ᠡᠵᠡᠨ ᠵᠠᠰᠠᠭ ᠠᠯᠪᠠᠨ ᠲᠠᠷᠬᠠᠭᠠᠭᠰᠠᠨ ﹇2021﹈ 23 ᠳ᠋ᠤᠭᠠᠷ ᠲᠣᠭᠠᠲᠤ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠭᠤᠳ ᠬᠠᠷᠢᠶ᠎ᠠ | ᠨᠢᠬᠡᠴᠢ᠂ ᠡᠯ᠎ᠡ ᠲᠣᠮᠣ ᠠᠵᠤ ᠠᠬᠤᠶᠢᠯᠠᠯ ᠠᠵᠢᠯ ᠦᠶᠯᠡᠰ ᠤᠨ ᠨᠢᠬᠡᠴᠢ᠄ | ᠬᠤᠰᠢᠭᠤ ᠠᠷᠠᠳ ᠤᠨ ᠵᠠᠰᠠᠭ ᠤᠨ ᠣᠷᠳᠣᠨ ᠤ 2021 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠰᠤᠳᠤᠯᠤᠨ ᠵᠥᠪᠰᠢᠶᠡᠷᠡᠭᠦᠯᠦᠭᠡᠳ᠂ ᠣᠲᠣ ᠬᠤᠰᠢᠭᠤ ᠠᠷᠠᠳ ᠤᠨ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠪᠠ AB ᠲᠦᠷᠢ ᠳᠤ ᠲᠣᠬᠢᠷᠠᠭᠤᠯᠤᠯᠲᠠ ᠬᠢᠬᠦ ᠮᠡᠳᠡᠭᠳᠡᠯ ᠳᠣᠤᠷᠠᠬᠢ | ᠮᠡᠲᠦ᠄ | ᠨᠢᠭᠡ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠯᠠᠯ | ᠡᠦ ᠶᠦᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠣᠷᠣᠯᠠᠭᠴᠢ ᠬᠤᠰᠢᠭᠤᠨ ᠳᠠᠷᠤᠭ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ | ᠪᠤᠳᠤᠬᠤ ᠠᠵᠢᠯ ᠢ ᠬᠠᠷᠢᠭᠤᠴᠠᠨ᠂ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ︵ᠵᠢᠶᠠᠩᠰᠦ ᠶᠢᠨ | ᠠᠵᠤ ᠦᠶᠯᠡᠰ ᠤᠨ ᠬᠦᠷᠢᠶᠡᠯᠡᠩ᠂ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠬᠦᠷᠢᠶᠡᠯᠡᠩ᠂ | ᠡᠵᠡᠨ ᠬᠤᠷᠤᠭ᠎ᠠ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ᠂ ᠬᠦᠷᠢᠶᠡᠯᠡᠩ ᠲᠣᠭᠤᠷᠢᠭ ᠤᠨ ᠨᠡᠷᠡᠶᠢᠳᠦᠯ ᠪᠠ | ᠬᠠᠷᠢᠶᠠᠯᠠᠭᠳᠠᠬᠤ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠵᠢᠩᠬᠢᠨᠢ ᠴᠣᠬᠤᠯᠠᠪᠤᠷᠢ ᠪᠠᠷ ᠪᠠᠷᠢᠮᠵᠢᠶ᠎ᠠ ᠪᠣᠯᠭᠠᠨ᠎ᠠ︶ | ᠂ ᠬᠤᠰᠢᠭᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠶᠠᠨ ᠼᠠᠢ ᠢᠦ᠋ᠶ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤ | ᠳᠠᠷᠤᠭ᠎ᠠ | ᠬᠤᠰᠢᠭᠤ ᠲᠠᠷᠤᠭ᠎ᠠ ᠶᠢ ᠬᠠᠪᠰᠤᠷᠤᠨ ᠵᠠᠰᠠᠭ ᠤᠨ ᠤᠷᠳᠤᠨ ᠤ ᠪᠠᠶᠢᠩᠭᠤ ᠶᠢᠨ ᠠᠵᠢᠯ᠂ ᠬᠦᠭᠵᠢᠬᠦᠯᠦᠯᠳᠡ | ᠦᠬᠡᠷᠡᠴᠢᠯᠡᠯᠳᠡ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠤᠯᠤᠰ ᠤᠨ ᠦᠮᠴᠢᠯᠡᠯᠳᠦ ᠡᠳ᠋ ᠬᠦᠷᠦᠩᠬᠡ ᠶᠢᠨ | ᠬᠠᠮᠢᠶᠠᠷᠤᠯᠳᠠ᠂ ᠵᠠᠰᠠᠭ ᠤᠨ ᠶᠠᠪᠤᠳᠠᠯ ᠤᠨ ᠢᠯᠡ ᠨᠡᠶᠢᠳᠡᠯᠡᠯ᠂ ᠭᠠᠶᠢᠯᠢ ᠶᠢᠨ ᠶᠠᠪᠤᠳᠠᠯ᠂ ᠮᠦᠩᠭᠦᠨ ᠬᠦᠢᠯᠬᠡᠬᠡᠨ᠂ | ᠰᠤᠷᠭᠠᠨ ᠬᠦᠮᠦᠵᠢᠯ ᠪᠡᠶ᠎ᠡ ᠶᠢᠨ ᠲᠠᠮᠢᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠵᠡᠷᠬᠡ ᠠᠵᠢᠯ ᠢ | ᠬᠠᠷᠢᠭᠤᠴᠠᠵᠤ᠂ ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ︵ᠮᠦᠩᠭᠦᠨ ᠬᠦᠢᠯᠬᠡᠬᠡᠨ ᠤ | ᠦᠢᠯᠡᠴᠢᠯᠡᠬᠡᠨ ᠤ ᠲᠦᠪ︶᠂ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠪᠡᠶ᠎ᠡ | ᠶᠢᠨ ᠲᠠᠮᠢᠷ ᠤᠨ ᠲᠤᠪᠴᠢᠶ᠎ᠠ ︵ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠬᠦᠯᠦᠯᠳᠡ ᠶᠢᠨ | ᠲᠦᠪ︶᠂ ᠡᠳ᠋ ᠤᠨ ᠵᠠᠰᠠᠭ ᠤᠨ ᠲᠤᠪᠴᠢᠶ᠎ᠠ᠂ ᠤᠯᠤᠰ ᠤᠨ ᠦᠮᠴᠢᠯᠡᠯᠳᠦ ᠡᠳ᠋ ᠬᠦᠷᠦᠩᠬᠡ ᠶᠢ ᠬᠢᠨᠠᠨ ᠬᠠᠮᠢᠶᠠᠷᠬᠤ | ᠵᠦᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠪᠴᠢᠶ᠎ᠠ᠂ ᠭᠠᠯ ᠰᠡᠷᠬᠡᠶᠢᠯᠡᠯᠳᠡ ᠠᠪᠤᠷᠠᠨ ᠲᠤᠰᠠᠯᠠᠬᠤ ᠶᠡᠭᠡ ᠠᠩᠭᠢ᠂ | ᠠᠭᠤᠷᠬᠠᠢ ᠶᠢᠨ ᠤᠷᠤᠨ ᠤ ᠭᠠᠯ ᠰᠡᠷᠬᠡᠶᠢᠯᠡᠯᠳᠡ ᠠᠪᠤᠷᠠᠨ ᠲᠤᠰᠠᠯᠠᠬᠤ ᠶᠡᠭᠡ ᠠᠩᠭᠢ᠂ ᠪᠠᠶᠢᠭᠤᠯᠭ᠎ᠠ ᠶᠢᠨ ᠶᠠᠪᠤᠳᠠᠯ | ᠤᠨ ᠦᠢᠯᠡᠴᠢᠯᠡᠬᠡᠨ ᠤ ᠲᠦᠪ ︵ᠬᠠᠮᠳᠤᠷᠠᠯᠴᠠᠭ᠎ᠠ ᠰᠤᠯᠢᠯᠴᠠᠭᠠᠨ ᠤ ᠲᠦᠪ︶᠂ ᠲᠡᠭᠷᠢᠯᠢᠭ ᠬᠤᠤᠰ ᠡᠬᠦᠳᠦᠯᠳᠡ ᠶᠢᠨ | ᠦᠢᠯᠡᠴᠢᠯᠡᠬᠡᠨ ᠤ ᠲᠦᠪ᠂ ᠤᠯᠤᠰ ᠤᠨ ᠦᠮᠴᠢᠯᠡᠯᠳᠦ ᠡᠳ᠋ ᠬᠦᠷᠦᠩᠬᠡ ᠶᠢᠨ ᠡᠵᠡᠩᠨᠡᠯᠳᠡ ᠶᠢᠨ ᠬᠢᠵᠠᠭᠠᠷᠳᠤ | ᠬᠠᠷᠢᠭᠤᠴᠠᠯᠭᠠᠳᠤ ᠺᠤᠮᠫᠠᠨᠢ᠂ ᠤᠷᠳᠤᠰ ᠬᠤᠳᠠ ᠶᠢᠨ ᠱᠧᠩ ᠶᠤᠸᠠᠨ ᠪᠡᠯᠡ ᠤᠷᠤᠭᠤᠯᠤᠯᠳᠠ ᠶᠢᠨ ᠪᠦᠯᠦᠭᠯᠡᠯ ᠤᠨ | ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠤᠷᠳᠤᠰ ᠬᠤᠳᠠ ᠶᠢᠨ ᠯᠢ ᠢᠦᠢ ᠰᠤᠷᠭᠠᠨ ᠬᠦᠮᠦᠵᠢᠯ ᠤᠨ | ᠦᠢᠯᠡᠴᠢᠯᠡᠬᠡᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠸᠠ ᠹᠧᠩ ᠠᠮᠤ | ᠲᠤᠰᠤ ᠬᠤᠳᠠᠯᠳᠤᠨ ᠪᠤᠷᠤᠯᠠᠭᠤᠯᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ᠂ ᠡᠵᠡᠨ ᠬᠤᠷᠤᠭ᠎ᠠ ᠬᠤᠰᠢᠭᠤᠨ ᠤ | ᠲᠡᠭᠷᠢᠯᠢᠭ ᠦᠢᠯᠡᠰ ᠪᠤᠰᠬᠠᠵᠤ ᠪᠡᠯᠡ ᠤᠷᠤᠭᠤᠯᠤᠯᠳᠠ ᠡᠵᠡᠩᠨᠡᠯᠳᠡ ᠶᠢᠨ ᠬᠢᠵᠠᠭᠠᠷᠳᠤ ᠺᠤᠮᠫᠠᠨᠢ ᠶᠢ ᠪᠤᠳᠠᠳᠠᠢ ᠪᠠᠷ | ᠬᠤᠪᠢᠳᠠᠨ ᠬᠠᠮᠢᠶᠠᠷᠤᠨ᠎ᠠ᠃ ᠬᠤᠰᠢᠭᠤ ᠲᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ ᠲᠤᠪᠴᠢᠶ᠎ᠠ ᠶᠢ | ᠬᠤᠪᠢᠳᠠᠨ ᠬᠠᠮᠢᠶᠠᠷᠤᠨ᠎ᠠ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ | ᠲᠥᠷᠥ ᠶᠢᠨ ᠵᠥᠪᠯᠡᠯᠭᠡᠨ ᠤ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠬᠤᠰᠢᠭᠤᠨ ᠤ ᠬᠢᠨᠠᠨ ᠪᠠᠶᠢᠴᠠᠭᠠᠬᠤ | ᠵᠥᠪᠯᠡᠯ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤᠨ ᠤ ᠠᠵᠢᠯᠴᠢᠨ ᠤ ᠶᠡᠷᠦᠩᠬᠡᠶ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠡᠵᠡᠨ ᠬᠤᠷᠤᠭ᠎ᠠ ᠬᠤᠰᠢᠭᠤᠨ ᠤ ᠬᠤᠷᠢᠶ᠎ᠠ᠂ ᠡᠮᠡᠭᠲᠡᠶᠢᠴᠦᠳ | ᠤᠨ ᠬᠤᠯᠪᠣᠭᠠᠲᠤ ᠬᠤᠷᠠᠯ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ | ᠡᠵᠡᠨ ᠬᠤᠷᠤᠭ᠎ᠠ ᠬᠤᠰᠢᠭᠤᠨ ᠤ ᠵᠠᠰᠠᠭ ᠵᠠᠬᠢᠷᠭᠠᠨ ᠤ ᠰᠤᠷᠭᠠᠭᠤᠯᠢ᠂ ᠡᠵᠡᠨ ᠬᠤᠷᠤᠭ᠎ᠠ ᠬᠤᠰᠢᠭᠤᠨ ᠤ ᠨᠡᠶᠢᠭᠡᠮ | ᠵᠢᠷᠤᠮᠲᠤ ᠰᠤᠷᠭᠠᠭᠤᠯᠢ︶᠂ ᠠᠬᠠᠮᠠᠳ ᠺᠠᠳ᠋ᠷᠴᠤᠳ ᠤᠨ ᠦᠶᠯᠡᠴᠢᠯᠡᠭᠡᠨ ᠤ ᠲᠥᠪ ︵ᠨᠠᠰᠤᠲᠠᠶᠢᠴᠤᠳ ᠤᠨ ᠶᠡᠭᠡ | ᠰᠤᠷᠭᠠᠭᠤᠯᠢ︶᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ | ᠲᠥᠪ᠂ ᠣᠷᠳᠣᠰ ᠬᠤᠲᠠ ᠶᠢᠨ ᠬᠤᠶ ᠢ ᠠᠵᠤ ᠦᠶᠯᠡᠳᠪᠦᠷᠢ ᠶᠢᠨ ᠲᠡᠭᠡᠭᠡᠪᠦᠷᠢ ᠶᠢᠨ ᠡᠳ᠋ ᠬᠥᠷᠥᠩᠭᠡ ᠶᠢᠨ | ᠡᠵᠡᠩᠨᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠷᠠᠳ ᠤᠨ ᠪᠠᠩᠬᠢ ᠶᠢᠨ ᠡᠵᠡᠨ ᠬᠤᠷᠤᠭ᠎ᠠ ᠬᠤᠰᠢᠭᠤᠨ | ᠤ ᠰᠠᠯᠪᠤᠷᠢ ᠪᠠᠩᠬᠢ᠂ ᠣᠷᠳᠣᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ | ᠶᠢᠨ ᠡᠵᠡᠨ ᠬᠤᠷᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ᠂ ᠳᠤᠮᠳᠠᠳᠤ ᠤᠯᠤᠰ ᠤᠨ ᠪᠠᠩᠬᠢ ᠶᠢᠨ | ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠦᠶᠯᠡᠳᠪᠦᠷᠢ ᠬᠤᠳᠠᠯᠳᠤᠭᠠᠨ ᠤ ᠪᠠᠩᠬᠢ ᠶᠢᠨ ᠡᠵᠡᠨ | ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ | ᠰᠠᠯᠪᠤᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ | ᠂ ᠡᠵᠡᠨ ᠬᠤᠷᠤᠭ᠎ᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ ᠣᠷᠳᠣᠰ ᠪᠠᠩᠬᠢ ᠶᠢᠨ ᠡᠵᠡᠨ | ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠣᠷᠳᠣᠰ ᠪᠠᠩᠬᠢ ᠶᠢᠨ ᠠᠭᠤᠷᠬᠠᠶ ᠶᠢᠨ ᠣᠷᠣᠨ ᠤ ᠰᠠᠯᠪᠤᠷᠢ ᠪᠠᠩᠭᠢ᠂ | ᠰᠢᠦᠳᠠᠨ ᠤ ᠬᠠᠳᠠᠭᠠᠯᠠᠮᠵᠢ ᠶᠢᠨ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠵᠠᠮ | ᠬᠠᠷᠢᠯᠴᠠᠭᠠᠨ ᠤ ᠪᠠᠩᠬᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠪᠠᠩᠬᠢ᠂ ᠦᠶᠯᠡᠳᠪᠦᠷᠢ ᠬᠤᠳᠠᠯᠳᠤᠭᠠᠨ ᠤ | ᠪᠠᠩᠬᠢ ᠶᠢᠨ ᠵᠡᠭᠦᠨ ᠨᠡᠭᠦᠷᠡᠰᠦᠨ ᠤ ᠰᠠᠯᠪᠤᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠵᠡᠭᠦᠨ ᠨᠡᠭᠦᠷᠡᠰᠦᠨ ᠤ ᠰᠠᠯᠪᠤᠷᠢ | ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠳ᠋ᠦᠩ ᠮᠸᠢ ᠰᠠᠯᠪᠤᠷᠢ ᠪᠠᠩᠬᠢ᠂ ᠠᠭᠤᠷᠬᠠᠶ ᠶᠢᠨ ᠣᠷᠣᠨ ᠤ | ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠡᠵᠡᠨ ᠬᠤᠷᠤᠭ᠎ᠠ ᠶᠢᠨ ᠶᠢᠨ ᠭᠦ᠋ ᠲᠣᠰᠬᠤᠨ | ᠪᠠᠯᠭᠠᠰᠤᠨ ᠤ ᠪᠠᠩᠬᠢ᠂ ᠡᠵᠡᠨ ᠬᠤᠷᠤᠭ᠎ᠠ ᠶᠢᠨ ᠯᠢᠦ ᠯᠢᠩ ᠲᠣᠰᠬᠤᠨ ᠪᠠᠯᠭᠠᠰᠤᠨ ᠤ ᠪᠠᠩᠬᠢ᠂ ᠳᠤᠮᠳᠠᠳᠤ ᠤᠯᠤᠰ | ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠨ | ᠬᠤᠷᠤᠭ᠎ᠠ ᠬᠤᠰᠢᠭᠤᠨ ᠤ ᠰᠠᠯᠪᠤᠷᠢ ᠺᠣᠮᠫᠠᠨᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠺᠣᠮᠫᠠᠨᠢ ᠵᠡᠷᠭᠡ ᠰᠠᠭᠤᠭ᠎ᠠ | ᠭᠠᠵᠠᠷ ᠤᠨ ᠮᠥᠩᠭᠦᠨ ᠭᠦᠶᠯᠭᠡᠭᠡ ᠪᠠ ᠳᠠᠭᠠᠳᠬᠠᠯ ᠤᠨ ᠪᠠᠶᠢᠭᠤᠯᠤᠮᠵᠢ᠂ ᠣᠷᠳᠣᠰ ᠤᠨ ᠡᠵᠡᠨ ᠬᠤᠷᠤᠭ᠎ᠠ ᠶᠢᠨ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ᠂ ᠱᠧᠨ ᠬᠤᠸᠠ ᠪᠤᠤ | ᠱᠧᠨ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠳ᠋ᠦᠩᠱᠧᠩ ᠠᠴᠠ ᠦᠬᠠᠢ | ᠬᠦᠷᠬᠦ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠡᠭᠦᠨᠭᠠᠷ ᠠᠴᠠ | ᠰᠠᠶᠢᠨᠳᠤᠷ᠎ᠠ ᠬᠦᠷᠬᠦ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠡᠮᠦᠨᠡᠲᠦ ᠬᠡᠰᠡᠭ ᠤᠨ | ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠲᠡᠮᠦᠷ ᠵᠠᠮ ᠤᠨ ᠠᠵᠤ ᠠᠬᠤᠢᠯᠠᠯ ᠢ ᠬᠠᠷᠢᠯᠴᠠᠨ᠎ᠠ᠃ | | ᠵᠧᠦ ᠯᠢ ᠮᠢᠩ ᠳᠡᠳ᠋ ᠬᠤᠰᠢᠭᠤ ᠲᠠᠷᠤᠭ᠎ᠠ | ᠬᠤᠰᠢᠭᠤ ᠲᠠᠷᠤᠭ᠎ᠠ ᠶᠢ ᠬᠠᠪᠰᠤᠷᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ | ᠪᠠᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠶᠢ ᠪᠣᠳᠠᠲᠠᠶ ᠬᠤᠪᠢᠳᠠᠨ ᠬᠠᠮᠢᠶᠠᠷᠴᠤ᠂ ᠣᠷᠣᠨ ᠰᠠᠭᠤᠴᠠ ᠪᠠ ᠬᠤᠲᠠ ᠬᠥᠳᠡᠭᠡ | ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠤᠷᠤᠨ ᠰᠠᠭᠤᠴᠠ ᠶᠢᠨ ᠪᠠᠳᠤᠯᠠᠭ᠎ᠠ ᠶᠢᠨ ᠶᠡᠷᠦᠩᠬᠡᠶᠢᠯᠡᠭᠰᠡᠨ | ᠦᠢᠯᠡᠴᠢᠯᠡᠬᠡᠨ ᠤ ᠲᠦᠪ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ᠂ | ᠴᠡᠴᠡᠷᠯᠢᠭᠵᠢᠭᠦᠯᠬᠡ ᠨᠣᠭᠤᠭᠠᠷᠠᠭᠤᠯᠤᠯᠳᠠ ᠶᠢᠨ ᠲᠥᠪ᠂ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ | ᠲᠥᠪ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠤᠯᠭ᠎ᠠ ᠮᠡᠳᠡᠭᠡ ᠵᠠᠩᠭᠢ ᠶᠢᠨ ᠪᠠᠳᠤᠯᠠᠭ᠎ᠠ ᠶᠢᠨ ᠲᠥᠪ | ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ | ᠲᠣᠪᠴᠢᠶ᠎ᠠ᠂ ᠬᠡᠷ ᠪᠠᠶᠢᠰᠢᠩ ᠲᠠᠲᠠᠪᠤᠷᠢᠯᠠᠬᠤ ᠦᠶᠯᠡᠴᠢᠯᠡᠭᠡᠨ ᠤ ᠲᠥᠪ᠂ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠲᠥᠷᠥᠯ ᠵᠦᠶᠯ ᠢ ᠣᠷᠣᠯᠠᠨ ᠪᠠᠶᠢᠭᠤᠯᠬᠤ ᠲᠥᠪ᠂ ᠡᠵᠡᠨ ᠬᠤᠷᠤᠭ᠎ᠠ ᠬᠤᠰᠢᠭᠤᠨ ᠤ ᠬᠤᠲᠠ | ᠶᠢᠨ ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠂ ᠣᠷᠳᠣᠰ ᠬᠤᠲᠠ ᠶᠢᠨ ᠱᠧᠩ ᠶᠤᠸᠠᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠬᠤᠶ ᠵᠥᠩ ᠦᠶᠯᠡᠴᠢᠯᠡᠭᠡᠨ ᠤ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠵᠢᠦ ᠲᠠᠢ ᠢᠯᠴᠢ ᠶᠢᠨ ᠬᠦᠴᠦᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠶᠢᠨ ᠲᠤ ᠾᠧ ᠾᠧ ᠬᠡᠮᠵᠢᠨ ᠵᠢᠷᠤᠭᠯᠠᠬᠤ | ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠱᠠᠩ ᠱᠠᠨ ᠤᠰᠤ ᠬᠠᠩᠭᠠᠬᠤ ᠬᠢᠵᠠᠭᠠᠷᠲᠤ ᠺᠣᠮᠫᠠᠨᠢ᠂ | ᠡᠵᠡᠨ ᠬᠤᠷᠤᠭ᠎ᠠ ᠬᠤᠰᠢᠭᠤᠨ ᠤ ᠰᠢᠨ ᠶᠦᠩ ᠭᠠᠵᠠᠷ ᠰᠢᠷᠣᠶ ᠶᠢᠨ ᠡᠬᠢ ᠪᠠᠶᠠᠯᠢᠭ ᠢ ᠬᠤᠷᠢᠶᠠᠨ ᠬᠠᠳᠠᠭᠠᠯᠠᠵᠤ ᠪᠠᠯᠠ | ᠤᠷᠤᠭᠤᠯᠤᠯᠳᠠ ᠶᠢᠨ ᠬᠢᠵᠠᠭᠠᠷᠲᠤ ᠺᠣᠮᠫᠠᠨᠢ᠂ ᠤᠷᠳᠤᠰ ᠬᠤᠳᠠ ᠶᠢᠨ ᠱᠧᠩ ᠳ᠋ᠢ ᠶᠤᠸᠠᠨ ᠴᠡᠴᠡᠷᠯᠢᠭᠵᠢᠬᠦᠯᠬᠡ ᠶᠢᠨ | ᠨᠣᠭᠤᠭᠠᠷᠠᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠪᠤᠳᠠᠳᠠᠢ ᠬᠤᠪᠢᠳᠠᠨ ᠬᠠᠮᠢᠶᠠᠷᠤᠨ᠎ᠠ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠭᠠᠵᠠᠷ ᠢ | ᠬᠠᠷᠢᠯᠴᠠᠨ᠎ᠠ᠃ | ᠯᠢ ᠬᠦᠶ ᠳᠡᠳ᠋ ᠬᠤᠰᠢᠭᠤ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠰᠣᠶᠣᠯ ᠵᠢᠭᠤᠯᠴᠢᠯᠠᠯ᠂ ᠠᠵᠢᠯᠲᠠᠨ ᠤ ᠶᠠᠪᠤᠳᠠᠯ ᠬᠥᠳᠡᠯᠮᠦᠷᠢ᠂ ᠡᠮ | ᠡᠮᠨᠡᠯᠭᠡ ᠶᠢᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠢ ᠬᠠᠷᠢᠭᠤᠴᠠᠵᠤ᠂ ᠣᠷᠳᠣᠰ ᠤᠨ ᠰᠣᠶᠣᠯ ᠤᠨ ᠠᠵᠤ ᠦᠶᠯᠡᠰ ᠤᠨ | ᠬᠥᠭᠵᠢᠯᠲᠡ ᠶᠢᠨ ᠲᠥᠪ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ | ᠶᠢᠨ ᠲᠣᠪᠴᠢᠶ᠎ᠠ ︵ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ︶᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ᠂ ᠰᠣᠶᠣᠯ ᠦᠵᠡᠰᠬᠦᠯᠡᠩ ᠤᠨ ᠦᠶᠯᠡᠰ ᠤᠨ ᠬᠥᠭᠵᠢᠯᠲᠡ ᠶᠢᠨ ᠲᠥᠪ᠂ ᠡᠵᠡᠨ | ᠬᠤᠷᠤᠭ᠎ᠠ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠪᠠᠯᠠ ᠣᠷᠣᠭᠤᠯᠤᠯᠲᠠ ᠶᠢᠨ ᠪᠦᠯᠦᠭᠯᠡᠯ | ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠡᠷᠳᠡᠨᠢ ᠶᠢᠨ ᠲᠤᠪᠴᠢ ᠰᠤᠶᠤᠯ ᠤᠨ ᠠᠵᠤ ᠦᠶᠯᠡᠰ | ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠪᠣᠳᠠᠲᠠᠶ ᠬᠤᠪᠢᠳᠠᠨ ᠬᠠᠮᠢᠶᠠᠷᠤᠨ᠎ᠠ᠃ | ᠬᠤᠰᠢᠭᠤᠨ ᠤ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠠᠨ ᠬᠡᠷ᠂ ᠤᠳᠬ᠎ᠠ ᠤᠷᠠᠯᠢᠭ ᠤᠨ ᠬᠢᠨ ᠤ | ᠬᠤᠯᠪᠣᠭᠠᠲᠤ ᠬᠤᠷᠠᠯ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠡᠵᠡᠨ ᠬᠤᠷᠤᠭ᠎ᠠ ᠬᠤᠰᠢᠭᠤᠨ ᠤ ᠷᠠᠳᠢᠣ᠋ | ᠺᠢᠨᠣ᠋ ᠲᠧᠯᠸᠢᠰ ᠵᠠᠭᠤᠴᠢᠯᠠᠭᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠨᠠᠪᠴᠢᠨ ᠲᠠᠮᠠᠬᠢ ᠲᠤᠰᠬᠠᠶ | ᠬᠤᠳᠠᠯᠳᠤᠬᠤ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠦᠯᠳᠡ ᠶᠢᠨ ᠰᠠᠯᠪᠤᠷᠢ ᠠᠩᠭᠢ ᠶᠢᠨ ᠡᠵᠡᠨ ᠬᠤᠷᠤᠭ᠎ᠠ ᠬᠤᠰᠢᠭᠤᠨ ᠤ ᠶᠡᠭᠡ ᠠᠩᠭᠢ᠂ ᠬᠤᠲᠠ | ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠲᠥᠪ ᠤᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ | ᠲᠥᠪ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠠᠵᠢᠯ ᠤᠨ ᠲᠣᠭᠤᠷᠢᠭ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠦᠳᠠᠨ ᠤ ᠶᠠᠪᠤᠳᠠᠯ ᠤᠨ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠰᠠᠯᠪᠤᠷᠢ ᠺᠣᠮᠫᠠᠨᠢ ᠶᠢ | ᠬᠠᠷᠢᠯᠴᠠᠨ᠎ᠠ᠃ | ᠯᠢᠦ ᠰᠢᠶᠤᠤ ᠳ᠋ᠦᠩ ᠳᠡᠳ᠋ ᠬᠤᠰᠢᠭᠤ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠶ᠂ ᠮᠠᠯᠵᠢᠬᠤ ᠲᠠᠷᠢᠶᠠᠯᠠᠬᠤ ᠣᠷᠣᠨ᠂ | ᠦᠨᠳᠦᠰᠦᠲᠡᠨ ᠤ ᠬᠡᠷᠡᠭ ᠡᠷᠬᠢᠯᠡᠬᠦ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠠᠷᠠᠳ ᠤᠨ ᠶᠠᠪᠤᠳᠠᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠣᠮᠣ ᠳ᠋ᠠᠶᠢᠲ᠋ᠠ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠷᠠᠳ | ᠤᠨ ᠶᠠᠪᠤᠳᠠᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠭᠢᠯᠡᠬᠦ | ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠲᠥᠪ᠂ ᠲᠣᠮᠣ ᠳ᠋ᠠᠶᠢᠲ᠋ᠠ ᠶᠢᠨ ᠲᠥᠪ᠂ ᠬᠠᠩᠭᠠᠨ | ᠪᠣᠷᠣᠯᠠᠭᠤᠯᠬᠤ ᠬᠤᠯᠪᠣᠭᠠᠲᠤ ᠬᠤᠷᠰᠢᠶ᠎ᠠ᠂ ᠥᠪᠥᠷ ᠮᠣᠩᠭᠤᠯ ᠤᠨ ᠳ᠋ᠠ ᠶᠦᠨ ᡁᠢ ᠲᠦᠩ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠶᠦᠨ ᠳ᠋ᠦᠩ ᠲᠠᠷᠢᠶᠠᠯᠠᠩ ᠣᠶ ᠰᠢᠭᠤᠶ ᠮᠠᠯ | ᠠᠵᠤ ᠦᠶᠯᠡᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ | ᠪᠣᠳᠠᠲᠠᠶ ᠬᠤᠪᠢᠳᠠᠨ ᠬᠠᠮᠢᠶᠠᠷᠤᠨ᠎ᠠ᠃ | ᠣᠷᠳᠣᠰ ᠬᠤᠲᠠ ᠶᠢᠨ ᠴᠢᠩᠭᠢᠰ ᠬᠠᠭᠠᠨ ᠤ ᠣᠩᠭᠤᠨ ᠤ ᠵᠢᠭᠤᠯᠴᠢᠯᠠᠯ ᠤᠨ ᠣᠷᠣᠨ ᠤ ᠬᠠᠮᠢᠶᠠᠷᠤᠯᠲᠠ ᠶᠢᠨ | ᠵᠥᠪᠯᠡᠯ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ ᠨᠠᠷ ᠤᠨ | ᠬᠤᠯᠪᠣᠭᠠᠲᠤ ᠬᠤᠷᠠᠯ᠂ ᠴᠠᠭ ᠠᠭᠤᠷ ᠤᠨ ᠲᠣᠪᠴᠢᠶ᠎ᠠ᠂ ᠰᠦᠯᠵᠢᠶᠡᠨ ᠤ ᠺᠣᠮᠫᠠᠨᠢ᠂ ᠳᠤᠮᠳᠠᠳᠤ ᠤᠯᠤᠰ ᠤᠨ | ᠨᠢᠭᠡᠳᠦᠭᠰᠡᠨ ᠬᠤᠯᠪᠣᠭ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ | ᠴᠠᠬᠢᠯᠭᠠᠨ ᠬᠤᠯᠪᠤᠭ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ | ᠨᠡᠬᠦᠳᠡᠯ ᠬᠤᠯᠪᠣᠭᠠᠨ ᠤ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠺᠣᠮᠫᠠᠨᠢ ᠵᠡᠷᠭᠡ ᠰᠠᠭᠤᠭ᠎ᠠ ᠭᠠᠵᠠᠷ ᠤᠨ | ᠴᠢᠮᠡᠭᠡ ᠬᠤᠯᠪᠣᠭᠠᠨ ᠤ ᠠᠵᠤ ᠠᠬᠤᠶᠢᠯᠠᠯ ᠢ ᠬᠠᠷᠢᠯᠴᠠᠨ᠎ᠠ᠃ | ᠴᠧᠨ ᠰᠢᠶᠤᠤ ᠵᠢᠶᠦ᠋ᠨ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ | ᠰᠤᠷᠪᠤᠯᠵᠢᠯᠠᠯ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠪᠣᠳᠠᠲᠠᠶ ᠬᠤᠪᠢᠳᠠᠨ ᠬᠠᠮᠢᠶᠠᠷᠤᠨ᠎ᠠ᠃ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠪᠡᠯᠡᠳᠬᠡᠯ | ᠠᠯᠪᠠᠨ ᠤ 90 ᠳ᠋ᠦ᠋ᠭᠡᠷ ᠬᠤᠷᠢᠶᠠᠨ ᠤ ᠶᠡᠭᠡ ᠫᠤᠤᠲᠤ ᠴᠡᠷᠢᠭ ᠤᠨ ᠪᠠᠲᠯᠢᠶᠣᠨ ᠢ ᠬᠠᠷᠢᠯᠴᠠᠨ᠎ᠠ ᠃ | ᠳ᠋ᠦ᠋ ᠶᠠᠨ ᠪᠢᠨ ᠳᠡᠳ᠋ ᠬᠤᠰᠢᠭᠤ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠠᠵᠤ ᠦᠶᠯᠡᠳᠪᠦᠷᠢ ᠶᠢᠨ ᠠᠵᠤ ᠠᠬᠤᠶ᠂ ᠨᠡᠶᠢᠲᠡ ᠶᠢᠨ ᠥᠮᠴᠢᠯᠡᠯ | ᠤᠨ ᠪᠤᠰᠤ ᠠᠵᠤ ᠠᠬᠤᠶ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠵᠤ᠂ ᠬᠤᠰᠢᠭᠤᠨ ᠤ ᠠᠵᠤ ᠦᠶᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ | ᠬᠥᠭᠵᠢᠯᠲᠡ ᠶᠢᠨ ᠲᠥᠪ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠠᠭᠤᠷᠬᠠᠶ ᠶᠢᠨ ᠣᠷᠣᠨ ᠤ ᠨᠡᠭᠦᠳᠡᠯ | ᠠᠷᠠᠳ ᠤᠨ ᠬᠠᠮᠢᠶᠠᠷᠤᠯᠲᠠ ᠶᠢᠨ ᠦᠶᠯᠡᠴᠢᠯᠡᠭᠡᠨ ᠤ ᠲᠥᠪ᠂ ᠥᠪᠥᠷ ᠮᠣᠩᠭᠤᠯ ᠤᠨ ᠱᠧᠩ ᠶᠤᠸᠠᠨ ᠡᠨᠧᠷᠭᠢ ᠶᠢᠨ | ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠱᠧᠩ ᠳ᠋ᠢ ᠴᠠᠬᠢᠯᠭᠠᠨ | ᠬᠦᠴᠦᠨ ᠤ ᠤᠭᠰᠠᠷᠠᠵᠤ ᠬᠠᠮᠠᠭᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠤᠨ ᠮᠧᠩ ᠰᠢ ᠵᠧᠩ | ᠾᠧ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ | ᠪᠣᠳᠠᠲᠠᠶ ᠬᠤᠪᠢᠳᠠᠨ ᠬᠠᠮᠢᠶᠠᠷᠤᠨ᠎ᠠ᠃ | ᠬᠠᠷᠢᠯᠴᠠᠬᠤ ᠨᠢ᠄ ᠣᠷᠳᠣᠰ ᠤᠨ ᠠᠭᠠᠷ ᠠᠶᠠᠯᠠᠯ ᠤᠨ ᠭᠠᠷᠠᠮ ᠤᠨ ᠡᠳ᠋ ᠪᠠᠷᠠᠭ᠎ᠠ ᠶᠢᠨ ᠭᠦᠶᠯᠭᠡᠭᠡᠨ ᠤ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠠᠵᠤ ᠦᠶᠯᠡᠳᠪᠦᠷᠢ ᠬᠤᠳᠠᠯᠳᠤᠭᠠᠨ ᠤ | ᠬᠤᠯᠪᠣᠭᠠᠲᠤ ᠬᠤᠷᠠᠯ᠂ ᠣᠷᠳᠣᠰ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ | ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠴᠠᠬᠢᠯᠭᠠᠨ ᠬᠠᠩᠭᠠᠬᠤ ᠲᠣᠪᠴᠢᠶ᠎ᠠ᠂ ᠾᠧ | ᠰᠢᠶᠤᠤ ᠴᠠᠬᠢᠯᠭᠠᠨ ᠬᠦᠴᠦᠨ ᠤ ᠪᠠᠶᠢᠭᠤᠯᠤᠯᠲᠠ ᠶᠢᠨ ᠺᠣᠮᠫᠠᠨᠢ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ | ᠺᠣᠮᠫᠠᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣᠨ ᠤ ᠺᠣᠮᠫᠠᠨᠢ ᠶᠢᠨ ᠡᠵᠡᠨ | ᠬᠤᠷᠤᠭ᠎ᠠ ᠬᠤᠰᠢᠭᠤᠨ ᠤ ᠰᠠᠯᠪᠤᠷᠢ ᠺᠣᠮᠫᠠᠨᠢ ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠰᠠᠭᠤᠭ᠎ᠠ ᠭᠠᠵᠠᠷ ᠤᠨ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠬᠠᠷᠢᠯᠴᠠᠨ᠎ᠠ᠃ | ᠵᠸᠤ ᠳ᠋ᠧ ᠮᠢᠩ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ | ᠶᠠᠨ ᠼᠠᠢ ᠢᠦ᠋ᠢ ᠨᠥᠬᠦᠷ ᠤᠨ ᠠᠵᠢᠯ ᠢ ᠬᠠᠪᠰᠤᠷᠤᠨ᠎ᠠ᠃ | ᠸᠠᠩ ᠵᠢᠶᠠᠨ ᠯᠢᠨ ᠵᠠᠰᠠᠭ ᠤᠨ ᠣᠷᠳᠣᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠵᠧᠦ ᠯᠢ ᠮᠢᠩ ᠨᠥᠬᠦᠷ ᠤᠨ ᠠᠵᠢᠯ ᠢ ᠬᠠᠪᠰᠤᠷᠤᠨ᠎ᠠ ᠃ | ᠪᠢᠶᠠᠨ ᠶᠦᠩ ᠰᠢᠶᠠᠩ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠣᠷᠳᠣᠰ | ᠵᠢᠶᠠᠩᠰᠦ ᠶᠢᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ | ᠬᠤᠰᠢᠭᠤᠨ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ ᠤᠨ ᠠᠵᠢᠯ ᠢ ᠬᠠᠷᠢᠭᠤᠴᠠᠵᠤ᠂ ᠠᠵᠤ | ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠠᠵᠢᠯ︶ ᠶᠢ ᠪᠣᠳᠠᠲᠠᠶ | ᠬᠤᠪᠢᠳᠠᠨ ᠬᠠᠮᠢᠶᠠᠷᠤᠨ᠎ᠠ ᠃ | ᠬᠤᠶᠠᠷ᠂ ᠵᠠᠰᠠᠭ ᠤᠨ ᠣᠷᠳᠣᠨ ᠤ ᠤᠳᠤᠷᠢᠳᠤᠯᠭ᠎ᠠ AB ᠲᠦᠷᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ AB ᠲᠦᠷᠢ ᠶᠢᠨ | ᠠᠵᠢᠯ ᠤᠨ ᠲᠦᠷᠢᠮ ᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠨ ᠤᠳᠤᠷᠢᠳᠤᠯᠭ᠎ᠠ ( A ᠪᠤᠶᠤ | B ᠲᠦᠷᠢ ) ᠭᠠᠳᠠᠭᠰᠢ ᠭᠠᠷᠴᠤ ᠰᠤᠷᠤᠯᠴᠠᠬᠤ᠂ ᠰᠢᠨᠵᠢᠯᠡᠨ ᠪᠠᠶᠢᠴᠠᠭᠠᠬᠤ᠂ ᠠᠵᠢᠯ ᠢᠶᠠᠷ ᠭᠠᠳᠠᠭᠰᠢ ᠭᠠᠷᠬᠤ᠂ | ᠠᠮᠠᠷᠠᠯᠲᠠ ᠠᠪᠬᠤ᠂ ᠶᠠᠪᠤᠳᠠᠯ ᠤᠨ ᠴᠢᠯᠥᠭᠡ ᠠᠪᠬᠤ ᠵᠡᠷᠭᠡ ᠠᠴᠠ ᠪᠣᠯᠵᠣ ᠲᠤᠰᠢᠶᠠᠯ ᠬᠠᠷᠢᠭᠤᠴᠠᠯᠭ᠎ᠠ ᠪᠠᠨ ᠬᠡᠪ ᠤᠨ | ᠶᠣᠰᠣᠭᠠᠷ ᠭᠦᠶᠴᠡᠳᠬᠡᠵᠦ ᠳᠡᠶᠢᠯᠬᠦ ᠥᠬᠡᠶ ᠪᠣᠯ᠂ ᠬᠠᠷᠠᠭᠠᠯᠵᠠᠭᠰᠠᠨ ᠨᠥᠭᠦᠭᠡ ᠨᠢᠭᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠤᠳᠤᠷᠢᠳᠤᠯᠭ᠎ᠠ ( B ᠪᠤᠶᠤ A ᠲᠦᠷᠢ︶ ᠠᠴᠠ ᠲᠡᠭᠦᠨ ᠤ ᠬᠤᠪᠢᠳᠠᠨ ᠬᠠᠮᠢᠶᠠᠷᠴᠤ | ᠪᠠᠶᠢᠭ᠎ᠠ ᠬᠦᠷᠢᠶᠡᠨ ᠳᠠᠬᠢ ᠠᠵᠢᠯ ᠢ ᠲᠦᠷ ᠴᠠᠭ ᠣᠷᠣᠯᠠᠨ ᠰᠢᠶᠳᠪᠦᠷᠢᠯᠡᠬᠦ ᠲᠦᠷᠢᠮ ᠢ ᠵᠢᠭᠠᠵᠤ ᠪᠠᠶᠢᠨ᠎ᠠ᠃ AB | ᠲᠦᠷᠢ ᠶᠢ ᠳᠣᠣᠷᠠᠬᠢ ᠮᠡᠲᠦ ᠲᠣᠬᠢᠷᠠᠭᠤᠯᠪᠠ᠄ | A ᠲᠦᠷᠢ | ᠶᠠᠨ ᠼᠠᠢ ᠢᠦ᠋ᠶ ᠂ ᠯᠢ ᠬᠦᠢ᠂ ᠴᠧᠨ ᠰᠢᠶᠤᠤ ᠵᠢᠶᠦ᠋ᠨ | B ᠲᠦᠷᠢᠢ | ᠵᠧᠦ ᠯᠢ ᠮᠢᠩ ᠂ ᠯᠢᠦ ᠰᠢᠶᠤᠤ ᠳ᠋ᠦᠩ᠂ ᠳ᠋ᠦ᠋ ᠶᠠᠨ ᠪᠢᠨ | ᠬᠠᠷᠢᠯᠴᠠᠨ AB ᠲᠦᠷᠢ ᠶᠢᠨ ᠤᠳᠤᠷᠢᠳᠤᠯᠭ᠎ᠠ ᠵᠠᠷᠴᠢᠮ ᠳᠡᠭᠡᠷ᠎ᠡ ᠪᠠᠨ ᠠᠳᠠᠯᠢᠬᠠᠨ ᠴᠠᠭ ᠲᠤ ᠴᠢᠯᠥᠭᠡ | ᠭᠤᠶᠤᠬᠤ ᠪᠤᠶᠤ ᠭᠠᠳᠠᠭᠰᠢ ᠭᠠᠷᠬᠤ ᠦᠭᠡᠢ᠃ A ᠲᠦᠷᠢ ︵ᠪᠤᠶᠤ B ᠲᠦᠷᠢ︶ ᠶᠢᠨ ᠤᠳᠤᠷᠢᠳᠤᠯᠭ᠎ᠠ ᠨᠢ | ᠦᠨᠡᠬᠡᠷ ᠠᠮᠠᠷᠠᠯᠲᠠ ᠠᠪᠬᠤ᠂ ᠴᠢᠯᠥᠭᠡ ᠭᠤᠶᠤᠬᠤ ᠪᠤᠶᠤ ᠭᠠᠳᠠᠭᠰᠢ ᠭᠠᠷᠬᠤ ᠵᠡᠷᠭᠡ ᠰᠢᠯᠲᠠᠭᠠᠨ ᠠᠴᠠ ᠪᠣᠯᠵᠣ ᠠᠵᠢᠯ | ᠤᠨ ᠪᠠᠶᠢᠷᠢ ᠳᠠᠭᠠᠨ ᠲᠤᠰᠢᠶᠠᠯ ᠬᠠᠷᠢᠭᠤᠴᠠᠯᠭ᠎ᠠ ᠪᠠᠨ ᠬᠡᠪ ᠢᠶᠠᠷ ᠭᠦᠶᠴᠡᠳᠬᠡᠵᠦ ᠳᠡᠶᠢᠯᠬᠦ ᠥᠬᠡᠶ ᠪᠠᠶᠢᠪᠠᠯ᠂ | ᠤᠷᠢᠳᠴᠢᠯᠠᠨ B ᠲᠦᠷᠢ ︵ᠪᠤᠶᠤ A ᠲᠦᠷᠢ︶ ᠶᠢᠨ ᠤᠳᠤᠷᠢᠳᠤᠯᠭ᠎ᠠ ᠲᠠᠢ ᠵᠥᠪᠳᠡᠯᠴᠡᠬᠦ ᠪᠤᠶᠤ ᠲᠤᠰᠢᠶᠠᠵᠤ | ᠭᠥᠯᠢᠶᠡᠨ ᠠᠪᠴᠤ᠂ ᠠᠵᠢᠯ ᠤᠨ ᠤᠷᠤᠭᠰᠢᠳᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠷᠢᠯᠴᠠᠨ AB | ᠲᠦᠷᠢ ᠶᠢᠨ ᠤᠳᠤᠷᠢᠳᠤᠯᠭ᠎ᠠ ᠬᠠᠷᠢᠯᠴᠠᠨ ᠪᠠᠨ ᠴᠢᠩᠭᠠᠳᠬᠠᠵᠤ᠂ ᠵᠦᠪᠳᠡᠯᠴᠡᠨ ᠬᠤᠷᠠᠯ ᠳᠤ ᠤᠷᠤᠯᠴᠠᠵᠤ᠂ | ᠣᠷᠣᠯᠠᠨ ᠰᠢᠶᠳᠪᠦᠷᠢᠯᠡᠬᠦ ᠠᠵᠢᠯ ᠤᠨ ᠶᠠᠪᠤᠴᠠ ᠳᠤ᠂ ᠠᠵᠢᠯ ᠤᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠳᠡᠵᠦ᠂ | ᠠᠵᠢᠯ ᠢᠶᠠᠨ ᠰᠠᠶᠢᠲᠤᠷ ᠵᠣᠯᠭᠠᠯᠳᠤᠭᠤᠯᠵᠤ᠂ ᠴᠢᠬᠤᠯᠠ ᠶᠡᠭᠡ ᠬᠡᠷᠡᠭ ᠶᠠᠪᠤᠳᠠᠯ ᠢ ᠬᠤᠰᠢᠭᠤᠨ ᠳᠠᠷᠤᠭ᠎ᠠ ᠳᠤ | ᠮᠡᠳᠡᠭᠦᠯᠦᠨ ᠲᠣᠭᠲᠠᠭᠠᠯᠭᠠᠬᠤ ᠬᠡᠷᠡᠭᠲᠡᠶ ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 7 ᠰᠠᠷ᠎ᠠ ᠶᠢᠨ 21 ᠤ ᠡᠳᠦᠷ | | | | | | | | | | |