ᠡᠵᠡᠨ ᠵᠠᠰᠠᠭ ᠲᠠᠷᠬᠠᠭᠠᠭᠰᠠᠨ ﹇2021﹈ 33 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | ᠡᠳᠦᠭᠡ ︽ᠡᠵᠡᠨ ᠬᠤᠷᠤᠭ᠎ᠠ ᠬᠤᠰᠢᠭᠤᠨ ᠤ 2021 ᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ | ᠵᠠᠰᠠᠬᠤ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 7 ᠳ᠋ᠤᠭᠠᠷ ᠰᠠᠷ᠎ᠠ ᠶᠢᠨ 27 ᠤ ᠡᠳᠦᠷ | | | ᠡᠵᠡᠨ ᠬᠤᠷᠤᠭ᠎ᠠ ᠬᠤᠰᠢᠭᠤᠨ ᠤ 2021 ᠣᠨ ᠤ ᠭᠠᠵᠠᠷ ᠰᠢᠨᠵᠢᠯᠡᠭᠡᠨ ᠤ ᠭᠠᠮᠰᠢᠭ ᠢ | ᠰᠡᠷᠭᠡᠶᠢᠯᠡᠨ ᠵᠠᠰᠠᠬᠤ ᠲᠥᠰᠦᠯ | | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ | ᠭᠠᠮᠰᠢᠭ ᠠᠴᠠ ᠠᠪᠤᠷᠬᠠᠤ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ 2021 ᠣᠨ ᠤ ᠭᠠᠵᠠᠷ ᠰᠢᠨᠵᠢᠯᠡᠭᠡᠨ ᠤ ᠢ ᠰᠡᠷᠭᠡᠶᠢᠯᠡᠨ ᠵᠠᠰᠠᠬᠤ | ᠠᠵᠢᠯ ᠢ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠬᠤᠬᠢᠷᠠᠯ ᠢ ᠰᠡᠷᠭᠡᠶᠢᠯᠡᠨ | ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠂ ᠠᠵᠤ | ᠠᠬᠤᠶ ᠪᠠ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠭᠠᠵᠠᠷ ᠰᠢᠨᠵᠢᠯᠡᠭᠡᠨ ᠤ | ᠭᠠᠮᠰᠢᠭ ᠢ ᠰᠡᠷᠭᠡᠶᠢᠯᠡᠨ ᠵᠠᠰᠠᠬᠤ ᠲᠦᠷᠢᠮ︾ ᠢ ᠦᠨᠳᠦᠰᠦᠯᠡᠨ᠂ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ | ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ | ᠲᠣᠭᠲᠠᠭᠠᠪᠠ᠃ | ᠭᠠᠵᠠᠷ ᠰᠢᠨᠵᠢᠯᠡᠭᠡᠨ ᠤ ᠭᠠᠢ ᠭᠠᠮᠰᠢᠭ ᠲᠤ ᠪᠠᠶᠢᠭᠠᠯᠢ ᠶᠢᠨ ᠬᠦᠴᠦᠨ ᠵᠦᠢᠯ ᠪᠤᠶᠤ ᠵᠣᠷᠢᠭᠤᠳᠠ | ᠠᠵᠢᠯᠯᠠᠭ᠎ᠠ ᠠᠴᠠ ᠪᠣᠯᠤᠭᠰᠠᠨ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ | ᠬᠤᠣᠷ ᠬᠥᠨᠥᠭᠡᠯ ᠤᠴᠠᠷᠠᠭᠤᠯᠬᠤ ᠠᠭᠤᠯᠠ ᠨᠤᠷᠠᠯᠲᠠ᠂ ᠶᠡᠭᠦᠷᠡᠯ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠤᠨ | ᠭᠠᠳᠠᠷᠭᠤ ᠨᠤᠷᠠᠬᠤ᠂ ᠭᠠᠵᠠᠷ ᠤᠨ ᠠᠩ ᠴᠠᠪᠠ ᠭᠠᠷᠬᠤ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ | ᠰᠢᠨᠵᠢᠯᠡᠭᠡᠨ ᠤ ᠦᠢᠯᠡᠳᠦᠯ ᠲᠠᠢ ᠬᠤᠯᠪᠣᠭᠳᠠᠯ ᠪᠦᠬᠦᠢ ᠭᠠᠢ ᠭᠠᠮᠰᠢᠭ ᠪᠠᠭᠲᠠᠨ᠎ᠠ᠃ ᠭᠠᠵᠠᠷ ᠤᠨ ᠭᠠᠮᠰᠢᠭ ᠢ | ᠰᠡᠷᠭᠡᠶᠢᠯᠡᠨ ᠵᠠᠰᠠᠬᠤ ᠳᠤ ᠰᠡᠷᠭᠡᠶᠢᠯᠡᠬᠦ ᠪᠠᠷ ᠭᠤᠣᠯ ᠪᠣᠯᠭᠠᠵᠤ᠂ ᠵᠠᠶᠢᠯᠠᠬᠤ ᠪᠠ ᠵᠠᠰᠠᠬᠤ ᠶᠢ ᠬᠠᠷᠢᠯᠴᠠᠨ | ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠶᠢᠨ ᠬᠠᠷᠠᠯᠲᠠ ᠪᠣᠯ ᠬᠥᠮᠦᠨ ᠦᠬᠦᠵᠦ ᠰᠢᠷᠬᠠᠲᠤᠬᠤ ᠠᠴᠠ ᠵᠠᠶᠢᠯᠠᠰᠬᠢᠵᠦ᠂ | ᠠᠵᠤ ᠠᠬᠤᠶ ᠶᠢᠨ ᠬᠤᠬᠢᠷᠠᠯ ᠢ ᠪᠠᠭᠠᠰᠬᠠᠨ᠂ ᠰᠡᠷᠡᠮᠵᠢᠯᠡᠭᠦᠯᠦᠨ ᠤᠷᠢᠳᠴᠢᠯᠠᠨ ᠮᠡᠳᠡᠭᠡᠯᠡᠬᠦ ᠶᠢᠨ ᠠᠮᠵᠢᠯᠲᠠ ᠣᠯᠬᠤ | ᠨᠣᠷᠮ᠎ᠠ ᠶᠢ ᠳᠡᠭᠡᠭᠰᠢᠯᠡᠭᠦᠯᠵᠦ᠂ ᠭᠠᠵᠠᠷ ᠤᠨ ᠣᠷᠴᠢᠨ ᠲᠣᠭᠤᠷᠢᠨ ᠪᠠ ᠠᠵᠤ ᠠᠬᠤᠶ ᠶᠢᠨ ᠪᠦᠲᠦᠭᠡᠨ | ᠪᠠᠶᠢᠭᠤᠯᠤᠯᠲᠠ ᠶᠢᠨ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠬᠤ ᠶᠠᠪᠤᠳᠠᠯ ᠪᠣᠯᠤᠨ᠎ᠠ᠃ | ᠬᠤᠶᠠᠷ᠂ ᠭᠠᠵᠠᠷ ᠰᠢᠨᠵᠢᠯᠡᠭᠡᠨ ᠤ ᠭᠠᠮᠰᠢᠭ ᠤᠨ ᠲᠥᠷᠥᠯ ᠬᠡᠯᠪᠡᠷᠢ᠂ ᠲᠠᠷᠬᠠᠯᠲᠠ ᠶᠢᠨ ᠬᠡᠪᠴᠢᠶ᠎ᠡ ᠵᠢᠴᠢ | ᠰᠡᠷᠭᠡᠶᠢᠯᠡᠨ ᠵᠠᠰᠠᠬᠤ ᠭᠤᠤᠯᠳᠠᠯᠭ᠎ᠠ | ︵ᠨᠢᠭᠡ︶ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠲᠥᠷᠦᠯ ᠵᠦᠢᠯ᠃ ᠪᠦᠬᠦ ᠬᠤᠰᠢᠭᠤᠨ ᠤ ᠬᠢᠯᠢ | ᠳᠣᠲᠣᠷ᠎ᠠ ᠣᠷᠣᠰᠢᠵᠤ ᠪᠠᠶᠢᠭ᠎ᠠ ᠭᠡᠨᠡᠳᠲᠡ ᠶᠢᠨ ᠴᠢᠨᠠᠷᠲᠠᠢ ᠭᠠᠵᠠᠷ ᠰᠢᠨᠵᠢᠯᠡᠭᠡᠨ ᠤ ᠭᠠᠢ ᠭᠠᠮᠰᠢᠭ ᠲᠤ ᠭᠤᠣᠯᠳᠠᠭᠤ | ᠭᠠᠵᠠᠷ ᠤᠨ ᠭᠠᠳᠠᠷᠭᠤ ᠴᠥᠮᠥᠷᠡᠬᠦ᠂ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠤᠨ ᠳᠠᠯᠳᠠ ᠭᠡᠮ ᠵᠡᠷᠭᠡ ᠭᠤᠷᠪᠠᠨ | ᠲᠥᠷᠥᠯ ᠪᠤᠢ᠃ ᠡᠭᠦᠨ ᠳᠤ ᠭᠠᠵᠠᠷ ᠴᠥᠮᠥᠷᠡᠬᠦ ᠪᠠ ᠶᠡᠭᠦᠷᠡᠬᠦ ᠪᠣᠯ ᠪᠥᠬᠦ ᠬᠤᠰᠢᠭᠤᠨ ᠤ ᠨᠡᠶᠢᠭᠡᠮ ᠪᠠ ᠠᠵᠤ | ᠠᠬᠤᠶ ᠶᠢᠨ ᠬᠥᠭᠵᠢᠯᠲᠡ ᠶᠢᠨ ᠨᠥᠯᠥᠭᠡ ᠪᠠᠷ ᠨᠡᠯᠢᠶᠡᠳ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠲᠥᠷᠥᠯ | ᠬᠡᠯᠪᠡᠷᠢ ᠪᠣᠯᠤᠨ᠎ᠠ᠃ | ︵ᠬᠤᠶᠠᠷ︶ ᠲᠠᠷᠬᠠᠯᠲᠠ ᠶᠢᠨ ᠬᠡᠪᠴᠢᠶ᠎ᠡ᠃ ᠡᠯ᠎ᠡ ᠪᠠᠯᠭᠠᠰᠤᠨ ᠤ ᠭᠠᠵᠠᠷ ᠰᠢᠨᠵᠢᠯᠡᠭᠡᠨ ᠤ ᠭᠠᠮᠰᠢᠭ ᠤᠨ | ᠲᠠᠷᠬᠠᠯᠲᠠ ᠲᠡᠭᠰᠢ ᠪᠤᠰᠤ᠂ ᠤᠯᠠᠭᠠᠨᠮᠦ᠋ᠷᠡᠨ ᠪᠠᠯᠭᠠᠰᠤ ᠪᠣᠯᠤᠨ ᠨᠠᠷᠢᠨᠲᠤᠬᠤᠢ ᠪᠠᠯᠭᠠᠰᠤ 2 ᠪᠠᠯᠭᠠᠰᠤᠨ ᠳᠤ | ᠲᠥᠪᠯᠡᠷᠡᠵᠦ ᠪᠣᠶ᠃ | ︵ᠭᠤᠷᠪᠠ︶ ᠰᠡᠷᠭᠡᠶᠢᠯᠡᠨ ᠵᠠᠰᠠᠬᠤ ᠭᠤᠣᠯᠳᠠᠯᠭ᠎ᠠ᠃ ᠨᠡᠭᠦᠷᠡᠰᠦᠨ ᠠᠭᠤᠷᠬᠠᠶ ᠶᠢᠨ ᠮᠠᠯᠲᠠᠵᠤ | ᠬᠥᠨᠳᠡᠶᠢᠷᠡᠭᠦᠯᠦᠭᠰᠡᠨ ᠣᠷᠣᠨ ᠤ ᠭᠠᠵᠠᠷ ᠤᠨ ᠭᠠᠳᠠᠷᠭᠤ ᠴᠥᠮᠥᠷᠡᠬᠦ ᠨᠢ ᠪᠦᠬᠦ ᠵᠢᠯ ᠤᠨ ᠬᠢᠨᠠᠨ ᠬᠡᠮᠵᠢᠵᠦ | ᠰᠡᠷᠭᠡᠶᠢᠯᠡᠬᠦ ᠶᠢᠨ ᠭᠤᠣᠯᠳᠠᠯᠭ᠎ᠠ ᠪᠣᠯᠤᠨ᠎ᠠ᠃ ᠪᠦᠬᠦ ᠬᠤᠰᠢᠭᠤᠨ ᠤ ᠠᠭᠤᠷ ᠠᠮᠢᠰᠬᠤᠯ ᠵᠢᠴᠢ ᠪᠣᠷᠣᠭᠠᠨ ᠤᠷᠤᠭᠰᠠᠨ | ᠪᠣᠳᠠᠲᠤ ᠪᠠᠶᠢᠳᠠᠯ ᠢ ᠦᠨᠳᠦᠰᠦᠯᠡᠨ᠂ 7—9 ᠳ᠋ᠦ᠋ᠭᠡᠷ ᠰᠠᠷ᠎ᠠ ᠪᠣᠯ ᠰᠢᠪᠠᠷ ᠴᠢᠯᠠᠭᠤᠨ ᠤᠷᠤᠰᠬᠠᠯ ᠢ ᠰᠡᠷᠭᠡᠶᠢᠯᠡᠬᠦ | ᠭᠤᠣᠯᠳᠠᠯᠭ᠎ᠠ ᠲᠠᠢ ᠴᠠᠭ ᠬᠤᠭᠤᠴᠠᠭ᠎ᠠ ᠪᠣᠯᠤᠨ᠎ᠠ᠂ ᠶᠡᠭᠦᠷᠡᠬᠦ᠂ ᠨᠤᠷᠠᠵᠤ ᠶᠡᠭᠦᠷᠡᠬᠦ ᠶᠢ ᠭᠤᠣᠯᠳᠠᠯᠭ᠎ᠠ ᠲᠠᠢ ᠰᠡᠷᠭᠡᠶᠢᠯᠡᠬᠦ | ᠴᠠᠭ ᠬᠤᠭᠤᠴᠠᠭ᠎ᠠ ᠪᠣᠯ ᠬᠥᠯᠳᠡᠵᠦ ᠬᠠᠶᠢᠯᠬᠤ ᠬᠤᠭᠤᠴᠠᠭ᠎ᠠ ᠪᠠ ᠦᠶᠡᠷ ᠤᠨ ᠬᠤᠭᠤᠴᠠᠭ᠎ᠠ ᠪᠣᠯᠤᠨ᠎ᠠ᠃ | ᠭᠤᠷᠪᠠ᠂ ᠭᠠᠵᠠᠷ ᠰᠢᠨᠵᠢᠯᠡᠭᠡᠨ ᠤ ᠭᠠᠮᠰᠢᠭ ᠢ ᠲᠥᠰᠦᠭᠡᠯᠡᠬᠦ | ︵ᠨᠢᠭᠡ︶ ᠲᠤᠨᠳᠠᠰᠤᠨ ᠤ ᠬᠠᠨᠳᠤᠰᠢ ᠶᠢ ᠲᠥᠰᠦᠭᠡᠯᠡᠬᠦ᠃ | ᠴᠠᠭ ᠠᠭᠤᠷ ᠤᠨ ᠰᠠᠯᠠᠭ᠎ᠠ ᠮᠥᠴᠢᠷ ᠤᠨ ᠲᠥᠰᠦᠭᠡᠯᠡᠭᠰᠡᠨ ᠢᠶᠠᠷ᠂ 2021 ᠣᠨ ᠳᠤ ᠮᠠᠨ ᠤ ᠬᠤᠰᠢᠭᠤ | ᠠᠭᠠᠷ ᠤᠨ ᠳᠤᠯᠠᠭᠠᠨ ᠵᠢᠭᠠᠬᠠᠨ ᠥᠨᠳᠥᠷ ᠪᠠ ᠬᠤᠷ᠎ᠠ ᠲᠣᠨᠣᠳᠠᠰᠤ ᠠᠷᠪᠢᠨ ᠵᠢᠯ ᠪᠣᠯᠤᠨ᠎ᠠ᠂ ᠵᠣᠨ ᠤ ᠤᠯᠠᠷᠢᠯ ᠳᠤ | ᠬᠤᠷ᠎ᠠ ᠲᠣᠨᠣᠳᠠᠰᠤ ᠪᠠᠷᠤᠭ 260 —280 ᠮᠢᠯᠢᠮᠧᠲᠷ ᠬᠦᠷᠴᠦ᠂ ᠭᠤᠤᠯ ᠪᠣᠯᠬᠤ ᠬᠤᠷ᠎ᠠ ᠲᠣᠨᠣᠳᠠᠰᠤ ᠶᠢᠨ | ᠴᠠᠭ ᠬᠤᠭᠤᠴᠠᠭ᠎ᠠ ᠨᠢ 7 ᠰᠠᠷ᠎ᠠ ᠶᠢᠨ ᠳᠤᠮᠳᠠᠴᠢ ᠠᠴᠠ 8 ᠰᠠᠷ᠎ᠠ ᠶᠢᠨ ᠰᠡᠭᠦᠯᠴᠢ ᠪᠣᠯᠲᠠᠯ᠎ᠠ ᠲᠥᠪᠯᠡᠷᠡᠵᠦ᠂ ᠵᠣᠨ ᠤ | ᠤᠯᠠᠷᠢᠯ ᠳᠤ ᠰᠣᠯᠢᠭ ᠤᠷᠤᠰᠬᠠᠯ ᠤᠨ ᠴᠢᠨᠠᠷᠲᠠᠶ ᠬᠤᠷ᠎ᠠ ᠲᠣᠨᠣᠳᠠᠰᠤ ᠠᠷᠪᠢᠨ ᠪᠣᠯᠬᠤᠷ ᠮᠥᠨᠳᠥᠷ᠂ ᠠᠶᠤᠩᠭ᠎ᠠ | ᠴᠠᠬᠢᠯᠭᠠᠨ᠂ ᠬᠡᠰᠡᠭ ᠭᠠᠵᠠᠷ ᠲᠤ ᠰᠢᠷᠦᠭᠦᠨ ᠪᠣᠷᠣᠭᠠᠨ ᠪᠠ ᠦᠶᠡᠷ ᠤᠰᠤᠲᠤᠯ ᠠᠮᠠᠷᠬᠠᠨ ᠡᠭᠦᠰᠳᠡᠭ᠃ ᠡᠭᠦᠨ ᠤ | ᠬᠠᠮᠲᠤ ᠱᠠᠲᠤ ᠦᠶ᠎ᠡ ᠶᠢᠨ ᠴᠢᠨᠠᠷᠲᠠᠶ ᠭᠠᠩ ᠬᠠᠭᠰᠠᠷᠠᠭᠠᠨ ᠡᠭᠦᠰᠬᠦ ᠪᠣᠯᠬᠤᠷ ᠦᠶᠡᠷ ᠢ ᠰᠡᠷᠭᠡᠶᠢᠯᠡᠬᠦ ᠠᠵᠢᠯ ᠢ | ᠰᠠᠶᠢᠲᠤᠷ ᠬᠢᠬᠦ ᠶᠢᠨ ᠬᠠᠮᠲᠤ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠤᠶᠠᠷ ᠲᠠᠯ᠎ᠠ ᠪᠠᠷ ᠠᠳᠬᠤᠬᠤ ᠬᠡᠷᠡᠭᠲᠡᠶ᠃ | ᠡᠪᠦᠯ ᠤᠨ ᠤᠯᠠᠷᠢᠯ ︵1—2 ᠰᠠᠷ᠎ᠠ︶ | ᠬᠤᠷ᠎ᠠ ᠲᠣᠨᠣᠳᠠᠰᠤ ᠶᠢᠨ ᠬᠠᠨᠳᠤᠰᠢ᠄ ᠪᠥᠬᠦ ᠬᠤᠰᠢᠭᠤᠨ ᠤ ᠬᠤᠷ᠎ᠠ ᠲᠣᠨᠣᠳᠠᠰᠤ ᠶᠢᠨ ᠬᠡᠮᠵᠢᠶ᠎ᠡ ᠨᠢ 4 . | 1— 4 . 9 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠵᠢᠭᠠᠬᠠᠨ ᠠᠷᠪᠢᠨ ᠪᠠᠶᠢᠳᠠᠭ᠃ | ᠬᠠᠪᠤᠷ ᠤᠨ ᠤᠯᠠᠷᠢᠯ ︵3—5 ᠰᠠᠷ᠎ᠠ︶ | ᠲᠤᠨᠤᠳᠠᠰᠤᠨ ᠤ ᠬᠠᠨᠳᠤᠰᠢ᠄ ᠪᠦᠬᠦ ᠬᠤᠰᠢᠭᠤᠨ ᠤ ᠲᠤᠨᠳᠠᠰᠤᠨ ᠤ ᠬᠡᠮᠵᠢᠶ᠎ᠡ 43 . 5—54 . 4 | ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠪᠠᠭ᠎ᠠ ᠰᠢᠭ᠋ ᠪᠠᠶᠢᠳᠠᠭ᠃ | ᠵᠤᠨ ᠤ ᠤᠯᠠᠷᠢᠯ ︵6—8 ᠰᠠᠷ᠎ᠠ︶ | ᠲᠤᠨᠤᠳᠠᠰᠤᠨ ᠤ ᠬᠡᠮᠵᠢᠶ᠎ᠡ᠄ ᠪᠦᠬᠦ ᠬᠤᠰᠢᠭᠤᠨ ᠤ ᠲᠤᠨᠳᠠᠰᠤᠨ ᠤ ᠬᠡᠮᠵᠢᠶ᠎ᠡ ᠨᠢ 221 . 6 —265 . | 9 ᠮᠢᠯᠢᠮᠧᠲᠷ ᠪᠠᠶᠢᠵᠤ᠂ ᠡᠩ ᠤᠨ ᠵᠢᠯ ᠤᠨ ᠬᠢ ᠠᠴᠠ ᠵᠢᠭᠠᠬᠠᠨ ᠢᠯᠡᠭᠦᠦ ᠪᠠᠶᠢᠳᠠᠭ᠃ | ︵ᠬᠤᠶᠠᠷ︶ ᠭᠠᠵᠠᠷ ᠰᠢᠨᠵᠢᠯᠡᠭᠡᠨ ᠤ ᠭᠠᠮᠰᠢᠭ ᠢ ᠲᠥᠰᠦᠭᠡᠯᠡᠬᠦ | 1᠂ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ ᠪᠠ ᠭᠠᠵᠠᠷ | ᠰᠢᠨᠵᠢᠯᠡᠭᠡᠨ ᠤ ᠪᠦᠷᠢᠯᠳᠦᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠴᠠᠭ ᠠᠭᠤᠷ ᠤᠨ ᠰᠠᠯᠠᠭ᠎ᠠ ᠮᠥᠴᠢᠷ ᠤᠨ | ᠲᠤᠨᠳᠠᠰᠤ ᠪᠠᠭᠤᠬᠤ ᠬᠠᠨᠳᠤᠰᠢ ᠲᠠᠢ ᠤᠶᠠᠯᠳᠤᠭᠤᠯᠤᠨ ᠤᠷᠢᠳᠴᠢᠯᠠᠨ ᠲᠥᠰᠦᠪᠯᠡᠨ᠎ᠡ᠃ 2021 ᠣᠨ ᠤ ᠬᠡᠰᠡᠭ | ᠭᠠᠵᠠᠷ ᠣᠷᠣᠨ ᠤ ᠦᠶᠡᠷ ᠤᠨ ᠬᠤᠭᠤᠴᠠᠭᠠᠨ ᠳᠤ ᠬᠤᠷ᠎ᠠ ᠲᠣᠨᠣᠳᠠᠰᠤ ᠲᠥᠪᠯᠡᠷᠡᠭᠰᠡᠨ ᠬᠤᠭᠤᠴᠠᠭ᠎ᠠ ᠪᠠ ᠰᠢᠷᠦᠭᠦᠨ | ᠪᠣᠷᠣᠭᠠᠨ ᠣᠷᠣᠨ᠎ᠠ᠂ ᠡᠯ᠎ᠡ ᠪᠠᠯᠭᠠᠰᠤ᠂ ᠲᠣᠰᠬᠤᠨ ᠲᠤᠬᠠᠶ ᠶᠢᠨ ᠭᠠᠵᠠᠷ ᠤᠨ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢ ᠨᠢᠭᠲᠠ ᠠᠩᠬᠠᠷᠴᠤ᠂ ᠭᠠᠵᠠᠷ ᠤᠨ ᠭᠠᠮᠰᠢᠭ ᠢ ᠬᠢᠨᠠᠨ ᠬᠡᠮᠵᠢᠬᠦ ᠪᠠ ᠰᠡᠷᠭᠡᠶᠢᠯᠡᠬᠦ ᠪᠠᠨ ᠴᠢᠩᠭᠠᠳᠬᠠᠬᠤ | ᠬᠡᠷᠡᠭᠲᠡᠶ᠃ | 2᠂ ᠭᠠᠵᠠᠷ ᠰᠢᠨᠵᠢᠯᠡᠭᠡᠨ ᠤ ᠭᠠᠮᠰᠢᠭ ᠭᠤᠤᠯ ᠡᠭᠦᠰᠬᠦ ᠬᠡᠰᠡᠭ᠂ ᠵᠢᠯ ᠤᠨ ᠲᠤᠨᠤᠳᠠᠰᠤᠨ ᠤ ᠬᠡᠮᠵᠢᠶ᠎ᠡ ᠬᠠᠮᠤᠭ | ᠠᠷᠪᠢᠨ ᠳᠤ ᠪᠠᠨ 5—9 ᠳ᠋ᠤᠭᠡᠷ ᠰᠠᠷ᠎ᠠ ᠳᠤ ᠲᠥᠪᠯᠡᠷᠡᠪᠡ᠃ ᠪᠣᠷᠣᠭᠠᠨ ᠵᠣᠬᠢᠬᠤ ᠬᠡᠮᠵᠢᠶᠡᠨ ᠳᠤ ᠬᠥᠷᠬᠦ | ᠦᠶ᠎ᠡ ᠳᠤ ᠠᠮᠠᠷᠬᠠᠨ ᠥᠭᠢᠷᠡᠰᠢᠯ ᠤᠨ ᠦᠯᠡᠳᠡᠭᠳᠡᠯ ᠪᠡᠯ ᠤᠨ ᠲᠤᠨᠤᠮᠠᠯ ᠰᠢᠷᠣᠶ᠂ ᠠᠭᠤᠷᠬᠠᠶ ᠶᠢᠨ ᠣᠷᠣᠨ ᠤ ᠰᠢᠪᠠᠷ | ᠴᠢᠯᠠᠭᠤᠨ ᠤ ᠤᠷᠤᠰᠬᠠᠯ᠂ ᠶᠡᠭᠦᠷᠡᠯ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠰᠢᠨᠵᠢᠯᠡᠭᠡᠨ ᠤ ᠭᠠᠮᠰᠢᠭ ᠢ | ᠡᠭᠦᠰᠭᠡᠨ᠎ᠡ᠃ ᠨᠢᠭᠡᠨᠲᠡ ᠣᠯᠵᠤ ᠮᠡᠳᠡᠭᠰᠡᠨ ᠭᠠᠵᠠᠷ ᠤᠨ ᠭᠠᠮᠰᠢᠭ ᠤᠨ ᠳᠠᠯᠳᠠ ᠭᠡᠮ ᠤᠨ ᠴᠢᠭ ᠢ ᠦᠷᠭᠦᠯᠵᠢᠯᠡᠨ | ᠪᠣᠷᠣᠭᠠᠨ ᠣᠷᠣᠭᠤᠯᠬᠤ ᠦᠶ᠎ᠡ ᠳᠤ ᠬᠢᠨᠠᠨ ᠬᠡᠮᠵᠢᠬᠦ ᠪᠠᠨ ᠴᠢᠩᠭᠠᠳᠬᠠᠵᠤ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ | ᠳᠠᠷᠦ᠋ᠢᠬᠠᠨ ᠬᠥᠮᠦᠨ ᠵᠣᠬᠢᠶᠠᠨ ᠪᠠᠶᠢᠭᠤᠯᠤᠨ ᠵᠠᠶᠢᠯᠠᠭᠤᠯᠬᠤ ᠬᠡᠷᠡᠭᠲᠡᠶ᠃ | 3᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ᠂ ᠵᠠᠮ ᠬᠠᠷᠢᠯᠴᠠᠭ᠎ᠠ᠂ | ᠤᠰᠤᠨ ᠠᠰᠢᠭᠯᠠᠯᠲᠠ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠵᠣᠷᠢᠭᠤᠳᠠ ᠪᠠᠷᠢᠯᠭ᠎ᠠ ᠶᠢᠨ ᠠᠵᠢᠯᠯᠠᠭ᠎ᠠ | ᠪᠣᠯ ᠭᠠᠵᠠᠷ ᠰᠢᠨᠵᠢᠯᠡᠭᠡᠨ ᠤ ᠭᠠᠢ ᠭᠠᠮᠰᠢᠭ ᠢ ᠡᠭᠦᠰᠭᠡᠬᠦ ᠴᠢᠬᠤᠯᠠ ᠬᠦᠴᠦᠨ ᠵᠦᠢᠯ ᠮᠥᠨ᠃ ᠬᠤᠲᠠ ᠪᠠᠯᠭᠠᠰᠤᠨ ᠤ | ᠲᠥᠯᠥᠪᠵᠢᠭᠦᠯᠭᠡ ᠶᠢᠨ ᠲᠣᠭᠤᠷᠢᠭ ᠤᠨ ᠨᠠᠯᠠᠤ ᠬᠡᠷᠴᠢᠬᠦ ᠬᠡᠰᠡᠭ᠂ ᠠᠭᠤᠷᠬᠠᠶ᠂ ᠴᠢᠯᠠᠭᠤ ᠭᠠᠷᠭᠠᠬᠤ ᠲᠠᠯᠠᠪᠠᠶ᠂ | ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠵᠠᠰᠠᠮᠠᠯ ᠵᠠᠮ ᠤᠨ ᠬᠠᠵᠠᠭᠤ ᠬᠥᠲᠥᠯ᠂ ᠤᠰᠤᠨ ᠴᠥᠭᠦᠷᠥᠮ | ︵ᠴᠠᠬᠢᠯᠭᠠᠨ ᠥᠷᠲᠡᠭᠡ︶ ᠤᠨ ᠬᠠᠰᠢᠯᠭ᠎ᠠ ᠶᠢᠨ ᠮᠥᠷᠥ᠂ ᠦᠶᠡᠷ ᠪᠢᠯᠬᠠᠬᠤ ᠵᠠᠮ ᠵᠢᠴᠢ ᠤᠰᠤ ᠲᠠᠲᠠᠬᠤ ︵ | ᠤᠰᠤᠯᠠᠬᠤ︶ ᠰᠤᠪᠠᠭ ᠵᠡᠷᠭᠡ ᠨᠢ ᠨᠤᠷᠠᠵᠤ ᠶᠡᠭᠦᠷᠡᠬᠦ ᠪᠠᠶᠢᠳᠠᠯ ᠭᠠᠷᠴᠤ ᠮᠡᠳᠡᠬᠦ ᠭᠤᠣᠯ ᠬᠡᠰᠡᠭ ᠪᠣᠯᠬᠤᠷ ᠬᠢᠨᠠᠨ | ᠬᠡᠮᠵᠢᠵᠦ ᠰᠡᠷᠡᠮᠵᠢᠯᠡᠬᠦ ᠪᠠᠨ ᠴᠢᠩᠭ᠎ᠠ ᠠᠳᠬᠠᠵᠤ᠂ ᠢᠯᠠᠩᠭᠤᠶ᠎ᠠ ᠠᠭᠤᠯᠠᠷᠬᠠᠭ ᠣᠷᠣᠨ ᠤ ᠠᠭᠤᠯᠠ ᠶᠢ ᠬᠠᠪᠢᠳᠠᠵᠤ | ᠪᠠᠯ ᠬᠡᠷᠴᠢᠵᠦ ᠭᠡᠷ ᠪᠠᠷᠢᠬᠤ ᠭᠠᠵᠠᠷ ᠤᠨ ᠶᠡᠭᠦᠷᠡᠬᠦ ᠠᠶᠤᠯ ᠢ ᠠᠩᠬᠠᠷᠤᠨ ᠰᠡᠷᠭᠡᠶᠢᠯᠡᠵᠦ᠂ ᠠᠭᠤᠯᠠ ᠶᠢ ᠬᠠᠪᠢᠳᠠᠵᠤ | ᠥᠨᠳᠥᠷ ᠨᠠᠯᠠᠤ ᠬᠡᠷᠴᠢᠵᠦ ᠭᠡᠷ ᠪᠠᠷᠢᠬᠤ ᠶᠠᠪᠤᠳᠠᠯ ᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠶ᠂ ᠰᠢᠨ᠎ᠡ ᠳᠠᠯᠳᠠ ᠭᠡᠮ | ᠭᠠᠷᠬᠤ ᠶᠢ ᠰᠡᠷᠭᠡᠶᠢᠯᠡᠬᠦ ᠬᠡᠷᠡᠭᠲᠡᠶ᠃ | ᠳᠥᠷᠪᠡ᠂ ᠭᠠᠵᠠᠷ ᠤᠨ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠴᠠᠭ ᠬᠤᠭᠤᠴᠠᠭ᠎ᠠ | 5 ᠰᠠᠷ᠎ᠠ ᠶᠢᠨ 1 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ ᠮᠠᠨ ᠤ ᠬᠤᠰᠢᠭᠤᠨ ᠤ ᠭᠠᠵᠠᠷ | ᠰᠢᠨᠵᠢᠯᠡᠭᠡᠨ ᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠨ᠎ᠡ᠃ ᠡᠯ᠎ᠡ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠶᠢ ᠣᠨ ᠤ | ᠭᠤᠤᠯᠳᠠᠯᠭ᠎ᠠ ᠲᠠᠢ ᠠᠵᠢᠯ ᠪᠣᠯᠭᠠᠵᠤ᠂ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠦᠷᠢᠮ ᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠪᠠ ᠭᠤᠤᠯᠳᠠᠯᠭ᠎ᠠ ᠲᠠᠢ ᠴᠠᠭ ᠬᠤᠭᠤᠴᠠᠭᠠᠨ ᠤ ᠭᠠᠵᠠᠷ | ᠰᠢᠨᠵᠢᠯᠡᠭᠡᠨ ᠤ ᠭᠠᠮᠰᠢᠭ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ | ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠬᠥᠮᠦᠨ ᠬᠠᠷ᠎ᠠ ᠶᠢᠨ ᠦᠬᠦᠯ ᠰᠢᠷᠬᠠᠲᠤᠯ ᠪᠠ ᠠᠵᠤ ᠠᠬᠤᠶ ᠶᠢᠨ | ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ | ᠲᠠᠪᠤ᠂ ᠴᠢᠬᠤᠯᠠ ᠰᠡᠷᠭᠡᠶᠢᠯᠡᠨ ᠵᠠᠰᠠᠬᠤ ᠣᠷᠣᠨ ᠪᠦᠰᠡ | ︵ᠨᠢᠭᠡ︶ ᠭᠠᠵᠠᠷ ᠰᠢᠨᠵᠢᠯᠡᠭᠡᠨ ᠤ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠬᠡᠰᠡᠭ | 1᠂ ᠤᠯᠠᠭᠠᠨᠮᠥ᠋ᠷᠡᠨ ᠪᠠᠯᠭᠠᠰᠤ ᠶᠢᠨ ᠬᠢᠯᠢ ᠳᠣᠲᠣᠷᠠᠬᠢ ᠪᠣᠶ ᠪᠥᠬᠦᠶ ᠠᠭᠤᠷᠬᠠᠶ ᠮᠠᠯᠲᠠᠬᠤ ᠣᠷᠣᠨ ᠳᠤ᠂ | ᠨᠡᠭᠦᠷᠡᠰᠦ ᠮᠠᠯᠲᠠᠬᠤ ᠪᠠ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠤᠰᠤ ᠲᠤᠨᠤᠭᠰᠠᠨ ᠠᠴᠠ ᠡᠷᠬᠢᠨ | ᠲᠣᠭᠤᠷᠢᠨ ᠤ ᠭᠠᠵᠠᠷ ᠤᠨ ᠭᠠᠳᠠᠷᠭᠤ ᠴᠥᠮᠥᠷᠡᠬᠦ ᠪᠠ ᠰᠠᠭᠤᠭᠳᠠᠬᠤ ᠪᠣᠯᠤᠯᠴᠠᠭ᠎ᠠ ᠲᠠᠢ᠂ ᠤᠯᠠᠭᠠᠨᠮᠥ᠋ᠷᠡᠨ ᠭᠤᠤᠯ ᠤᠨ | ᠰᠠᠪᠠ ᠭᠠᠵᠠᠷ᠂ ᠪᠤᠬ᠎ᠠ ᠶᠢᠨ ᠭᠤᠤᠯ ᠤᠨ ᠰᠠᠪᠠ ᠭᠠᠵᠠᠷ ᠲᠤ ᠰᠢᠷᠦᠭᠦᠨ ᠪᠣᠷᠣᠭᠠᠨ ᠣᠷᠣᠪᠠᠯ ᠪᠡᠯ ᠶᠡᠭᠦᠷᠡᠬᠦ᠂ ᠰᠢᠪᠠᠷ | ᠴᠢᠯᠠᠭᠤᠨ ᠤ ᠤᠷᠤᠰᠬᠠᠯ ᠡᠭᠦᠰᠴᠦ᠂ ᠰᠠᠪᠠ ᠭᠠᠵᠠᠷ ᠤᠨ ᠳᠣᠲᠣᠷᠠᠬᠢ ᠨᠡᠭᠦᠷᠡᠰᠦᠨ ᠠᠭᠤᠷᠬᠠᠶ ᠵᠢᠴᠢ ᠬᠡᠰᠡᠭ ᠬᠠᠶᠢᠷ | ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠶᠢᠨ ᠠᠮᠤᠷ ᠲᠦᠪᠰᠢᠨ ᠢ ᠰᠦᠷᠳᠡᠭᠦᠯᠵᠦ ᠮᠡᠳᠡᠨ᠎ᠡ᠃ | 2᠂ ᠨᠠᠷᠢᠨᠳᠤᠬᠤᠢ ᠪᠠᠯᠭᠠᠰᠤ ᠶᠢᠨ ᠬᠢᠯᠢ ᠳᠣᠲᠣᠷᠠᠬᠢ ᠵᠢᠷᠦᠬᠡ ᠶᠢᠨ ᠭᠤᠤᠯ᠂ ᠨᠠᠷᠢᠨ ᠭᠤᠤ ᠳᠤ ᠰᠢᠷᠦᠭᠦᠨ | ᠪᠣᠷᠣᠭᠠᠨ ᠣᠷᠣᠪᠠᠯ ᠪᠡᠯ ᠶᠡᠭᠦᠷᠡᠵᠦ᠂ ᠰᠢᠪᠠᠷ ᠴᠢᠯᠠᠭᠤᠨ ᠤᠷᠤᠰᠬᠠᠯ ᠭᠠᠷᠴᠤ᠂ ᠣᠶᠢᠷ᠎ᠠ ᠬᠠᠪᠢ ᠶᠢᠨ ᠨᠡᠭᠦᠷᠡᠰᠦᠨ | ᠠᠭᠤᠷᠬᠠᠶ ᠶᠢᠨ ᠠᠮᠤᠷ ᠲᠦᠪᠰᠢᠨ ᠳᠤ ᠬᠥᠨᠥᠭᠡᠯ ᠤᠴᠠᠷᠠᠭᠤᠯᠵᠤ ᠮᠡᠳᠡᠨ᠎ᠡ᠃ | 3᠂ ᠮᠠᠨ ᠤ ᠬᠤᠰᠢᠭᠤᠨ ᠤ ᠵᠠᠳᠠᠭᠠᠶ ᠨᠡᠭᠦᠷᠡᠰᠦᠨ ᠠᠭᠤᠷᠬᠠᠶ ᠨᠡᠯᠢᠶᠡᠳ ᠣᠯᠠᠨ᠂ ᠬᠦᠷᠢᠶ᠎ᠡ ᠬᠡᠪᠴᠢᠶ᠎ᠡ ᠥᠷᠭᠡᠨ | ᠪᠠᠶᠢᠵᠤ᠂ ᠨᠡᠭᠦᠷᠡᠰᠦᠨ ᠠᠭᠤᠷᠬᠠᠶ ᠶᠢᠨ ᠰᠢᠷᠣᠶ ᠭᠠᠷᠭᠠᠬᠤ ᠲᠠᠯᠠᠪᠤᠷ᠂ ᠨᠡᠭᠦᠷᠡᠰᠦᠨ ᠴᠢᠯᠠᠭᠤᠨ ᠠᠭᠤᠯᠠ | ᠲᠣᠭᠲᠠᠭᠤᠨ ᠢᠶᠠᠨ ᠠᠯᠳᠠᠪᠠᠯ ᠰᠢᠷᠣᠶ ᠴᠢᠯᠠᠭᠤ ᠶᠡᠭᠦᠷᠡᠬᠦ ᠪᠠ ᠴᠥᠮᠥᠷᠡᠬᠦ ᠠᠶᠤᠯ ᠭᠠᠷᠴᠤ᠂ ᠪᠠᠷᠢᠯᠭ᠎ᠠ ᠶᠢᠨ ᠬᠦᠨᠳᠦ | ᠶᠡᠭᠡ ᠠᠳᠡᠯ ᠭᠠᠷᠴᠤ ᠮᠡᠳᠡᠨ᠎ᠡ᠃ | ︵ᠬᠤᠶᠠᠷ︶ ᠭᠠᠵᠠᠷ ᠰᠢᠨᠵᠢᠯᠡᠭᠡᠨ ᠤ ᠭᠠᠶ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ | ᠠᠭᠤᠷᠬᠠᠶ ᠶᠢᠨ ᠲᠣᠭᠤᠷᠢᠭ | 1᠂ ᠭᠠᠵᠠᠷ ᠤᠨ ᠭᠠᠳᠠᠷᠭᠤ ᠴᠥᠮᠥᠷᠡᠬᠦ ︵ᠳᠠᠭᠠᠯᠳᠤᠨ ᠡᠭᠦᠰᠦᠭᠰᠡᠨ ᠭᠠᠵᠠᠷ ᠤᠨ ᠠᠩ︶᠃ ᠠᠭᠤᠷᠬᠠᠶ ᠶᠢᠨ | ᠤᠷᠤᠨ ᠤ ᠭᠠᠵᠠᠷ ᠤᠨ ᠭᠠᠳᠠᠷᠭᠤ ᠨᠤᠷᠠᠬᠤ ᠪᠤᠯ ︵ᠳᠠᠭᠠᠯᠳᠤᠨ ᠡᠭᠦᠰᠦᠭᠰᠡᠨ ᠭᠠᠵᠠᠷ ᠤᠨ ᠠᠩ ᠴᠠᠪᠠ︶ ᠬᠤᠳᠳᠤᠭ | ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠲᠠᠷᠬᠠᠵᠤ᠂ ᠥᠷᠭᠡᠨ ᠤ ᠬᠡᠮᠵᠢᠶ᠎ᠡ ᠨᠢ ᠶᠡᠷᠦ ᠳᠡᠭᠡᠨ 0 . 01—1 . | 5 m᠂ ᠭᠦᠨ ᠤ ᠬᠡᠮᠵᠢᠶ᠎ᠡ ᠨᠢ 0 . 1—1 . 5 m ᠪᠠᠶᠢᠵᠤ᠂ ᠲᠡᠭᠰᠢ ᠭᠠᠵᠠᠷ ᠣᠷᠣᠨ ᠤ ᠠᠩ ᠴᠠᠪᠠ ᠨᠢ | ᠨᠡᠯᠢᠶᠡᠳ ᠢᠪᠴᠤᠤ᠂ ᠣᠯᠠᠩᠬᠢ ᠨᠢ 0 . 010 . 1 m ᠪᠠᠶᠢᠳᠠᠭ᠃ 29 ᠠᠭᠤᠷᠬᠠᠢ ᠶᠢ ᠭᠤᠣᠯᠳᠠᠯᠭ᠎ᠠ ᠲᠠᠢ | ᠰᠡᠷᠭᠡᠶᠢᠯᠡᠨ ᠵᠠᠰᠠᠨ᠎ᠠ᠂ ᠲᠣᠰ ᠲᠣᠰ ᠡᠵᠡᠨ ᠬᠤᠷᠤᠭ᠎ᠠ ᠬᠤᠰᠢᠭᠤᠨ ᠤ ᠵᠥᠩ ᠬᠤᠸᠠ ᠨᠡᠭᠦᠷᠡᠰᠦᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠶᠠᠩ ᠵᠢᠶᠠ ᠯᠢᠶᠠᠩ ᠨᠡᠭᠦᠷᠡᠰᠦᠨ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠠᠩ ᠵᠢᠶᠠ ᠯᠢᠶᠠᠩ ᠨᠡᠭᠦᠷᠡᠰᠦᠨ ᠠᠭᠤᠷᠬᠠᠶ᠂ ᠳᠤᠮᠳᠠᠳᠤ ᠤᠯᠤᠰ ᠤᠨ | ᠱᠧᠨ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠷᠤ ᠲᠡᠭᠡᠭ ᠨᠡᠭᠦᠷᠡᠰᠦᠨ | ᠠᠭᠤᠷᠬᠠᠶ᠂ ᠡᠵᠡᠨ ᠬᠤᠷᠤᠭ᠎ᠠ ᠬᠤᠰᠢᠭᠤᠨ ᠤ ᠢᠦᠶ ᠼᠠᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠨᠡᠭᠦᠷᠡᠰᠦᠨ ᠠᠭᠤᠷᠬᠠᠶ᠂ ᠡᠵᠡᠨ ᠬᠤᠷᠤᠭ᠎ᠠ ᠬᠤᠰᠢᠭᠤᠨ ᠤ ᠲᠤᠬᠤᠢ ᠶᠢᠨ ᠵᠤᠤ ᠶᠢᠨ ᠳ᠋ᠢᠩ ᠵᠢᠶᠠ | ᠯᠢᠶᠠᠩ ᠨᠡᠭᠦᠷᠡᠰᠦᠨ ᠠᠭᠤᠷᠬᠠᠶ᠂ ᠡᠵᠡᠨ ᠬᠤᠷᠤᠭ᠎ᠠ ᠬᠤᠰᠢᠭᠤᠨ ᠤ ᠬᠤᠤ ᠳ᠋ᠠ ᠨᠡᠭᠦᠷᠡᠰᠦᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠥᠪᠥᠷ ᠮᠤᠩᠭᠤᠯ ᠤᠨ ᠮᠧᠩ ᠲᠠᠢ ᠨᠡᠭᠦᠷᠡᠰᠦ ᠴᠠᠬᠢᠯᠭᠠᠨ ᠤ | ᠪᠦᠯᠦᠭᠯᠡᠯᠲᠦ ᠬᠢᠵᠠᠭᠠᠷᠲᠤ ᠺᠣᠮᠫᠠᠨᠢ ᠶᠢᠨ ᠮᠠᠶᠢᠯ ᠤᠨ ᠰᠢᠯᠢ ᠨᠡᠭᠦᠷᠡᠰᠦᠨ ᠠᠭᠤᠷᠬᠠᠢ᠂ ᠥᠪᠥᠷ ᠮᠣᠩᠭᠤᠯ ᠤᠨ ᠢ ᠲᠠᠢ | ᠨᠡᠭᠦᠷᠡᠰᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶ ᠵᠢᠶᠠ ᠯᠢᠶᠠᠩ ᠨᠡᠭᠦᠷᠡᠰᠦᠨ ᠠᠭᠤᠷᠬᠠᠶ᠂ | ᠶᠠᠨ ᠵᠸᠤ ᠨᠡᠭᠦᠷᠡᠰᠦᠨ ᠤ ᠦᠢᠯᠡᠰ ᠤᠨ ᠣᠷᠳᠣᠰ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ ᠶᠢᠨ ᠠᠨ ᠶᠤᠸᠠᠨ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠯᠢᠶᠤᠤ ᠶᠤᠸᠠᠨ ᠨᠡᠭᠦᠷᠡᠰᠦᠨ ᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠶ᠂ ᠡᠵᠡᠨ ᠬᠤᠷᠤᠭ᠎ᠠ | ᠬᠤᠰᠢᠭᠤᠨ ᠤ ᠨᠠᠷᠢᠨᠳᠤᠬᠤᠢ ᠶᠢᠨ ᠨᠠᠷᠢᠨ ᠭᠤᠤ ᠨᠠᠭᠦᠷᠡᠰᠤᠨ ᠠᠭᠤᠷᠬᠠᠢ᠂ ᠣᠷᠳᠣᠰ ᠬᠤᠲᠠ ᠶᠢᠨ ᠬᠤᠤ ᠬᠤᠸᠠ | ᠵᠢᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠲᠦᠩ ᠵᠢᠶᠠᠩ ᠴᠤᠸᠠᠨ ᠠᠭᠤᠷᠬᠠᠶ ᠶᠢᠨ | ᠣᠷᠣᠨ ᠤ ᠭᠤᠤ ᠵᠢᠶᠠ ᠯᠢᠶᠠᠩ ᠨᠢᠭᠡᠳᠦᠭᠡᠷ ᠠᠭᠤᠷᠬᠠᠶ᠂ ᠰᠢᠨ ᠨᠧᠩ ᠠᠭᠤᠷᠬᠠᠢ ᠶᠢᠨ ᠦᠢᠯᠡᠰ ᠤᠨ ᠬᠢᠵᠠᠭᠠᠷᠲᠤ | ᠺᠣᠮᠫᠠᠨᠢ ᠶᠢᠨ ᠸᠠᠩ ᠵᠢᠶᠠ ᠲᠠ ᠠᠭᠤᠷᠬᠠᠢ ᠶᠢᠨ ᠬᠤᠳᠳᠤᠭ᠂ ᠥᠪᠥᠷ ᠮᠣᠩᠭᠤᠯ ᠤᠨ ᠰᠢᠨ ᠲᠠᠢ ᠨᠡᠭᠦᠷᠡᠰᠦ ᠮᠠᠯᠲᠠᠬᠤ | ᠬᠢᠵᠠᠭᠠᠷᠲᠤ ᠺᠣᠮᠫᠠᠨᠢ ᠶᠢᠨ ᠸᠧᠨ ᠢᠦᠶ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠶᠢᠤ ᠹᠠᠩ ᠴᠢᠦᠶ | ᠠᠭᠤᠷᠬᠠᠶ ᠶᠢᠨ ᠦᠶ᠋ᠯᠡᠰ ᠤᠨ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠰᠢᠨ ᠮᠢᠶᠣᠣ ᠱᠢ ᠴᠠᠩ ᠸᠠᠨ | ᠨᠡᠭᠦᠷᠡᠰᠦᠨ ᠠᠭᠤᠷᠬᠠᠶ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠱᠤᠨ ᠬᠤᠸᠠ ᠡᠨᠧᠷᠭᠢ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠹᠸᠡᠭ ᠼᠦᠨ ᠼᠤᠤ ᠲᠠ ᠨᠡᠭᠦᠷᠡᠰᠦᠨ ᠠᠭᠤᠷᠬᠠᠶ᠂ ᠳᠤᠮᠳᠠᠳᠤ | ᠤᠯᠤᠰ ᠤᠨ ᠱᠧᠨ ᠬᠤᠸᠠ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠦᠯᠢᠶᠡᠨ ᠲᠤᠬᠤᠢ | ᠨᠡᠭᠦᠷᠡᠰᠦᠨ ᠠᠭᠤᠷᠬᠠᠶ᠂ ᠥᠪᠥᠷ ᠮᠤᠩᠭᠤᠯ ᠤᠨ ᠮᠧᠩ ᠹᠠ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠬᠦᠬᠡᠨ᠋ᠤᠰᠤ ᠨᠡᠭᠦᠷᠡᠰᠦᠨ ᠠᠭᠤᠷᠬᠠᠢ᠂ ᠥᠪᠥᠷ ᠮᠣᠩᠭᠤᠯ ᠤᠨ ᠯᠢ ᠵᠢᠶᠠ ᠲᠠ ᠨᠡᠭᠦᠷᠡᠰᠦᠨ ᠠᠭᠤᠷᠬᠠᠶ᠂ | ᠥᠪᠥᠷ ᠮᠣᠩᠭᠤᠯ ᠤᠨ ᠬᠤᠢ ᠨᠧᠩ ᠪᠦᠯᠦᠭᠯᠡᠯ ᠤᠨ ᠡᠷᠢᠶᠡᠨᠲᠤ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠥᠯᠥᠩᠲᠦ | ᠠᠭᠤᠷᠬᠠᠶ ᠶᠢᠨ ᠬᠤᠳᠳᠤᠭ᠂ ᠥᠪᠥᠷ ᠮᠣᠩᠭᠤᠯ ᠤᠨ ᠢ ᠲᠠᠢ ᠲᠦᠩ ᠳ᠋ᠡ ᠨᠡᠭᠦᠷᠡᠰᠦᠨ ᠤ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠳ᠋ᠢᠩ ᠵᠢᠶᠠ ᠴᠢᠦᠶ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠢ ᠲᠠᠢ | ᠨᠡᠭᠦᠷᠡᠰᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠹᠦ᠋ ᠬᠤᠸᠠ ᠨᠡᠭᠦᠷᠡᠰᠦᠨ ᠠᠭᠤᠷᠬᠠᠶ᠂ ᠥᠪᠥᠷ | ᠮᠣᠩᠭᠤᠯ ᠤᠨ ᠢ ᠲᠠᠢ ᠪᠦᠦ ᠱᠠᠨ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠦᠦ ᠱᠠᠨ | ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳ᠋ᠠ ᠳ᠋ᠢ | ᠨᠠᠷᠢᠯᠢᠭ ᠨᠡᠭᠦᠷᠡᠰᠦᠨ ᠠᠭᠤᠷᠬᠠᠶ᠂ ᠥᠪᠥᠷ ᠮᠣᠩᠭᠤᠯ ᠤᠨ ᠣᠷᠳᠣᠰ ᠤᠨ ᠶᠦᠩ ᠮᠸᠢ ᠠᠭᠤᠷᠬᠠᠶ ᠶᠢᠨ ᠦᠢᠯᠡᠰ ᠤᠨ | ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠮᠠ ᠲᠠᠢ ᠬᠤᠤ ᠨᠡᠭᠦᠷᠡᠰᠦᠨ ᠠᠭᠤᠷᠬᠠᠶ᠂ ᠶᠠᠨ ᠵᠸᠤ | ᠨᠡᠭᠦᠷᠡᠰᠦᠨ ᠤ ᠦᠢᠯᠡᠰ ᠤᠨ ᠣᠷᠳᠣᠰ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠵᠤᠸᠠᠨ ᠯᠦᠩ ᠸᠠᠨ ᠨᠡᠭᠦᠷᠡᠰᠦᠨ ᠠᠭᠤᠷᠬᠠᠶ᠃ | 2᠂ ᠨᠤᠷᠠᠵᠤ ᠶᠡᠭᠦᠷᠡᠬᠦ ᠳᠠᠯᠳᠠ ᠭᠡᠮ᠃ ᠡᠵᠡᠨ ᠬᠤᠷᠤᠭ᠎ᠠ ᠬᠤᠰᠢᠭᠤᠨ ᠤ ᠠᠭᠤᠷᠬᠠᠶ ᠶᠢᠨ ᠨᠤᠷᠠᠵᠤ ᠶᠡᠭᠦᠷᠡᠬᠦ | ᠳᠠᠯᠳᠠ ᠬᠡᠮ ᠭᠠᠵᠠᠷ ᠨᠡᠶᠢᠲᠡ 1 ᠪᠠᠶᠢᠵᠤ᠂ ᠵᠢᠵᠢᠭ ᠬᠡᠯᠪᠡᠷᠢ ᠶᠢᠨ ᠨᠤᠷᠠᠯᠲᠠ ᠪᠠᠶᠢᠵᠤ᠂ ᠦᠢᠯᠡᠳᠪᠦᠷᠢᠯᠡᠵᠦ ᠪᠠᠶᠢᠭ᠎ᠠ | ᠨᠡᠭᠦᠷᠡᠰᠦᠨ ᠠᠭᠤᠷᠬᠠᠶ ᠶᠢᠨ ᠵᠠᠳᠠᠭᠠᠶ ᠮᠠᠯᠲᠠᠬᠤ ᠲᠠᠯᠠᠪᠠᠶ ᠶᠢᠨ ᠬᠠᠵᠠᠭᠤ ᠬᠥᠲᠥᠯ ᠳᠡᠭᠡᠷ᠎ᠡ ᠪᠠᠶᠢᠷᠢᠯᠠᠵᠤ ᠪᠠᠶᠢᠨ᠎ᠠ᠃ | ᠳᠠᠯᠳᠠ ᠭᠡᠮ ᠤᠨ ᠴᠢᠭ ᠨᠢ ᠥᠪᠥᠷ ᠮᠣᠩᠭᠤᠯ ᠤᠨ ᠲᠦᠩ ᠹᠦ᠋ ᠨᠡᠭᠦᠷᠡᠰᠦᠨ ᠤ ᠬᠢᠵᠠᠭᠠᠷᠲᠤ ᠺᠣᠮᠫᠠᠨᠢ ᠶᠢᠨ ᠨᠡᠭᠦᠷᠡᠰᠦᠨ | ᠠᠭᠤᠷᠬᠠᠶ ᠶᠢᠨ ᠵᠠᠳᠠᠭᠠᠶ ᠮᠠᠯᠲᠠᠬᠤ ᠲᠠᠯᠠᠪᠠᠶ ᠶᠢᠨ ᠵᠡᠭᠦᠨ ᠡᠮᠦᠨ᠎ᠡ ᠥᠨᠴᠥᠭ ᠤᠨ ᠵᠠᠮ ᠤᠨ ᠵᠡᠭᠦᠨ ᠲᠠᠯ᠎ᠠ ᠳᠤ ᠪᠠᠶᠢᠵᠤ | ᠂ ᠠᠭᠤᠷᠬᠠᠶ ᠠᠴᠠ ᠨᠡᠭᠡᠭᠡᠨ ᠮᠠᠯᠲᠠᠵᠤ ᠪᠤᠶ ᠪᠣᠯᠣᠭᠠᠳ᠂ ᠰᠢᠷᠣᠶ ᠨᠢ ᠨᠤᠷᠠᠵᠤ᠂ ᠡᠬᠡ ᠴᠢᠯᠠᠭᠤᠯᠢᠭ ᠨᠢ ᠰᠢᠪᠠᠷ | ᠴᠢᠯᠠᠭᠤᠯᠢᠭ ᠪᠣᠯᠤᠨ᠎ᠠ᠃ ᠨᠠᠯᠠᠤ ᠥᠨᠳᠥᠷ ᠨᠢ ᠪᠠᠷᠤᠭ 8—16 m᠂ ᠨᠠᠯᠠᠤᠴᠠ ᠨᠢ ᠪᠠᠷᠤᠭ 80 。᠂ ᠨᠠᠯᠠᠤ | ᠴᠢᠭᠯᠡᠯ ᠨᠢ 36 。᠂ ᠣᠷᠣᠶ ᠶᠢᠨ ᠬᠡᠰᠡᠭ ᠨᠢ 10—20 cm ᠲᠠᠷᠢᠶᠠᠯᠠᠬᠤ ᠬᠥᠷᠥᠰᠥ᠂ ᠳᠤᠮᠳᠠᠬᠢ | ᠳᠠᠪᠬᠤᠷᠭ᠎ᠠ ᠨᠢ ᠬᠡᠮᠬᠡᠷᠬᠡᠶ ᠴᠢᠯᠠᠭᠤ᠂ ᠵᠤᠵᠠᠭᠠᠨ ᠨᠢ ᠪᠠᠷᠤᠭ 2 m᠂ ᠳᠤᠤᠷᠠᠳᠤ ᠬᠡᠰᠡᠭ ᠨᠢ ᠭᠦᠢᠬᠡᠨ ᠤᠯᠠᠭᠠᠨ | ᠥᠩᠭᠡᠲᠡᠶ ᠡᠯᠡᠰᠦᠨ ᠰᠢᠪᠠᠷ ᠴᠢᠯᠠᠭᠤᠯᠢᠭ ᠪᠠᠶᠢᠵᠤ᠂ ᠬᠠᠭᠠᠷᠠᠭᠰᠠᠨ ᠪᠠᠶᠢᠳᠠᠯ ᠲᠠᠢ ᠪᠠᠶᠢᠵᠤ᠂ ᠭᠤᠤᠯᠳᠠᠭᠤ | ᠠᠭᠤᠷᠬᠠᠶ ᠶᠢᠨ ᠨᠠᠭᠠᠰᠢ ᠴᠠᠭᠠᠰᠢ ᠶᠠᠪᠤᠬᠤ ᠲᠡᠷᠭᠡ ᠬᠥᠰᠬᠡ ᠪᠠ ᠶᠠᠪᠠᠭᠠᠨ ᠬᠥᠮᠦᠨ᠂ ᠰᠢᠷᠦᠭᠦᠨ ᠪᠣᠷᠣᠭᠠᠨ ᠵᠡᠷᠭᠡ | ᠠᠵᠢᠯ ᠤᠨ ᠨᠥᠬᠦᠴᠡᠯ ᠳᠤᠤᠷ᠎ᠠ ᠲᠣᠭᠲᠠᠭᠤᠨ ᠪᠠᠶᠢᠳᠠᠯ ᠢᠶᠠᠨ ᠠᠯᠳᠠᠵᠤ ᠮᠡᠳᠡᠨ᠎ᠡ᠃ | ᠵᠢᠷᠭᠤᠭ᠎ᠠ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠦᠵᠡᠯ ᠲᠠᠨᠢᠯᠲᠠ ᠪᠠᠨ ᠳᠡᠭᠡᠭᠰᠢᠯᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠠᠬᠢᠵᠢᠭᠦᠯᠦᠨ᠎ᠡ᠃ ᠡᠯ᠎ᠡ ᠪᠠᠯᠭᠠᠰᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠠᠯᠢ ᠣᠯᠠᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯ᠎ᠡ | ᠱᠠᠲᠤᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ᠂ ᠨᠠᠶᠢᠳᠠᠪᠤᠷᠢᠵᠢᠭᠤᠯᠬᠤ ᠶᠢ ᠪᠣᠳᠠᠲᠠᠶᠢᠵᠢᠭᠤᠯᠬᠤ | ᠬᠡᠷᠡᠭᠲᠡᠶ᠃ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠬᠦᠴᠦᠲᠡᠶ ᠠᠳᠬᠤᠵᠤ᠂ ᠬᠢᠨᠠᠨ ᠬᠡᠮᠵᠢᠵᠦ | ᠰᠡᠷᠡᠮᠵᠢᠯᠡᠭᠦᠯᠬᠦ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠵᠤ | ᠂ ᠭᠠᠵᠠᠷ ᠰᠢᠨᠵᠢᠯᠡᠭᠡᠨ ᠤ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ᠂ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ | ᠭᠡᠮ ᠢ ᠢᠳᠡᠪᠬᠢᠲᠡᠶ ᠪᠠᠷ ᠰᠢᠶ᠋ᠳᠪᠦᠷᠢᠯᠡᠬᠦ ᠬᠡᠷᠡᠭᠲᠡᠶ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠲᠡᠮᠡᠴᠡᠬᠦ | ᠠᠪᠤᠷᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ | ᠵᠠᠰᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ | ᠬᠥᠮᠦᠰ ᠤᠨ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠢᠮ ᠤᠨ | ᠬᠡᠷᠡᠭᠵᠢᠭᠦᠯᠦᠯᠲᠡ ᠶᠢ ᠲᠥᠯᠬᠢᠨ ᠠᠬᠢᠭᠤᠯᠬᠤ ᠬᠡᠷᠡᠭᠲᠡᠢ᠃ ︽ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ | ᠣᠷᠣᠨ ᠳᠤᠨᠢ ᠬᠠᠮᠢᠶᠠᠷᠤᠭᠤᠯᠬᠤ︾ ᠶᠢ ᠪᠠᠷᠢᠮᠲᠠᠯᠠᠨ᠂ ︽ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ | ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ ᠣᠷᠣᠯᠴᠠᠭᠰᠠᠨ᠂ | ᠬᠠᠤᠯᠢ ᠳᠦᠷᠢᠮ ᠤᠨ ᠪᠠᠲᠤᠯᠠᠭ᠎ᠠ︾ ᠪᠦᠬᠦᠢ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ | ᠰᠢᠨ᠎ᠡ ᠪᠠᠶᠢᠳᠠᠯ ᠢ ᠪᠠᠶᠢᠭᠤᠯᠤᠨ ᠪᠦᠷᠢᠨᠰᠢᠭᠦᠯᠵᠦ᠂ ᠱᠠᠲᠤ ᠬᠤᠪᠢᠶᠠᠨ ᠬᠠᠷᠢᠭᠤᠴᠠᠬᠤ ᠵᠠᠰᠠᠭ ᠤᠨ ᠣᠷᠳᠣᠨ ᠤ | ᠬᠠᠷᠢᠭᠤᠴᠠᠯᠭ᠎ᠠ ᠶᠢᠨ ᠰᠢᠰᠲ᠋ᠧᠮᠵᠢ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ | ᠠᠵᠢᠯ ᠲᠥᠷᠥᠯ ᠬᠠᠮᠲᠤᠪᠠᠷ ᠵᠠᠰᠠᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠡᠷᠭᠡᠶᠢᠯᠡᠨ ᠵᠠᠰᠠᠬᠤ | ᠬᠠᠮᠢᠶᠠᠷᠤᠯᠲᠠ ᠶᠢᠨ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ︽ᠬᠡᠨ ᠪᠦᠲᠦᠭᠡᠨ | ᠪᠠᠶᠢᠭᠤᠯᠪᠠᠯ ᠲᠡᠷᠡ ᠬᠠᠷᠢᠭᠤᠴᠠᠬᠤ᠂ ᠬᠡᠨ ᠡᠭᠦᠰᠭᠡᠭᠰᠡᠨ ᠪᠣᠯ ᠲᠡᠷᠡ ᠵᠠᠰᠠᠬᠤ︾ ᠵᠠᠷᠴᠢᠮ ᠢ ᠴᠢᠩᠭ᠎ᠠ ᠵᠢᠷᠤᠮᠯᠠᠨ᠂ | ᠬᠤᠯᠪᠣᠭᠳᠠᠯ ᠪᠦᠬᠦᠢ ᠨᠢᠭᠡᠴᠡ ᠶᠢᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠰᠢᠨᠵᠢᠯᠡᠭᠡᠨ ᠤ ᠭᠠᠮᠰᠢᠭ ᠬᠢᠯᠪᠠᠷᠬᠠᠨ ᠡᠭᠦᠰᠬᠦ ᠣᠷᠣᠨ ᠨᠤᠭᠤᠳ ᠭᠠᠵᠠᠷ | ᠰᠢᠨᠵᠢᠯᠡᠭᠡᠨ ᠤ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠠᠵᠢᠯ ᠢ ᠬᠢᠨᠠᠮᠠᠭᠠᠶ ᠰᠠᠶᠢᠲᠤᠷ | ᠵᠣᠬᠢᠶᠠᠨ ᠪᠠᠶᠢᠭᠤᠯᠵᠤ᠂ ᠭᠠᠵᠠᠷ ᠰᠢᠨᠵᠢᠯᠡᠭᠡᠨ ᠤ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ | ᠰᠡᠷᠭᠡᠶᠢᠯᠡᠬᠦ ᠲᠣᠣᠷ ᠰᠦᠯᠵᠢᠶᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠨᠵᠢᠯᠡᠭᠡᠨ ᠤ | ᠭᠠᠮᠰᠢᠭ ᠤᠨ ᠳᠠᠯᠳᠠ ᠭᠡᠮ ᠤᠨ ᠴᠢᠭ ᠤᠨ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠪᠣᠯᠤᠨ ᠬᠢᠨᠠᠨ ᠬᠡᠮᠵᠢᠬᠦ | ᠬᠠᠷᠢᠭᠤᠴᠠᠯᠭ᠎ᠠ ᠶᠢ ᠪᠣᠳᠠᠲᠠᠶ ᠨᠢᠭᠡᠴᠡ ᠪᠣᠯᠤᠨ ᠠᠵᠢᠯᠲᠠᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠭᠠᠵᠠᠷ | ᠰᠢᠨᠵᠢᠯᠡᠭᠡᠨ ᠤ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠵᠠᠷ | ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠠᠮᠵᠢᠯᠲᠠ ᠪᠦᠲᠦᠮᠵᠢ ᠶᠢ ᠬᠢᠨᠠᠨ ᠰᠢᠯᠭᠠᠬᠤ | ᠰᠢᠰᠲ᠋ᠧᠮᠵᠢ ᠳᠤ ᠣᠷᠣᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ | ︵ᠭᠤᠷᠪᠠ︶ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠤᠳ ᠦᠶᠡᠷ ᠤᠨ ᠬᠤᠭᠤᠴᠠᠭᠠᠨ ᠤ ᠭᠠᠵᠠᠷ ᠤᠨ ᠭᠠᠮᠰᠢᠭ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ ᠠᠵᠢᠯ ᠢᠶᠠᠨ ᠴᠢᠩᠭᠠᠳᠬᠠᠵᠤ᠂ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ | ᠲᠡᠭᠡᠭᠡᠪᠦᠷᠢ᠂ ᠰᠣᠶᠣᠯ ᠪᠠ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠭᠠᠵᠠᠷ ᠰᠢᠨᠵᠢᠯᠡᠭᠡᠨ ᠤ ᠭᠠᠮᠰᠢᠭ ᠢ ᠵᠢᠭᠰᠠᠭᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ | ᠠᠵᠢᠯ ᠢ ᠥᠷᠨᠢᠭᠦᠯᠬᠦ ᠬᠡᠷᠡᠭᠲᠡᠶ᠃ ᠣᠯᠵᠤ ᠮᠡᠳᠡᠭᠰᠡᠨ ᠭᠠᠵᠠᠷ ᠰᠢᠨᠵᠢᠯᠡᠭᠡᠨ ᠤ ᠭᠠᠮᠰᠢᠭ ᠤᠨ ᠠᠶᠤᠯ ᠤᠨ ᠪᠠᠶᠢᠳᠠᠯ ᠳᠤ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠠᠪᠬᠤ | ᠬᠡᠷᠡᠭᠲᠡᠶ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠪᠣᠯᠤᠨ ᠴᠠᠭ ᠠᠭᠤᠷ ᠤᠨ ᠲᠤᠪᠴᠢᠶ᠎ᠠ | ᠨᠢᠭᠲᠠ ᠬᠠᠮᠲᠤᠷᠠᠯᠴᠠᠵᠤ᠂ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠮᠰᠢᠭ ᠢ ᠤᠷᠢᠳᠴᠢᠯᠠᠨ | ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠰᠢᠨᠵᠢᠯᠡᠭᠡᠨ ᠤ | ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ | ᠂ ᠭᠠᠵᠠᠷ ᠰᠢᠨᠵᠢᠯᠡᠭᠡᠨ ᠤ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠤᠯᠠᠮ | ᠴᠢᠨᠠᠭᠰᠢᠳᠠ ᠠᠬᠢᠭᠤᠯᠬᠤ ᠬᠡᠷᠡᠭᠲᠡᠢ᠃ | ︵ᠳᠥᠷᠪᠡ︶ ᠤᠬᠠᠭᠤᠯᠭ᠎ᠠ ᠪᠣᠯᠪᠠᠰᠤᠷᠠᠭᠤᠯᠤᠯ ᠢᠶᠠᠨ ᠴᠢᠩᠬᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ | ᠳᠠᠶᠢᠴᠢᠯᠠᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠭᠤᠯᠵᠤ᠂ ᠭᠠᠵᠠᠷ | ᠰᠢᠨᠵᠢᠯᠡᠭᠡᠨ ᠤ ᠭᠠᠮᠰᠢᠭ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠪᠠ ᠰᠣᠷᠢᠯᠲᠠ ᠶᠢ | ᠴᠢᠩᠭᠠᠳᠬᠠᠨ᠂ ᠭᠠᠵᠠᠷ ᠰᠢᠨᠵᠢᠯᠡᠭᠡᠨ ᠤ ᠭᠠᠮᠰᠢᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠭᠠᠵᠠᠷ ᠰᠢᠨᠵᠢᠯᠡᠭᠡᠨ ᠤ ᠭᠠᠮᠰᠢᠭ ᠬᠢᠯᠪᠠᠷᠬᠠᠨ ᠡᠭᠦᠰᠬᠦ ᠣᠷᠣᠨ ᠤ ᠠᠷᠠᠳ ᠣᠯᠠᠨ ᠤ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠭᠠᠵᠠᠷ ᠰᠢᠨᠵᠢᠯᠡᠭᠡᠨ ᠤ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠯᠠᠪᠳᠠᠭᠤᠨ | ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠭᠠᠵᠠᠷ ᠤᠨ | ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠰᠢᠨᠵᠢᠯᠡᠭᠡᠨ ᠤ | ᠭᠠᠮᠰᠢᠭ ᠡᠭᠦᠰᠬᠦ ᠶᠢ ᠡᠬᠢ ᠡᠭᠦᠰᠦᠯ ᠠᠴᠠ ᠨᠢ ᠬᠢᠵᠠᠭᠠᠷᠯᠠᠬᠤ ᠬᠡᠷᠡᠭᠲᠡᠶ᠃ ᠭᠠᠵᠠᠷ ᠰᠢᠨᠵᠢᠯᠡᠭᠡᠨ ᠤ ᠭᠠᠢ ᠭᠠᠮᠰᠢᠭ | ᠠᠮᠠᠷᠬᠠᠨ ᠡᠭᠦᠰᠬᠦ ᠣᠷᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠬᠤᠲᠠ᠂ ᠭᠠᠴᠠᠭ᠎ᠠ ᠪᠠᠯᠭᠠᠰᠤᠨ ᠤ | ᠲᠥᠯᠥᠪᠵᠢᠭᠦᠯᠭᠡ ᠶᠢ ᠬᠢᠬᠦ ᠳᠡᠭᠡᠨ ᠡᠷᠬᠡᠪᠰᠢ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ | ᠵᠢᠱᠢᠬᠦ ᠠᠵᠢᠯ ᠢ ᠬᠢᠨᠠᠮᠠᠭᠠᠢ ᠰᠠᠢᠲᠤᠷ ᠬᠢᠵᠦ᠂ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠤᠨ ᠭᠠᠷᠭᠠᠬᠤ ᠬᠡᠷᠡᠭᠲᠡᠢ᠃ | ︵ᠵᠢᠷᠭᠤᠭ᠎ᠠ︶ ᠠᠭᠤᠷᠬᠠᠶ ᠶᠢᠨ ᠣᠷᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠮᠠᠨ ᠤ ᠬᠤᠰᠢᠭᠤᠨ ᠤ ᠠᠭᠤᠷᠬᠠᠢ ᠶᠢᠨ ᠡᠬᠢ ᠪᠠᠶᠠᠯᠢᠭ ᠨᠡᠯᠢᠶᠡᠳ | ᠡᠯᠪᠡᠭ ᠪᠠᠶᠢᠵᠤ᠂ ᠠᠭᠤᠷᠬᠠᠢ ᠶᠢᠨ ᠦᠢᠯᠡᠰ ᠢ ᠨᠡᠭᠡᠭᠡᠨ ᠬᠥᠭᠵᠢᠭᠦᠯᠬᠦ ᠠᠵᠢᠯᠯᠠᠭ᠎ᠠ ᠨᠢ ᠭᠠᠵᠠᠷ ᠣᠷᠣᠨ ᠤ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠶᠢᠨ ᠬᠠᠮᠲᠤ ᠪᠠᠰᠠ ᠨᠤᠷᠠᠵᠤ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ᠂ | ᠭᠠᠵᠠᠷ ᠤᠨ ᠭᠠᠳᠠᠷᠭᠤ ᠴᠥᠮᠥᠷᠡᠬᠦ ᠵᠡᠷᠭᠡ ᠭᠠᠵᠠᠷ ᠰᠢᠨᠵᠢᠯᠡᠭᠡᠨ ᠤ ᠭᠠᠢ ᠭᠠᠮᠰᠢᠭ ᠢ ᠡᠭᠦᠰᠭᠡᠵᠡᠢ᠃ ᠠᠭᠤᠷᠬᠠᠶ ᠶᠢᠨ | ᠣᠷᠣᠨ ᠳᠤ ᠣᠷᠣᠰᠢᠵᠤ ᠪᠠᠶᠢᠭ᠎ᠠ ᠭᠠᠵᠠᠷ ᠰᠢᠨᠵᠢᠯᠡᠭᠡᠨ ᠤ ᠭᠠᠮᠰᠢᠭ ᠤᠨ ᠳᠠᠯᠳᠠ ᠭᠡᠮ ᠢ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠵᠡᠷᠭᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠲᠤᠰᠬᠠᠶ | ᠠᠵᠢᠯᠲᠠᠨ ᠢ ᠵᠣᠬᠢᠶᠠᠨ ᠪᠠᠶᠢᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠵᠤ᠂ ᠠᠭᠤᠷᠬᠠᠶ ᠮᠠᠯᠲᠠᠬᠤ ᠡᠷᠬᠡᠲᠦ | ᠬᠥᠮᠦᠨ ᠳᠤ ᠬᠢᠨᠠᠯᠲᠠ ᠲᠠᠯᠪᠢᠵᠤ ᠪᠠᠶᠢᠭᠠᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠰᠦᠯ | ᠲᠣᠭᠲᠠᠭᠠᠯᠭᠠᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠠᠪᠴᠤ᠂ ᠠᠭᠤᠷᠬᠠᠶ ᠶᠢᠨ ᠣᠷᠣᠨ ᠤ | ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ | | | | | | | |