ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠢᠶᠠᠨ ᠬᠠᠶᠠᠬᠤ ᠪᠠ ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/15
           ᠡᠵᠡᠨ ᠵᠠᠰᠠᠭ ᠲᠠᠷᠬᠠᠭᠠᠭᠰᠠᠨ  ﹇2021﹈ 18 ᠳ᠋ᠤᠭᠠᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠬᠦᠷᠢᠶᠡᠯᠡᠩ ᠲᠣᠭᠤᠷᠢᠭ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠮᠠᠨ ᠤ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠷᠢᠶᠠᠨ ᠴᠤᠭᠯᠠᠭᠤᠯᠵᠤ ᠬᠤᠤᠷ ᠥᠬᠡᠶ ᠪᠣᠯᠭᠠᠨ  ᠰᠢᠢᠳᠪᠦᠷᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠠ ᠬᠤᠳᠠᠯᠳᠤᠭᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠎ᠠ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠠ ᠫᠠᠨᠽᠠᠯᠠᠭᠰᠠᠨ ᠠᠴᠠ ᠪᠣᠯᠵᠤ ᠣᠷᠴᠢᠨ ᠲᠣᠭᠤᠷᠢᠨ ᠤ ᠪᠣᠬᠢᠷᠲᠤᠯ ᠪᠠ ᠠᠮᠢᠲᠠᠨ ᠤ ᠬᠢᠵᠢᠭ ᠡᠪᠡᠳᠴᠢᠨ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠶ᠂ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠂ ᠠᠮᠢ ᠠᠬᠤᠶ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠨ᠎ᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾ ︽ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶ ᠪᠣᠯᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ  ᠰᠢᠢᠳᠪᠦᠷᠢᠯᠡᠬᠦ ᠬᠡᠷᠡᠭᠲᠡᠶ᠃ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠶᠡᠭᠡ ᠬᠡᠮᠵᠢᠶᠡᠨ ᠤ ᠡᠪᠡᠳᠴᠢᠨ ᠡᠭᠦᠰᠭᠡᠭᠴᠢ ᠶᠢ ᠠᠪᠴᠤ ᠶᠠᠪᠤᠵᠤ᠂ ᠳᠤᠷ᠎ᠠ ᠪᠠᠷ ᠬᠠᠶᠠᠬᠤ ᠪᠤᠶᠤ ᠬᠤᠳᠠᠯᠳᠤᠪᠠᠯ᠂ ᠣᠷᠴᠢᠨ ᠲᠣᠭᠤᠷᠢᠨ ᠢ ᠬᠦᠨᠳᠦ ᠨᠣᠴᠢᠲᠠᠶ ᠪᠣᠬᠢᠷᠲᠤᠭᠤᠯᠬᠤ ᠪᠠᠷ ᠪᠠᠷᠠᠬᠤ ᠥᠬᠡᠶ᠂ ᠪᠠᠰᠠ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠡᠭᠦᠰᠭᠡᠵᠦ ᠮᠡᠳᠡᠨ᠎ᠡ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠭᠤᠤᠯ ᠮᠥᠷᠡᠨ ᠨᠠᠭᠤᠷ ᠴᠥᠭᠦᠷᠥᠮ᠂ ᠤᠰᠤᠨ ᠰᠤᠪᠠᠭ ᠵᠡᠷᠭᠡ ᠤᠰᠤᠨ ᠣᠷᠣᠨ ᠵᠢᠴᠢ ᠵᠠᠮ ᠳᠠᠭᠠᠤ᠂ ᠬᠠᠳᠤᠯᠠᠩ ᠪᠡᠯᠴᠢᠭᠡᠷ᠂ ᠣᠶ ᠶᠢᠨ ᠪᠦᠰᠡ᠂ ᠬᠡᠭᠡᠷ᠎ᠡ ᠲᠠᠯ᠎ᠠ ᠭᠤᠤᠯ ᠤᠨ ᠰᠠᠶᠢᠷᠭᠠᠯ᠂ ᠠᠮᠢᠳᠤᠷᠠᠯ ᠤᠨ ᠬᠤᠭ ᠨᠣᠪᠰᠢ ᠶᠢᠨ ᠴᠥᠭᠦᠷᠥᠮ ᠵᠡᠷᠭᠡ ᠣᠷᠣᠨ ᠪᠦᠰᠡ ᠳᠤ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠶᠢ ᠴᠢᠩᠭ᠎ᠠ ᠴᠠᠭᠠᠵᠠᠯᠠᠨ᠎ᠠ᠃ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠠᠤᠯᠢ ᠪᠤᠰᠤ ᠪᠠᠷ ᠬᠤᠳᠠᠯᠳᠤᠭᠠᠯᠠᠬᠤ᠂ ᠲᠡᠭᠡᠭᠡᠪᠦᠷᠢᠯᠡᠬᠦ᠂ ᠨᠢᠲᠤᠯᠬᠤ᠂ ᠡᠳ᠋ᠰᠢᠭᠦᠯᠬᠦ ᠶᠢ ᠴᠢᠩᠭ᠎ᠠ ᠴᠠᠭᠠᠵᠠᠯᠠᠨ᠎ᠠ᠃ ᠡᠪᠡᠳᠴᠢᠨ ᠢᠶᠠᠷ ᠦᠬᠦᠭᠰᠡᠨ ᠪᠤᠶᠤ ᠡᠪᠡᠳᠴᠢᠨ ᠬᠥᠨᠥᠭᠡᠯ ᠲᠠᠢ ᠠᠮᠢᠲᠠᠨ ᠎ ᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠤᠣᠷ ᠥᠬᠡᠶᠢᠳᠡᠭᠦᠯᠦᠨ  ᠰᠢᠢᠳᠪᠦᠷᠢᠯᠡᠬᠦ ᠬᠡᠷᠡᠭᠲᠡᠶ᠃      ᠬᠤᠶᠠᠷ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠵᠦ ᠦᠢᠯᠡᠳᠪᠦᠷᠢᠯᠡᠬᠦ ᠡᠵᠡᠩᠨᠡᠭᠴᠢ ᠪᠣᠯ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠢᠳᠪᠦᠷᠢᠯᠡᠬᠦ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠠᠮᠢᠲᠠᠨ ᠢ ᠲᠡᠵᠢᠭᠡᠬᠦ᠂ ᠨᠢᠲᠤᠯᠬᠤ᠂ ᠡᠵᠡᠩᠨᠡᠬᠦ᠂ ᠲᠡᠭᠡᠭᠡᠪᠦᠷᠢᠯᠡᠬᠦ᠂ ᠪᠣᠯᠪᠠᠰᠤᠷᠠᠭᠤᠯᠬᠤ᠂ ᠬᠠᠳᠠᠭᠠᠯᠠᠬᠤ ᠵᠡᠷᠭᠡ ᠨᠢᠭᠡᠴᠢ ᠪᠠ ᠬᠤᠪᠢ ᠬᠥᠮᠦᠨ ᠪᠣᠯ ᠡᠪᠡᠳᠴᠢᠯᠡᠵᠦ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠣᠳᠣᠷᠬᠠᠢ ᠦᠭᠡᠢ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠨᠢᠭᠡᠳᠦᠭᠡᠷ ᠬᠠᠷᠢᠭᠤᠴᠠᠯᠭᠠᠲᠠᠨ ᠮᠥᠨ᠃ ᠬᠠᠮᠢᠶ᠎ᠠ ᠪᠦᠬᠦᠢ ᠨᠢᠭᠡᠴᠡ ᠪᠣᠯᠤᠨ ᠬᠤᠪᠢ ᠬᠥᠮᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠮᠢᠲᠠᠨ ᠲᠡᠵᠢᠭᠡᠨ ᠦᠷᠡᠵᠢᠭᠦᠯᠬᠦ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠵᠦ᠂ ᠦᠢᠯᠡᠳᠪᠦᠷᠢᠯᠡᠵᠦ ᠡᠵᠡᠩᠨᠡᠬᠦ ᠶᠠᠪᠤᠴᠠ ᠳᠤ ᠢᠯᠡᠷᠡᠭᠰᠡᠨ ᠡᠪᠡᠳᠴᠢᠨ ᠢᠶᠠᠷ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠣᠳᠣᠷᠬᠠᠶ ᠦᠭᠡᠶ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠣᠷ ᠦᠭᠡᠶ ᠪᠣᠯᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠂ ᠡᠰᠡᠬᠦᠯ᠎ᠡ ᠲᠤᠬᠠᠶ ᠶᠢᠨ ᠭᠠᠵᠠᠷ ᠤᠨ ᠬᠢᠵᠢᠭ ᠰᠡᠷᠭᠡᠶᠢᠯᠡᠭᠴᠢ ᠪᠤᠶᠤ ᠬᠢᠵᠢᠭ ᠰᠡᠷᠭᠡᠶᠢᠯᠡᠬᠦ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ᠂ ᠡᠪᠡᠳᠴᠢᠨ ᠢᠶᠠᠷ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠣᠳᠣᠷᠬᠠᠶ ᠦᠭᠡᠶ ᠠᠮᠢᠲᠠᠨ ᠵᠢᠴᠢ ᠠᠮᠢᠲᠠᠨ ᠤ ᠠᠰᠢᠭ ᠰᠢᠮ᠎ᠡ ᠶᠢ ᠳᠤᠷ᠎ᠠ ᠪᠠᠷ ᠢᠶᠠᠨ ᠬᠠᠶᠠᠬᠤ ᠪᠠ ᠫᠠᠨᠽᠠᠯᠠᠬᠤ ᠶᠢ ᠴᠠᠭᠠᠵᠠᠯᠠᠵᠤ᠂ ᠵᠥᠷᠢᠴᠡᠭᠰᠡᠳ ᠢ ᠬᠠᠤᠯᠢ ᠶᠣᠰᠣᠭᠠᠷ ᠰᠢᠳᠬᠡᠨ ᠲᠣᠷᠭᠠᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠢ ᠎ ᠨᠢ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃      ᠭᠤᠷᠪᠠ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠤᠶᠤ ᠫᠠᠨᠽᠠᠯᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠤᠶᠤ ᠬᠤᠳᠠᠯᠳᠤᠭᠠᠯᠠᠬᠤ ᠵᠡᠷᠭᠡ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠵᠠᠮ ᠬᠠᠷᠢᠯᠴᠠᠭᠠᠨ ᠤ ᠲᠣᠪᠴᠢᠶ᠎ᠠ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠡ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠵᠦ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠬᠤ ᠪᠤᠶᠤ ᠫᠠᠨᠽᠠᠯᠠᠭᠰᠠᠨ ᠠᠴᠠ ᠪᠣᠯᠵᠣ ᠠᠮᠢᠲᠠᠨ ᠤ ᠬᠦᠨᠳᠦ ᠶᠡᠭᠡ ᠬᠢᠵᠢᠭ ᠤᠨ ᠪᠠᠶᠢᠳᠠᠯ ᠢ ᠡᠭᠦᠰᠭᠡᠭᠰᠡᠨ ᠪᠣᠯ ᠬᠠᠤᠯᠢ ᠶᠣᠰᠣᠭᠠᠷ ᠰᠢᠳᠬᠡᠵᠦ᠂ ᠶᠠᠯ᠎ᠠ ᠬᠢᠭᠰᠡᠨ ᠰᠡᠵᠢᠭᠯᠡᠯᠲᠡᠶ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ ᠬᠠᠤᠯᠢ ᠠᠴᠠ ᠵᠥᠷᠢᠴᠡᠨ ᠰᠢᠯᠵᠢᠭᠦᠯᠦᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠭᠠᠵᠠᠷ ᠣᠷᠣᠨ ᠠᠯᠤᠰᠯᠠᠨ ᠮᠠᠯ ᠤᠨᠤᠭ᠎ᠠ ᠲᠡᠵᠢᠭᠡᠪᠦᠷᠢ ᠵᠢᠭᠦᠷᠲᠡᠨ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠢ ᠠᠷᠠᠴᠢᠯᠠᠨ ᠲᠡᠵᠢᠭᠡᠭᠴᠢ ᠶᠢ ᠰᠢᠯᠵᠢᠭᠦᠯᠦᠨ ᠲᠡᠭᠡᠭᠡᠪᠦᠷᠢᠯᠡᠬᠦ ᠳᠤ ᠴᠠᠭ ᠲᠤᠬᠠᠶ ᠳᠤᠨᠢ ᠲᠤᠬᠠᠶ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠬᠢᠵᠢᠭ ᠪᠠᠶᠢᠴᠠᠭᠠᠭᠠᠳ ᠬᠢᠷᠢ ᠲᠡᠩᠴᠡᠭᠰᠡᠨ ᠭᠡᠷᠡᠴᠢ ᠪᠣᠯᠤᠨ ᠲᠡᠷᠭᠡ ᠬᠥᠰᠬᠡ ᠶᠢᠨ ᠳᠠᠩᠰᠠᠯᠠᠭᠤᠯᠬᠤ ᠬᠦᠰᠦᠨᠦᠭᠲᠦ ᠬᠠᠩᠭᠠᠬᠤ ᠬᠡᠷᠡᠭᠲᠡᠶ︔ ᠣᠷᠳᠣᠰ ᠬᠤᠲᠠ ᠠᠴᠠ ᠪᠤᠰᠤᠳ ᠮᠠᠨ ᠤ ᠬᠤᠰᠢᠭᠤᠨ ᠳᠤ ᠰᠢᠯᠵᠢᠵᠦ ᠢᠷᠡᠭᠰᠡᠨ ᠭᠠᠭ᠋ᠠᠶ ᠪᠠᠰᠠ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠᠶᠢᠬᠤ ᠬᠡᠷᠡᠭᠲᠡᠶ︔ ᠦᠨᠡᠮᠯᠡᠯ ᠦᠭᠡᠶ ᠮᠠᠯ ᠵᠢᠭᠦᠷᠲᠡᠨ ᠢ ᠫᠠᠨᠽᠠᠯᠠᠨ ᠲᠡᠭᠡᠭᠡᠪᠦᠷᠢᠯᠡᠬᠦ᠂ ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠵᠤ᠂ ᠣᠯᠵᠤ ᠮᠡᠳᠡᠪᠡᠯ ᠬᠠᠤᠯᠢ ᠶᠣᠰᠣᠭᠠᠷ ᠰᠢᠳᠬᠡᠨ ᠲᠣᠷᠭᠠᠬᠤ ᠬᠡᠷᠡᠭᠲᠡᠶ ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠲᠠᠪᠤ᠂ ᠰᠠᠯᠠᠭ᠎ᠠ ᠮᠥᠴᠢᠷ ᠤᠨ ᠬᠠᠮᠢᠶᠠᠷᠴᠤ  ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ︽ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ ᠡᠵᠡᠨ ᠵᠠᠰᠠᠭ ᠲᠠᠷᠬᠠᠭᠠᠭᠰᠠᠨ  ﹇2021﹈16 ᠳ᠋ᠤᠭᠠᠷ ᠲᠣᠭᠠᠲᠤ︶᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠥᠬᠦᠶ ᠬᠥᠮᠦᠰ ᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠲᠠᠯᠠᠪᠤᠷ ᠭᠠᠵᠠᠷ᠂ ᠭᠤᠤᠯ ᠨᠠᠭᠤᠷ᠂ ᠤᠰᠤᠨ ᠴᠥᠭᠦᠷᠥᠮ᠂ ᠬᠠᠳᠤᠯᠠᠩ ᠪᠡᠯᠴᠢᠭᠡᠷ᠂ ᠠᠮᠢᠳᠤᠷᠠᠯ ᠤᠨ ᠬᠤᠭ ᠨᠣᠪᠰᠢ ᠶᠢᠨ ᠴᠥᠭᠦᠷᠥᠮ ᠵᠡᠷᠭᠡ ᠲᠠᠯᠠᠪᠤᠷ ᠭᠠᠵᠠᠷ ᠲᠤ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠯᠵᠤ ᠮᠡᠳᠡᠭᠰᠡᠨ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠴᠤᠭᠯᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠬᠠᠶ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠤᠤᠷ᠎ᠠ ᠳᠠᠷᠤᠶ ᠲᠦᠷᠭᠡᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠤᠤᠷ ᠥᠬᠡᠶ ᠪᠣᠯᠭᠠᠨ ᠰᠢᠢᠳᠪᠦᠷᠢᠯᠡᠬᠦ ᠬᠡᠷᠡᠭᠲᠡᠶ᠃      ᠵᠢᠷᠭᠤᠭ᠎ᠠ᠂ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠵᠢᠷᠤᠮᠵᠢᠭᠤᠯᠤᠨ  ᠰᠢᠢᠳᠪᠦᠷᠢᠯᠡᠬᠦ ᠬᠡᠷᠡᠭᠲᠡᠶ᠃ ᠪᠣᠶ ᠪᠥᠬᠦᠶ ᠨᠢᠭᠡᠴᠡ ᠪᠠ ᠬᠤᠪᠢ ᠬᠥᠮᠦᠨ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠣᠯᠵᠤ ᠮᠡᠳᠡᠪᠡᠯ᠂ ᠳᠠᠷᠤᠶ ᠲᠦᠷᠭᠡᠨ ᠲᠤᠬᠠᠶ ᠶᠢᠨ ᠭᠠᠵᠠᠷ ᠤᠨ ᠮᠠᠯ ᠡᠮᠨᠡᠯᠭᠡ ᠶᠢᠨ ᠰᠠᠯᠠᠭ᠎ᠠ ᠮᠥᠴᠢᠷ ᠪᠤᠶᠤ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠵᠦ᠂ ᠡᠯ᠎ᠡ ᠪᠠᠯᠭᠠᠰᠤᠨ ᠤ ᠮᠠᠯ ᠡᠮᠨᠡᠯᠭᠡ ᠶᠢᠨ ᠰᠠᠯᠠᠭ᠎ᠠ ᠮᠥᠴᠢᠷ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠲᠡᠷᠡ ᠳᠠᠷᠤᠶ ᠳᠤᠨᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠤᠤᠷ ᠥᠬᠡᠶᠢᠳᠡᠭᠦᠯᠦᠨ  ᠰᠢᠢᠳᠪᠦᠷᠢᠯᠡᠬᠦ ᠬᠡᠷᠡᠭᠲᠡᠶ᠃      ᠳᠣᠯᠤᠭ᠎ᠠ᠂ ᠪᠦᠬᠦ ᠠᠷᠠᠳ ᠢᠶᠠᠷ ᠢᠶᠠᠨ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠣᠭᠲᠠᠴᠠ ᠶᠢ ᠬᠡᠷᠡᠭᠵᠢᠭᠦᠯᠬᠦ ᠬᠡᠷᠡᠭᠲᠡᠶ᠃ ᠥᠭᠦᠭᠰᠡᠨ ᠮᠠᠯ ᠢᠶᠠᠨ ᠭᠡᠭᠡᠭᠰᠡᠨ ᠰᠦᠪᠡᠭᠴᠢ ᠬᠠᠩᠭᠠᠵᠤ ᠦᠨᠡᠨ ᠪᠣᠳᠠᠲᠠᠶ ᠪᠠᠶᠢᠪᠠᠯ 50 ᠲᠥᠭᠦᠷᠢᠭ ᠤᠨ ᠱᠠᠩᠨᠠᠯ ᠣᠯᠭᠤᠨ᠎ᠠ︔ ᠥᠭᠦᠭᠰᠡᠨ ᠮᠠᠯ ᠢᠶᠠᠨ ᠭᠡᠭᠡᠭᠰᠡᠨ ᠨᠠᠷᠢᠨ ᠰᠦᠪᠡᠭᠴᠢ ᠬᠠᠩᠭᠠᠭᠰᠠᠨ ᠪᠠᠶᠢᠪᠠᠯ᠂ ᠪᠠᠶᠢᠴᠠᠭᠠᠨ ᠳᠣᠲᠣᠯᠠᠮᠠᠭᠴᠠ 500 ᠲᠥᠭᠦᠷᠢᠭ ᠤᠨ ᠱᠠᠩᠨᠠᠯ ᠣᠯᠭᠤᠨ᠎ᠠ᠃ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠲᠣᠭᠲᠠᠭᠠᠯ ᠶᠣᠰᠣᠭᠠᠷ ᠬᠤᠣᠷ ᠦᠭᠡᠶ ᠪᠣᠯᠭᠠᠨ ᠰᠢᠢᠳᠪᠦᠷᠢᠯᠡᠭᠰᠡᠨ ᠦᠭᠡᠶ ᠪᠠ ᠨᠢᠲᠤᠯᠤᠭᠰᠠᠨ᠂ ᠬᠠᠳᠠᠭᠠᠯᠠᠭᠰᠠᠨ᠂ ᠡᠳ᠋ᠰᠢᠬᠦᠯᠦᠭᠰᠡᠨ ᠬᠢᠵᠢᠭ ᠬᠠᠯᠳᠠᠪᠤᠷᠢᠯᠠᠭᠰᠠᠨ ᠮᠠᠯ ᠵᠢᠭᠦᠷᠲᠡᠨ ᠤ ᠪᠦᠲᠦᠭᠡᠭᠳᠡᠬᠦᠨ ᠤ ᠰᠦᠪᠡᠭᠴᠢ ᠶᠢ ᠢᠯᠡᠴᠢᠯᠡᠨ ᠮᠡᠳᠡᠭᠦᠯᠦᠭᠰᠡᠨ ᠦᠭᠡᠶ ᠪᠠᠶᠢᠪᠠᠯ᠂ ᠪᠠᠶᠢᠴᠠᠭᠠᠨ ᠳᠣᠲᠣᠯᠠᠭᠰᠠᠨ ᠤ ᠳᠠᠷᠠᠭ᠎ᠠ ᠢᠯᠡᠴᠢᠯᠡᠨ ᠮᠡᠳᠡᠭᠦᠯᠦᠭᠴᠢ ᠳᠤ 1000 ᠲᠥᠭᠦᠷᠢᠭ ᠤᠨ ᠱᠠᠩᠨᠠᠯ ᠣᠯᠭᠤᠬᠤ ᠶᠢᠨ ᠬᠠᠮᠲᠤ᠂ ᠮᠡᠳᠡᠭᠡ ᠵᠠᠩᠭᠢ ᠬᠠᠩᠭᠠᠭᠴᠢ ᠪᠠ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠨᠢᠭᠡᠴᠡ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠶᠢ ᠬᠠᠤᠯᠢ ᠶᠣᠰᠣᠭᠠᠷ ᠰᠢᠳᠬᠡᠨ ᠲᠣᠷᠭᠠᠵᠤ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠲᠦᠮᠡᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠳᠤᠷ᠎ᠠ ᠪᠠᠷ ᠬᠠᠶᠠᠭᠰᠠᠨ ᠪᠠ ᠫᠠᠨᠽᠠᠯᠠᠨ ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠬᠡᠷᠡᠭᠲᠡᠶ᠃ᠢᠯᠡᠴᠢᠯᠡᠨ ᠮᠡᠳᠡᠭᠦᠯᠬᠦ ᠤᠲᠠᠰᠤ᠄ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠤᠰᠤᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ  0477—89639000  ᠡᠵᠡᠨ ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ      0477—8960038 ᠡᠵᠡᠨ ᠬᠤᠷᠤᠭ᠎ᠠ ᠬᠤᠰᠢᠭᠤᠨ ᠤ ᠰᠤᠪᠤᠷᠭ᠎ᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ       0477—8831005 ᠡᠵᠡᠨ ᠬᠤᠷᠤᠭ᠎ᠠ ᠬᠤᠰᠢᠭᠤᠨ ᠤ  ᠠᠯᠳᠠᠨᠰᠢᠷᠡᠭᠡᠳᠦ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ                  0477—8969144  ᠡᠵᠡᠨ ᠬᠤᠷᠤᠭ᠎ᠠ ᠬᠤᠰᠢᠭᠤᠨ ᠤ  ᠨᠠᠷᠢᠨᠳᠤᠬᠤᠢ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ                    0477—8871066 ᠡᠵᠡᠨ ᠬᠤᠷᠤᠭ᠎ᠠ ᠬᠤᠰᠢᠭᠤᠨ ᠤ  ᠤᠯᠠᠭᠠᠨᠮᠦ᠋ᠷᠡᠨ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ                  0477—8928232  ᠡᠵᠡᠨ ᠬᠤᠷᠤᠭ᠎ᠠ ᠬᠤᠰᠢᠭᠤᠨ ᠤ  ᠬᠤᠨᠢᠴᠢᠨᠭᠤᠤᠯ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ                  0477—8821044  ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ                  0477—8961032  ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ                         0477 — 8951054                                ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                                   2021 ᠣᠨ ᠤ 4 ᠰᠠᠷ᠎ᠠ ᠶᠢᠨ 13᠎ ᠤ ᠡᠳᠦᠷ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号