠᠵᠤ ᠠᠳᠠᠯ  ᠦᠢᠯᠡᠰ ᠴᠣᠭᠴᠠᠯᠠᠬᠤ  ᠬᠦᠯᠦᠰᠦᠨ ᠬᠦᠴᠦᠨ᠂ ᠶᠡᠭᠡ ᠰᠤᠷᠭᠠᠭᠤᠯᠢ ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠶᠢ ᠲᠡᠳᠬᠦᠬᠦ ᠡᠲᠡᠭᠡᠳ᠂ ᠣᠨᠴᠠᠯᠢᠠᠠᠳᠦ ᠳᠠᠷᠢᠵᠤ ᠲᠡᠵᠢᠭᠡᠬᠦ ᠲᠣᠮᠣ ᠡᠷᠦᠬᠡ᠂ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠬᠠᠷᠢᠭᠤᠴᠠᠯᠭᠠᠲᠠᠨ ᠵᠡᠷᠭᠡ ᠪᠦᠯᠬᠦᠮ ᠨᠡᠶᠢᠲᠡ ᠪᠠᠷ ᠭᠤᠤᠯᠳᠠᠯᠭ᠎ᠠ ᠲᠠᠢ ᠪᠣᠯᠪᠠᠰᠤᠷᠠᠭᠤᠯᠬᠤ ᠡᠲᠡᠭᠡᠳ ᠪᠣᠯᠭᠠᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠠᠵᠢᠯ ᠤᠨ ᠨᠢᠭᠡ ᠪᠦᠯᠦᠭ ᠳᠠᠭᠠᠭᠤᠯᠤᠭᠴᠢ ᠶᠢ ᠬᠥᠮᠦᠵᠢᠭᠦᠯᠦᠨ᠎ᠡ᠃      ︵ ᠨᠠᠢᠮᠠ︶ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠪᠠ ᠳᠡᠮᠵᠢᠬᠦ ᠪᠠᠷ ᠳᠠᠮᠵᠢᠭᠤᠯᠤᠨ᠂ ᠨᠢᠭᠡ ᠪᠦᠯᠦᠭ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠭᠤᠷᠪᠠᠳᠠᠬᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠪᠠ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠲᠥᠴᠢ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠡᠵᠡᠨ ᠬᠤᠷᠤᠭ᠎ᠠ ᠬᠤᠰᠢᠭᠤᠨ ᠳᠤ ᠣᠷᠣᠨ ᠪᠦᠰᠡ ᠶᠢᠨ ᠶᠡᠷᠦᠩᠬᠡᠶ ᠬᠡᠯᠲᠡᠰ᠂ ᠡᠵᠡᠩᠨᠡᠨ ᠪᠣᠷᠣᠯᠠᠭᠤᠯᠬᠤ ᠲᠥᠪ᠂ ᠲᠤᠭ᠎ᠠ ᠪᠠᠷᠢᠮᠲᠠ ᠶᠢᠨ ᠲᠥᠪ᠂ ᠳ᠋ᠦᠩᠨᠡᠨ ᠪᠤᠳᠤᠬᠤ ᠲᠥᠪ᠂ ᠪᠠᠷᠠᠭᠠᠨ ᠤ ᠬᠦᠢᠯᠭᠡᠭᠡᠨ ᠤ ᠲᠥᠪ ᠵᠡᠷᠭᠡ ᠶᠢ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠤᠨ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠷᠠᠭᠤᠯᠤᠨ᠎ᠠ᠃      ᠭᠤᠷᠪᠠ᠂ ᠪᠡᠯᠡ ᠮᠥᠩᠭᠦ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ      ︵ᠨᠢᠭᠡ︶ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠬᠤᠰᠢᠭᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠬᠥᠲᠥᠯᠥᠨ ᠵᠢᠯᠣᠭᠤᠳᠬᠤ ᠲᠤᠰᠬᠠᠶ ᠪᠠᠯᠠ ᠮᠥᠩᠭᠦ ᠶᠢ 300 ᠲᠦᠮᠡᠨ ᠲᠥᠭᠦᠷᠢᠭ ᠲᠣᠬᠢᠷᠠᠭᠤᠯᠵᠤ᠂ ᠵᠠᠰᠠᠭ ᠤᠨ ᠣᠷᠳᠣᠨ ᠤ ᠱᠠᠩᠨᠠᠯ᠂ ᠨᠥᠬᠦᠪᠥᠷᠢ᠂ ᠳᠠᠮ ᠬᠦᠦ ᠮᠥᠩᠭᠦ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠲᠠᠨ ᠤ ᠪᠣᠯᠪᠠᠰᠤᠷᠠᠭᠤᠯᠤᠯ ᠵᠢᠴᠢ ᠠᠵᠤ ᠠᠬᠤᠶᠢᠯᠠᠯ ᠂ ᠲᠠᠪᠴᠠᠩ᠂ ᠬᠦᠷᠢᠶᠡᠯᠡᠩ ᠲᠣᠭᠤᠷᠢᠭ᠂ ᠪᠠᠷᠠᠭᠠᠨ ᠤ  ᠬᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠨ᠎ᠡ᠃ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠣᠯᠠ ᠣᠯᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃      ︵ᠬᠤᠶᠠᠷ︶ ᠭᠠᠵᠠᠷ ᠰᠢᠷᠣᠶ ᠵᠡᠷᠭᠡ ᠰᠠᠭᠤᠷᠢ ᠪᠡᠯᠡᠳᠬᠡᠮᠵᠢ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠣᠲᠣ ᠶᠢᠨ ᠪᠠᠶᠢᠭ᠎ᠠ ᠰᠤᠯᠠ ᠪᠠᠶᠢᠭ᠎ᠠ ᠦᠢᠯᠡᠳᠪᠦᠷᠢ ᠶᠢᠨ ᠬᠡᠷ ᠪᠠᠶᠢᠰᠢᠩ᠂ ᠠᠰᠠᠷ ᠪᠠᠶᠢᠰᠢᠩ ᠵᠡᠷᠭᠡ ᠡᠳ᠋ ᠬᠥᠷᠥᠩᠭᠡ ᠶᠢ ᠠᠰᠢᠭᠯᠠᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠨ᠎ᠡ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠬᠠᠩᠭᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠭᠰᠠᠨ ᠬᠡᠪᠴᠢᠶᠡᠨ ᠳᠣᠲᠣᠷ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠭᠲᠠᠭᠠᠭᠰᠠᠨ ᠰᠦᠢᠳᠬᠡᠯ ᠬᠤᠷᠢᠶᠠᠬᠤ ᠲᠠᠯ᠎ᠠ ᠪᠠᠷ ᠬᠠᠷᠠᠭᠠᠯᠵᠠᠯ ᠦᠵᠡᠭᠦᠯᠬᠦ ᠬᠡᠷᠡᠭᠲᠡᠶ᠃ ᠮᠥᠩᠭᠦᠨ ᠭᠦᠢᠯᠭᠡᠭᠡᠨ᠂ ᠵᠠᠰᠠᠮᠠᠯ ᠵᠠᠮ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠢᠯᠴᠢ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃      ︵ᠭᠤᠷᠪᠠ︶ ᠮᠥᠩᠭᠦᠨ ᠬᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠬᠤᠰᠢᠭᠤᠨ ᠤ ᠳᠣᠲᠣᠷᠠᠬᠢ ᠡᠯ᠎ᠡ ᠮᠥᠩᠭᠦᠨ ᠬᠦᠢᠯᠭᠡᠭᠡᠨ ᠤ ᠪᠠᠶᠢᠭᠤᠯᠤᠮᠵᠢ ᠨᠤᠭᠤᠳ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢᠨ ᠲᠡᠳᠬᠦᠨ ᠳᠡᠮᠵᠢᠬᠦ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠡᠵᠡᠨ ᠬᠤᠷᠤᠭ᠎ᠠ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠰᠡᠨ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠤᠯᠤᠰ ᠠᠴᠠ ᠲᠣᠭᠲᠠᠭᠠᠭᠰᠠᠨ ᠬᠦᠦ ᠶᠢᠨ ᠨᠣᠷᠮ᠎ᠠ ᠶᠢᠨ ᠬᠥᠪᠦᠮᠡᠯ ᠡᠷᠬᠡ ᠶᠢᠨ ᠬᠡᠪᠴᠢᠶᠡᠨ ᠳᠣᠲᠣᠷ᠎ᠠ ᠬᠠᠮᠤᠭ ᠤᠨ ᠶᠡᠭᠡ ᠬᠠᠷᠠᠭᠠᠯᠵᠠᠯ ᠦᠵᠡᠭᠦᠯᠬᠦ ᠶᠢᠨ ᠬᠠᠮᠲᠤ ᠢᠲᠡᠭᠡᠮᠵᠢᠲᠦ ᠵᠢᠭᠡᠯᠡᠯᠭᠡ ᠶᠢᠨ ᠳᠥᠭᠦᠮ ᠳᠥᠲᠡ ᠦᠢᠯᠡᠴᠢᠯᠡᠭᠡ ᠬᠠᠩᠭᠠᠬᠤ ᠬᠡᠷᠡᠭᠲᠡᠶ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠠᠵᠢᠯ ᠣᠯᠭᠤᠬᠤ ᠰᠠᠯᠠᠭ᠎ᠠ ᠮᠥᠴᠢᠷ ᠡᠩ ᠲᠡᠷᠢᠭᠦᠨ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠰ ᠴᠣᠭᠴᠠᠯᠠᠬᠤ ᠠᠵᠤ ᠠᠬᠤᠶᠢᠯᠠᠯ ᠪᠠ ᠦᠢᠯᠡᠰ ᠴᠣᠭᠴᠠᠯᠠᠭᠴᠢ ᠳᠤ ᠳᠠᠮ ᠬᠦᠦ ᠲᠠᠢ ᠵᠢᠭᠡᠯᠡᠯᠭᠡ ᠬᠠᠩᠭᠠᠨ᠎ᠠ᠃      ︵ᠳᠥᠷᠪᠡ︶ ᠴᠢᠳᠠᠪᠤᠷᠢᠲᠠᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠣᠷᠣᠭᠤᠯᠵᠤ ᠠᠪᠴᠢᠷᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠰᠢᠯᠢᠳᠡᠭ ᠮᠡᠷᠭᠡᠵᠢᠯ ᠤᠨ ᠴᠢᠳᠠᠪᠤᠷᠢᠲᠠᠨ ᠪᠠ ᠬᠠᠮᠢᠶᠠᠷᠤᠯᠲᠠ ᠶᠢᠨ ᠴᠢᠳᠠᠪᠤᠷᠢᠲᠠᠨ ᠳᠤ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠬᠠᠷᠠᠭᠠᠯᠵᠠᠯ ᠢ ᠨᠠᠶᠢᠳᠠᠪᠤᠷᠢᠵᠢᠭᠤᠯᠵᠤ᠂ ᠣᠷᠣᠨ ᠰᠠᠭᠤᠴᠠ᠂ ᠡᠪᠡᠳᠴᠢᠨ ᠦᠵᠡᠭᠦᠯᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠲᠠᠯ᠎ᠠ ᠶᠢᠨ ᠠᠰᠠᠭᠤᠳᠠᠯ ᠢ ᠴᠠᠭ ᠲᠤᠬᠠᠶ ᠳᠤᠨᠢ  ᠰᠢᠢᠳᠪᠦᠷᠢᠯᠡᠨ᠎ᠡ᠃ ᠡᠯᠧᠺᠲᠷᠣᠨ ᠬᠤᠳᠠᠯᠳᠤᠭᠠᠨ ᠤ ᠨᠡᠶᠢᠭᠡᠮᠯᠢᠭ᠂ ᠲᠦᠷᠭᠡᠨ ᠬᠦᠷᠭᠡᠬᠦ ᠨᠡᠶᠢᠭᠡᠮᠯᠢᠭ᠂ ᠤᠶᠤᠲᠠᠳ ᠤᠨ ᠠᠳᠠᠯ ᠦᠢᠯᠡᠰ ᠴᠣᠭᠴᠠᠯᠠᠬᠤ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠳᠡᠮᠵᠢᠵᠦ᠂ ᠨᠡᠶᠢᠭᠡᠮᠯᠢᠭ ᠤᠨ ᠵᠣᠬᠢᠶᠠᠨ ᠪᠠᠶᠢᠭᠤᠯᠵᠤ ᠰᠤᠷᠤᠯᠴᠠᠬᠤ᠂ ᠰᠣᠯᠢᠯᠴᠠᠬᠤ᠂ ᠰᠤᠳᠤᠯᠤᠨ ᠶᠠᠷᠢᠯᠴᠠᠬᠤ᠂ ᠬᠠᠪᠰᠤᠷᠤᠯᠴᠠᠬᠤ ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠲᠠᠪᠤ︶ ᠪᠠᠷᠠᠭ᠎ᠠ ᠶᠢᠨ ᠬᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠤᠨ ᠬᠠᠮᠲᠤᠷᠠᠯᠴᠠᠬᠤ ᠶᠢ ᠵᠣᠷᠢᠭᠵᠢᠭᠤᠯᠵᠤ᠂ ᠪᠠᠷᠠᠭᠠᠨ ᠤ ᠬᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠳᠣᠭᠢᠷᠠᠭᠤᠯᠤᠨ ᠬᠦᠷᠭᠡᠬᠦ ᠶᠢᠨ ᠵᠠᠩᠭᠢᠶᠠᠰᠤ ᠶᠢ ᠪᠠᠶᠢᠭᠤᠯᠵᠤ᠂ ᠪᠥᠬᠦ ᠤᠯᠤᠰ ᠪᠤᠶᠤ ᠣᠷᠣᠨ ᠪᠦᠰᠡ ᠶᠢᠨ ᠬᠤᠪᠢᠶᠠᠷᠢ ᠬᠥᠮᠥᠷᠭᠡ ᠪᠠ ᠵᠠᠩᠭᠢᠶᠠᠰᠤ ᠪᠣᠯᠭᠠᠨ᠎ᠠ᠃ ᠲᠦᠷᠭᠡᠨ ᠬᠦᠷᠭᠡᠯᠲᠡ ᠪᠠ ᠪᠠᠷᠠᠭᠠᠨ ᠤ  ᠬᠦᠢᠯᠭᠡᠭᠡᠨ ᠤ ᠠᠵᠤ ᠠᠬᠤᠶᠢᠯᠠᠯ ᠤᠨ ᠡᠵᠡᠨ ᠬᠤᠷᠤᠭ᠎ᠠ ᠬᠤᠰᠢᠭᠤᠨ ᠳᠤ ᠨᠤᠲᠤᠭᠰᠢᠬᠤ ᠶᠢ ᠳᠡᠮᠵᠢᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠳᠡᠭᠡᠷ᠎ᠡ ᠬᠦᠴᠦ ᠲᠠᠯᠪᠢᠵᠤ᠂ ᠠᠵᠤ ᠠᠬᠤᠶᠢᠯᠠᠯ ᠳᠤ ᠦᠨᠳᠦᠰᠦᠨ ᠰᠦᠯᠵᠢᠶᠡᠨ ᠤ ᠪᠥᠲᠥᠭᠡᠨ ᠪᠠᠶᠢᠭᠤᠯᠤᠯᠲᠠ᠂ ᠵᠠᠷᠤᠳᠠᠯ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠬᠦ ᠬᠡᠷᠡᠭᠲᠡᠶ ᠃ ᠲᠦᠷᠭᠡᠨ ᠬᠦᠷᠭᠡᠬᠦ ᠪᠠ ᠪᠠᠷᠠᠭᠠᠨ ᠤ  ᠬᠦᠢᠯᠭᠡᠭᠡᠨ ᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ᠂ ᠬᠡᠯᠬᠢᠶᠡᠵᠢᠭᠰᠡᠨ ᠬᠡᠲᠦ ᠳᠡᠯᠭᠡᠭᠦᠷ ᠵᠡᠷᠭᠡ ᠶᠢ ᠳᠡᠮᠵᠢᠵᠦ ᠪᠠᠶᠢᠭᠠᠳ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠯᠤᠭ᠎ᠠ ᠪᠠᠷᠠᠭᠠᠨ ᠤ ᠬᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠬᠠᠮᠲᠤᠷᠠᠨ ᠪᠠᠶᠢᠭᠤᠯᠬᠤ ᠶᠢᠨ ᠬᠠᠮᠲᠤ᠂ ᠵᠣᠬᠢᠬᠤ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃      ︵ᠵᠢᠷᠭᠤᠭ᠎ᠠ︶ ᠬᠥᠳᠡᠭᠡ ᠲᠣᠰᠬᠤᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠤᠷᠠᠭ ᠵᠠᠩᠭᠢᠴᠢᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠤᠤᠷ ᠰᠦᠯᠵᠢᠶ᠎ᠡ ᠶᠢ ᠲᠣᠰᠬᠤᠨ ᠪᠣᠯᠭᠠᠨ ᠳᠤ ᠨᠡᠪᠲᠡᠷᠡᠭᠦᠯᠬᠦ ᠪᠠᠷ ᠴᠢᠷᠮᠠᠶᠢᠨ᠎ᠠ ︵2024 ᠣᠨ ᠤ ᠡᠴᠦᠰ ᠲᠤ ᠠᠶᠢᠯ ᠲᠣᠰᠬᠤᠨ ᠳᠤ ᠭᠡᠷᠡᠯᠯᠢᠭ ᠰᠢᠷᠬᠡᠭ ᠢ 80 %᠎ ᠠᠴᠠ ᠳᠡᠭᠡᠭᠰᠢ ᠵᠠᠯᠭᠠᠨ ᠣᠷᠣᠭᠤᠯᠤᠨ᠎ᠠ︶᠃ ᠡᠭᠦᠨ ᠤ ᠬᠠᠮᠲᠤ ᠂ ᠡᠯ᠎ᠡ ᠡᠵᠡᠩᠨᠡᠯᠲᠡ ᠶᠢᠨ ᠬᠤᠳᠠᠯᠳᠤᠭᠠᠴᠢᠨ ᠨᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠳᠡᠮᠵᠢᠵᠦ᠂ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠶᠢᠨ ᠬᠠᠮᠲᠤ᠂ ᠦᠨᠳᠦᠰᠦᠨ ᠲᠤᠤᠷ ᠰᠦᠯᠵᠢᠶ᠎ᠡ ᠶᠢᠨ ᠪᠠᠶᠢᠭᠤᠯᠤᠯᠲᠠ᠂ ᠵᠠᠷᠤᠳᠠᠯ ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃      ︵ᠳᠣᠯᠤᠭ᠎ᠠ︶ ᠡᠯᠧᠺᠲᠷᠣᠨ ᠬᠤᠳᠠᠯᠳᠤᠭᠠᠨ ᠤ ᠲᠦᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠣᠷᠣᠯᠭ᠎ᠠ ᠪᠠᠭᠠᠲᠠᠶ ᠣᠯᠠᠨ ᠲᠦᠮᠡᠨ ᠳᠤ ᠡᠯᠧᠺᠲᠷᠣᠨ ᠬᠤᠳᠠᠯᠳᠤᠭ᠎ᠠ ᠪᠠᠷ ᠠᠳᠠᠯ ᠦᠢᠯᠡᠰ ᠴᠣᠭᠴᠠᠯᠠᠬᠤ ᠳᠤ ᠵᠠᠪᠠᠯ ᠬᠡᠷᠡᠭᠰᠡᠬᠦ ᠠᠵᠢᠯᠯᠠᠬᠤ ᠭᠠᠵᠠᠷ᠂ ᠠᠵᠢᠯᠯᠠᠬᠤ ᠪᠡᠯᠡᠳᠬᠡᠮᠵᠢ᠂ ᠲᠤᠤᠷ ᠰᠦᠯᠵᠢᠶ᠎ᠡ ᠵᠡᠷᠭᠡ ᠪᠠᠲᠤᠯᠠᠭ᠎ᠠ ᠬᠠᠩᠭᠠᠨ᠎ᠠ᠃ ᠡᠯᠧᠺᠲᠷᠣᠨ ᠬᠤᠳᠠᠯᠳᠤᠭ᠎ᠠ ᠪᠠᠷ ᠠᠳᠠᠯ ᠦᠢᠯᠡᠰ ᠴᠣᠭᠴᠠᠯᠠᠭᠰᠠᠨ ᠨᠤᠲᠤᠭ ᠲᠠᠭᠠᠨ ᠪᠤᠴᠠᠭᠰᠠᠨ ᠤᠶᠤᠲᠠᠳ ᠲᠤ ᠲᠥᠷᠥᠯ ᠵᠦᠢᠯ ᠤᠨ ᠳᠡᠮᠵᠢᠯᠭᠡ ᠦᠵᠡᠭᠦᠯᠬᠦ ᠬᠡᠷᠡᠭᠲᠡᠶ︔ ᠶᠠᠳᠠᠭᠤ ᠬᠦᠴᠢᠷᠳᠡᠯᠲᠡᠶ ᠬᠥᠮᠦᠰ ᠢ ᠰᠦᠢᠳᠭᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠬᠤ᠂ ᠶᠠᠳᠠᠭᠤ ᠶᠢ ᠲᠡᠳᠬᠦᠬᠦ ᠳᠠᠮ ᠬᠦᠦ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠮᠡᠳᠡᠭᠡ ᠵᠠᠩᠭᠢ ᠶᠢᠨ  ᠦᠢᠯᠡᠴᠢᠯᠡᠭᠡ ᠵᠡᠷᠭᠡ ᠪᠠᠷ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠬᠠᠪᠰᠤᠷᠤᠨ ᠲᠡᠳᠬᠦᠵᠦ᠂ ᠲᠡᠳᠡᠨ ᠢ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ ᠳᠠᠮᠵᠢᠭᠤᠯᠤᠨ ᠦᠢᠯᠡᠰ ᠴᠣᠭᠴᠠᠯᠠᠵᠤ ᠠᠵᠢᠯ ᠤᠯᠬᠤ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠪᠡᠶᠡᠯᠡᠭᠦᠯᠦᠨ᠎ᠡ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠪᠥᠬᠦ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠴᠢᠬᠤᠯᠠ ᠶᠡᠭᠡ ᠶᠠᠪᠤᠳᠠᠯ ᠪᠠ ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠲᠣᠬᠢᠷᠠᠭᠤᠯᠵᠤ᠂ ᠵᠣᠬᠢᠴᠠᠭᠤᠯᠬᠤ᠂ ᠠᠬᠢᠭᠤᠯᠬᠤ ᠠᠵᠢᠯ ᠢ ᠪᠣᠳᠠᠲᠠᠶ ᠬᠠᠷᠢᠭᠤᠴᠠᠨ᠎ᠠ᠃ ᠡᠯ᠎ᠡ ᠪᠠᠯᠭᠠᠰᠤᠨ ᠤ ᠬᠢᠨ ᠬᠠᠷᠠᠭᠠᠯᠵᠠᠭᠰᠠᠨ ᠪᠠᠶᠢᠭᠤᠯᠤᠮᠵᠢ ᠪᠠᠶᠢᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠢᠶᠠᠨ ᠲᠣᠳᠣᠷᠬᠠᠶᠢᠯᠠᠵᠤ᠂ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠪᠦᠷᠢᠨᠰᠢᠭᠦᠯᠵᠦ᠂ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠳᠤ ᠴᠠᠭᠠᠷᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠣᠬᠢᠷᠠᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠶ᠃    ︵ᠬᠤᠶᠠᠷ︶ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠬᠤᠳᠠᠯᠳᠤᠭᠠᠨ ᠤ ᠶᠠᠪᠤᠳᠠᠯ ᠵᠡᠷᠭᠡ ᠰᠠᠯᠠᠭ᠎ᠠ ᠮᠥᠴᠢᠷ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠳᠤᠮᠳᠠᠬᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠢ ᠰᠤᠳᠤᠯᠤᠨ ᠲᠣᠭᠲᠠᠭᠠᠨ᠎ᠠ᠃ ᠡᠯ᠎ᠡ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ ᠡᠷᠬᠢᠯᠡᠭᠰᠡᠳ᠂ ᠠᠵᠤ ᠠᠬᠤᠶᠢᠯᠠᠯ᠂ ᠬᠠᠮᠢᠶ᠎ᠠ ᠪᠦᠬᠦᠢ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠲᠤᠤᠷ ᠰᠦᠯᠵᠢᠶ᠎ᠡ ᠶᠢᠨ ᠠᠵᠤ ᠠᠬᠤᠶ ᠶᠢᠨ ᠠᠵᠢᠯᠯᠠᠭ᠎ᠠ ᠶᠢᠨ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠬᠡᠪ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠭᠤᠴᠢ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠢᠳᠡᠪᠬᠢᠲᠡᠶ ᠳᠡᠮᠵᠢᠵᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    ︵ᠭᠤᠷᠪᠠ︶ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠦᠨᠡᠯᠡᠬᠦ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠬᠤᠪᠢ ᠬᠥᠮᠦᠨ ᠪᠠ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠰᠬᠠᠶ ᠪᠠᠯᠠ ᠮᠥᠩᠭᠦ ᠶᠢ ᠬᠤᠪᠢᠶᠠᠷᠢᠯᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠵᠣᠬᠢᠶᠠᠨ ᠪᠠᠶᠢᠭᠤᠯᠬᠤ ᠪᠠ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠦᠶ᠎ᠡ ᠳᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠵᠢᠴᠢ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠦᠨ ᠤ ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠯᠡᠵᠦ᠂ ᠲᠡᠭᠦᠨ ᠤ ᠢᠲᠡᠭᠡᠮᠵᠢ ᠶᠢᠨ ᠪᠠᠶᠢᠳᠠᠯ ᠢ ᠨᠢ ᠭᠤᠶᠤᠴᠢᠯᠠᠯ ᠳᠤ ᠬᠠᠮᠤᠷᠤᠭᠳᠠᠬᠤ ᠶᠢᠨ ᠦᠨᠳᠦᠰᠦᠨ ᠨᠥᠬᠦᠴᠡᠯ ᠪᠤᠶᠤ ᠯᠠᠪᠯᠠᠬᠤ ᠠᠭᠤᠯᠭ᠎ᠠ ᠪᠣᠯᠭᠠᠨ᠎ᠠ᠃ ᠬᠢᠷᠢ ᠬᠡᠮ ᠲᠠᠢ ᠭᠤᠷᠪᠠᠳᠠᠬᠢ ᠡᠲᠡᠭᠡᠳ ᠤᠨ ᠦᠨᠡᠯᠡᠬᠦ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠬᠢᠬᠦ ᠶᠢ ᠰᠦᠪᠡᠭᠴᠢᠯᠡᠵᠦ᠂ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠦᠨᠡᠨᠴᠢ ᠢᠲᠡᠭᠡᠮᠵᠢᠲᠡᠢ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠭ᠎ᠠ᠂ ᠬᠥᠮᠦᠵᠢᠯ ᠪᠠ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢᠲᠡᠢ ᠪᠠᠶᠢᠬᠤ ᠦᠵᠡᠯᠲᠡ ᠪᠠ ᠠᠭᠤᠷ ᠠᠮᠢᠰᠬᠤᠯ ᠢ ᠪᠤᠢ ᠪᠣᠯᠭᠠᠨ᠎ᠠ᠃                ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ               2021 ᠣᠨ ᠤ 5 ᠳ᠋ᠤᠭᠠᠷ ᠰᠠᠷ᠎ᠠ ᠶᠢᠨ 10᠎ ᠤ ᠡᠳᠦᠷ ᠳᠠᠷᠤᠮᠠᠯᠯᠠᠨ ᠲᠠᠷᠬᠠᠭᠠᠪᠠ᠃    
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号