| | ᠡᠵᠡᠨ ᠵᠠᠰᠠᠭ ᠠᠯᠪᠠᠨ ᠲᠠᠷᠬᠠᠭᠠᠭᠰᠠᠨ ﹇2021﹈ 21 ᠳ᠋ᠤᠭᠡᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠰᠢᠭᠤᠳ ᠬᠠᠷᠢᠶ᠎ᠠ ᠨᠢᠬᠡᠴᠢ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄ | ︽ᠡᠵᠡᠨ ᠬᠤᠷᠤᠭ᠎ᠠ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠲᠠᠯᠳᠠ ᠬᠡᠮ ᠤᠨ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ | ᠲᠥᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠰᠠᠶᠢᠲᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 7 ᠰᠠᠷ᠎ᠠ ᠶᠢᠨ 12 ᠤᠨ ᠡᠳᠦᠷ | | | ᠡᠵᠡᠨ ᠬᠤᠷᠤᠭ᠎ᠠ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ | ᠵᠢᠭᠰᠠᠭᠠᠨ ᠪᠠᠶᠢᠴᠠᠭᠠᠬᠤ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ | | ᠶᠡᠷᠦᠩᠬᠡᠶ ᠱᠦᠵᠢ ᠰᠢ ᠶᠢᠨ ᠫᠢᠩ ᠤᠨ ᠡᠩ ᠤᠨ ᠬᠤᠷᠳᠤᠴᠠᠲᠤ ᠲᠡᠮᠦᠷ ᠵᠠᠮ ᠤᠨ ᠠᠮᠤᠷ ᠲᠦᠪᠰᠢᠨ ᠤ | ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠮᠦᠷ | ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ︵ᠲᠡᠮᠦᠷ ᠵᠠᠮ︶ ᠶᠢᠨ ᠠᠮᠤᠷ | ᠲᠦᠪᠰᠢᠨ ᠤ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ | ᠲᠥᠰᠦᠯ︾ ᠪᠠ ︽ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ︵ᠲᠡᠮᠦᠷ ᠵᠠᠮ︶ ᠶᠢᠨ ᠠᠮᠤᠷ | ᠲᠦᠪᠰᠢᠨ ᠤ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾ ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ | ᠲᠥᠰᠦᠯ ᠢ ᠲᠣᠭᠲᠠᠭᠠᠪᠠ᠃ | ᠨᠢᠭᠡ᠂ ᠴᠡᠭᠴᠡᠯᠡᠨ ᠵᠠᠰᠠᠬᠤ ᠬᠠᠷᠠᠯᠲᠠ | ᠮᠠᠨ ᠤ ᠬᠤᠰᠢᠭᠤᠨ ᠤ ᠲᠡᠮᠦᠷ ᠵᠠᠮ ᠳᠠᠭᠠᠤ ᠶᠢᠨ ᠠᠳᠡᠯ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠲᠡᠮᠦᠷ ᠵᠠᠮ ᠤᠨ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ ᠭᠠᠷᠬᠤ ᠶᠢ | ᠡᠷᠡᠰ ᠰᠡᠷᠭᠡᠶᠢᠯᠡᠵᠦ᠂ ᠬᠦᠨᠳᠦ ᠣᠨᠴᠠ ᠶᠡᠭᠡ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠠᠳᠡᠯ ᠢ ᠡᠷᠡᠰ ᠬᠤᠷᠢᠭᠯᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ | ᠲᠣᠭᠲᠠᠭᠤᠨ ᠪᠠᠶᠢᠬᠤ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠪᠥᠬᠦ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠡᠮᠦᠷ ᠵᠠᠮ ᠤᠨ | ᠲᠡᠭᠡᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠬᠤᠰᠢᠭᠤ ᠲᠡᠮᠦᠷ ᠵᠠᠮ ᠳᠠᠭᠠᠤ ᠶᠢᠨ | ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠪᠦᠷᠢᠯᠳᠦᠬᠦᠨ ᠨᠢ ᠳᠤᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ | ᠶᠠᠨ ᠼᠠᠢ ᠢᠦᠶ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠮᠢᠶᠣᠣ ᠯᠸᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠰᠢᠤᠢ ᠵᠢᠶᠠᠨ ᠭᠠᠩ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠭᠡᠰᠢᠭᠦᠨ᠄ | ᠵᠣᠣ ᠬᠠᠶ ᠯᠦ ᠤᠯᠠᠭᠠᠨᠮᠦ᠋ᠷᠡᠨ ᠪᠠᠯᠭᠠᠰᠤᠨ ᠤ ᠳᠠᠷᠤᠭ᠎ᠠ | ᠸᠠᠩ ᠯᠢ ᠵᠥᠩ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ | ᠳᠤᠷᠠᠳᠤᠭᠰᠠᠨ ᠵᠢᠱᠢᠭᠳᠡᠭᠴᠢ᠂ ᠬᠤᠰᠢᠭᠤ ᠡᠨᠧᠷᠭᠢ ᠶᠢᠨ ᠲᠣᠪᠴᠢᠶᠠᠨ ᠤ ᠳᠠᠷᠤᠭ᠎ᠠ | ᠰᠤ᠋ ᠶᠦᠨ ᠹᠸᠡᠭ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠸᠠᠩ ᠷᠦᠢ ᠰᠢᠤᠸᠠᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶᠠᠨ ᠤ ᠳᠠᠷᠤᠭ᠎ᠠ | ᠱᠧ ᡁᠢ ᠫᠢᠩ ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠶᠠᠨ ᡁᠢ ᠪᠢᠨ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶᠠᠨ ᠤ ᠳᠠᠷᠤᠭ᠎ᠠ | ᠰᠢᠤᠢ ᠬᠤᠸᠠᠢ ᠵᠢᠶ ᠬᠤᠰᠢᠭᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠵᠠᠩ ᡁᠢ ᠵᠢᠶᠦ᠋ᠨ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ | ᠵᠣᠣ ᠶᠦᠩ ᠹᠸᠢ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠳᠠᠷᠤᠭ᠎ᠠ | ᠬᠤᠤ ᠯᠦᠩ ᠶᠦᠩ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠰᠦᠩ ᠯᠢ ᠫᠢᠩ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ | ᠳᠡᠳ᠋ ᠳᠠᠷᠤᠭ᠎ᠠ | ᠳ᠋ᠦ᠋ ᠬᠠᠶ ᠷᠦᠩ ᠬᠤᠰᠢᠭᠤ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ | ᠸᠠᠩ ᠯᠢ ᠫᠢᠩ ᠬᠤᠰᠢᠭᠤ ᠴᠠᠬᠢᠯᠭᠠᠨ ᠬᠠᠩᠭᠠᠬᠤ ᠲᠣᠪᠴᠢᠶᠠᠨ ᠤ ᠳᠠᠷᠤᠭ᠎ᠠ | ᠯᠢᠦ ᠶᠤᠸᠠᠨ ᠮᠢᠩ ᠬᠤᠰᠢᠭᠤ ᠵᠠᠮ ᠬᠠᠷᠢᠯᠴᠠᠭᠠᠨ ᠤ ᠶᠡᠭᠡ ᠠᠩᠭᠢ ᠶᠢᠨ ᠳᠠᠷᠤᠭ᠎ᠠ | ᠢᠦᠶ ᠴᠢᠩ ᠰᠢᠶᠠᠨ ᠠᠯᠳᠠᠨᠰᠢᠷᠡᠭᠡᠳᠦ ᠪᠠᠯᠭᠠᠰᠤᠨ ᠤ ᠳᠠᠷᠤᠭ᠎ᠠ | ᠮᠢ ᡁᠢ ᠵᠢᠶᠦ᠋ᠨ ᠡᠵᠡᠨ ᠬᠤᠷᠤᠭ᠎ᠠ ᠪᠠᠯᠭᠠᠰᠤᠨ ᠤ ᠳᠠᠷᠤᠭ᠎ᠠ | ᠠᠯᠳᠠᠨᠪᠤᠤ ᠵᠠᠰᠠᠭ ᠪᠠᠯᠭᠠᠰᠤᠨ ᠤ ᠳᠠᠷᠤᠭ᠎ᠠ | ᠴᠧᠨ ᠯᠢ ᠳ᠋ᠦᠩ ᠨᠠᠷᠢᠨᠳᠤᠬᠤᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠱᠢ ᠯᠢ ᠵᠢᠶᠦ᠋ᠨ ᠬᠤᠨᠢᠴᠢᠨᠭᠤᠤᠯ ᠪᠠᠯᠭᠠᠰᠤᠨ ᠤ ᠳᠠᠷᠤᠭ᠎ᠠ | ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠪᠠᠶᠢᠭᠤᠯᠵᠤ᠂ | ᠠᠯᠪᠠᠨ ᠬᠡᠷ ᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠤᠨ᠂ ᠠᠯᠪᠠᠨ | ᠬᠡᠷ ᠤᠨ ᠡᠷᠬᠢᠯᠡᠭᠴᠢ ᠶᠢᠨ ᠲᠤᠰᠢᠶᠠᠯ ᠢ ᠰᠢᠤᠢ ᠵᠢᠶᠠᠨ ᠭᠠᠩ ᠬᠠᠪᠰᠤᠷᠭᠠᠨ ᠡᠭᠦᠷᠭᠡᠯᠡᠵᠦ᠂ ᠲᠡᠮᠦᠷ ᠵᠠᠮ ᠳᠠᠭᠠᠤ ᠶᠢᠨ | ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠨ᠎ᠠ᠃ | ᠡᠯ᠎ᠡ ᠬᠠᠮᠢᠶ᠎ᠠ ᠪᠥᠬᠦᠶ ᠪᠠᠯᠭᠠᠰᠤ ᠴᠤ ᠬᠠᠷᠢᠶᠠᠲᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ | ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠬᠤ ᠶᠢᠨ ᠬᠠᠮᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠪᠥᠬᠦ | ᠬᠦᠴᠦᠨ ᠢᠶᠠᠷ ᠢᠶᠠᠨ ᠬᠠᠮᠵᠢᠯᠴᠠᠵᠤ ᠬᠠᠷᠢᠶᠠᠲᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ | ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠶᠢᠰᠢᠳᠠ᠂ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠬᠤᠪᠢᠷᠠᠯᠲᠠ ᠭᠠᠷᠪᠠᠯ᠂ | ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠣᠷᠣᠯᠠᠵᠤ ᠪᠠᠶᠢᠭ᠎ᠠ ᠠᠵᠢᠯᠲᠠᠨ ᠢᠶᠠᠷ ᠵᠣᠬᠢᠴᠠᠩᠭᠤᠶ ᠠᠵᠢᠯ ᠢ ᠨᠢ | ᠵᠠᠯᠭᠠᠮᠵᠢᠯᠠᠭᠤᠯᠵᠤ᠂ ᠠᠰ ᠲᠤᠨᠢ ᠮᠡᠳᠡᠭᠳᠡᠬᠦ ᠦᠭᠡᠶ᠃ | ᠭᠤᠷᠪᠠ᠂ ᠭᠤᠣᠯ ᠡᠭᠦᠷᠭᠡ | ︵ᠨᠢᠭᠡ︶ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠬᠡᠷᠡᠭᠲᠡᠶ᠃ | 1᠂ ᠠᠶᠤᠯᠬᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠷᠠᠭᠤᠯᠤᠨ᠎ᠠ᠃ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾᠂ ︽ᠬᠡᠨ ᠭᠤᠤᠯᠴᠢᠯᠠᠨ ᠬᠠᠮᠢᠶᠠᠷᠪᠠᠯ | ᠲᠡᠷᠡ ᠬᠠᠷᠢᠭᠤᠴᠠᠬᠤ︾ ᠪᠠ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ | ᠬᠤᠤᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ | ᠶᠣᠰᠣᠭᠠᠷ᠂ ᠲᠡᠮᠦᠷ ᠵᠠᠮ ᠳᠠᠭᠠᠤ ᠶᠢᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ | ᠨᠢᠭᠡᠴᠡ᠄ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠣᠷᠣᠨ ᠨᠤᠲᠤᠭ ᠤᠨ ᠬᠡᠰᠡᠭ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠴᠠᠬᠢᠯᠭᠠᠨ ᠬᠠᠩᠭᠠᠬᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠡᠯ᠎ᠡ ᠬᠠᠮᠢᠶ᠎ᠠ ᠪᠥᠬᠦᠶ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶᠃ | 2᠂ ᠠᠶᠤᠯᠬᠦᠢ ᠦᠢᠯᠡᠳᠪᠦᠷᠢᠯᠡᠯ ᠤᠨ ᠢᠲᠡᠭᠡᠮᠵᠢ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ | ᠲᠡᠮᠦᠷ ᠵᠠᠮ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ | ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠠᠶᠤᠯᠬᠦᠢ ᠦᠢᠯᠡᠳᠪᠦᠷᠢᠯᠡᠯ ᠤᠨ ᠢᠲᠡᠭᠡᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ | ᠂ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠲᠠᠢ ᠨᠢᠭᠡᠴᠡ ᠪᠠ ᠬᠤᠪᠢ ᠬᠥᠮᠦᠨ ᠳᠤ ᠢᠯᠡ ᠪᠠᠷ | ᠢᠯᠡᠴᠢᠯᠡᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠠᠪᠴᠤ᠂ ᠲᠡᠮᠦᠷ | ᠵᠠᠮ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ | ᠴᠡᠪᠡᠷᠰᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶᠃ | ︵ᠬᠤᠶᠠᠷ︶ ᠠᠮᠤᠷ ᠲᠦᠪᠰᠢᠨ ᠪᠤᠰᠤ ᠳᠠᠯᠳᠠ ᠭᠡᠮ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ | ᠴᠢᠩᠭᠠᠷᠠᠭᠤᠯᠬᠤ ᠬᠡᠷᠡᠭᠲᠡᠶ᠃ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢ ᠰᠡᠷᠭᠡᠶᠢᠯᠡᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠬᠦ ᠬᠡᠷᠡᠭᠲᠡᠶ᠃ ᠲᠡᠮᠦᠷ ᠵᠠᠮ ᠳᠠᠭᠠᠤ ᠶᠢᠨ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠶ᠂ | ᠣᠷᠣᠨ ᠪᠦᠰᠡ ᠶᠢᠨ ᠴᠢᠨᠠᠷᠲᠠᠶ᠂ ᠭᠡᠨᠡᠳᠲᠡ ᠶᠢᠨ ᠴᠢᠨᠠᠷᠲᠠᠶ ᠠᠮᠤᠷ ᠲᠦᠪᠰᠢᠨ ᠤ ᠳᠠᠯᠳᠠ ᠬᠡᠮ ᠢ ᠲᠣᠭᠲᠠᠮᠠᠯ | ᠬᠤᠭᠤᠴᠠᠭ᠎ᠠ ᠲᠠᠢ ᠪᠠᠷ ᠤᠶᠢᠯᠠᠭᠠᠨ ᠵᠢᠭᠰᠠᠭᠠᠵᠤ᠂ ᠠᠮᠤᠷ ᠲᠦᠪᠰᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢᠨ | ᠲᠠᠩᠰᠠ ᠡᠪᠬᠡᠮᠡᠯ ᠢ ᠪᠠᠶᠢᠭᠤᠯᠤᠨ᠂ ᠲᠤᠭ᠎ᠠ ᠨᠢ ᠲᠣᠳᠣᠷᠬᠠᠶ᠂ ᠡᠬᠡ ᠲᠠᠩᠰᠠ ᠨᠢ ᠪᠦᠷᠢᠨ ᠲᠡᠭᠦᠯᠳᠡᠷ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠡᠯ᠎ᠡ ᠬᠠᠮᠢᠶ᠎ᠠ ᠪᠥᠬᠦᠶ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶᠃ | ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠡᠯᠡᠳᠬᠡᠯ ᠲᠥᠰᠦᠯ ᠢ ᠪᠠᠶᠢᠭᠤᠯᠤᠨ ᠪᠦᠷᠢᠨᠰᠢᠭᠦᠯᠵᠦ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ | ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ | ᠲᠣᠨᠣᠭᠯᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ | ᠳᠦᠷᠢᠮ ᠢ ᠨᠠᠶᠢᠳᠠᠪᠤᠷᠢᠵᠢᠭᠤᠯᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠡᠯ᠎ᠡ | ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ | ᠺᠣᠮᠫᠠᠨᠢ︶᠃ | ︵ᠳᠥᠷᠪᠡ︶ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ | ᠴᠢᠩᠭᠠᠷᠠᠭᠤᠯᠤᠨ᠎ᠠ᠃ | 1᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠣᠷᠴᠢᠨ ᠲᠣᠭᠤᠷᠢᠨ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠤᠯᠤᠰ ᠤᠨ ᠪᠠᠷᠢᠮᠵᠢᠶ᠎ᠠ᠂ | ᠠᠵᠢᠯ ᠲᠥᠷᠥᠯ ᠤᠨ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠦᠯᠦ ᠨᠡᠶᠢᠴᠡᠬᠦ ᠨᠣᠴᠣᠮᠠᠲᠠᠭᠠᠶ | ᠳᠡᠯᠪᠡᠷᠡᠮᠡᠲᠡᠭᠡᠶ ᠪᠠ ᠰᠠᠴᠤᠷᠠᠭ ᠴᠢᠨᠠᠷᠲᠠᠶ ᠵᠡᠷᠭᠡ ᠠᠶᠤᠯ ᠲᠠᠢ ᠡᠳ᠋ ᠦᠢᠯᠡᠳᠪᠦᠷᠢᠯᠡᠬᠦ᠂ ᠡᠳ᠋ᠰᠢᠬᠦᠯᠬᠦ᠂ ᠬᠠᠳᠠᠭᠠᠯᠠᠬᠤ | ᠂ ᠪᠣᠷᠣᠯᠠᠭᠤᠯᠬᠤ ᠭᠠᠵᠠᠷ ᠲᠠᠯᠠᠪᠤᠷ᠂ ᠬᠥᠮᠥᠷᠭᠡ ᠶᠢ ᠴᠡᠭᠴᠡᠯᠡᠨ ᠵᠠᠰᠠᠬᠤ ᠬᠡᠷᠡᠭᠲᠡᠶ︔ ᠬᠠᠤᠯᠢ ᠠᠴᠠ ᠵᠥᠷᠢᠴᠡᠨ | ᠠᠭᠤᠷᠬᠠᠶ ᠮᠠᠯᠲᠠᠬᠤ᠂ ᠴᠢᠯᠠᠭᠤ ᠭᠠᠷᠭᠠᠬᠤ ᠪᠤᠶᠤ ᠳᠡᠯᠪᠡᠴᠢᠬᠦ ᠠᠵᠢᠯ ᠬᠢᠬᠦ ᠠᠮᠤᠷ ᠲᠦᠪᠰᠢᠨ ᠤ ᠳᠠᠯᠳᠠ ᠭᠡᠮ ᠢ | ᠴᠡᠭᠴᠡᠯᠡᠨ ᠵᠠᠰᠠᠨ᠎ᠠ︔ ᠬᠥᠷᠰᠢ ᠵᠡᠷᠭᠡᠯᠡᠳᠡᠭᠡ ᠲᠡᠮᠦᠷ ᠵᠠᠮ ᠤᠨ ᠬᠠᠤᠯᠢ ᠠᠴᠠ ᠵᠥᠷᠢᠴᠡᠨ ᠪᠠᠷᠢᠯᠭ᠎ᠠ ᠪᠠᠷᠢᠵᠤ ᠪᠠᠶᠢᠭ᠎ᠠ | ᠦᠵᠡᠭᠳᠡᠯ ᠵᠢᠴᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ ᠰᠢᠷᠣᠶ | ᠠᠪᠬᠤ᠂ ᠬᠠᠶᠢᠷ ᠮᠠᠯᠲᠠᠬᠤ᠂ ᠭᠤᠤ ᠮᠠᠯᠲᠠᠬᠤ᠂ ᠮᠠᠯᠲᠠᠵᠤ ᠬᠥᠨᠳᠡᠶᠢᠷᠡᠭᠦᠯᠬᠦ ᠠᠵᠢᠯ ᠬᠢᠬᠦ ᠵᠡᠷᠭᠡ ᠠᠮᠤᠷ ᠲᠦᠪᠰᠢᠨ ᠤ | ᠳᠠᠯᠳᠠ ᠬᠡᠮ ᠢ ᠴᠡᠭᠴᠡᠯᠡᠨ ᠵᠠᠰᠠᠨ᠎ᠠ︔ ᠲᠡᠮᠦᠷ ᠵᠠᠮ ᠤᠨ ᠬᠥᠭᠦᠷᠭᠡ ᠶᠢᠨ ᠭᠤᠤᠯ ᠮᠥᠷᠡᠨ ᠤ ᠳᠡᠭᠡᠳᠦ ᠳᠣᠣᠷᠠᠳᠤ | ᠤᠷᠤᠰᠬᠠᠯ ᠢ ᠠᠯᠤᠰᠯᠠᠨ ᠬᠠᠤᠯᠢ ᠠᠴᠠ ᠵᠥᠷᠢᠴᠡᠨ ᠨᠡᠭᠡᠭᠡᠨ ᠮᠠᠯᠲᠠᠬᠤ᠂ ᠬᠦᠷᠢᠶᠡᠯᠡᠨ ᠬᠠᠭᠠᠯᠪᠤᠷᠢᠯᠠᠵᠤ ᠲᠠᠷᠢᠶ᠎ᠠ | ᠲᠠᠷᠢᠬᠤ᠂ ᠭᠤᠤᠯ ᠢ ᠬᠠᠰᠢᠵᠤ ᠬᠠᠰᠢᠯᠭ᠎ᠠ ᠪᠠᠷᠢᠬᠤ᠂ ᠬᠥᠪᠦᠮᠡᠯ ᠬᠥᠭᠦᠷᠭᠡ ᠲᠠᠯᠪᠢᠬᠤ ᠪᠤᠶᠤ ᠲᠡᠮᠦᠷ ᠵᠠᠮ ᠤᠨ | ᠬᠥᠭᠦᠷᠭᠡ ᠶᠢᠨ ᠠᠮᠤᠷ ᠲᠦᠪᠰᠢᠨ ᠤ ᠪᠡᠯᠡᠳᠬᠡᠮᠵᠢ ᠶᠢ ᠨᠥᠯᠥᠭᠡᠯᠡᠬᠦ ᠪᠤᠰᠤᠳ ᠠᠰᠠᠭᠤᠳᠠᠯ ᠢ ᠴᠡᠭᠴᠡᠯᠡᠨ ᠵᠠᠰᠠᠨ᠎ᠠ︔ | ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠡᠭᠴᠡᠯᠡᠨ ᠵᠠᠰᠠᠨ᠎ᠠ᠃ | 4᠂ ᠵᠠᠰᠠᠮᠠᠯ ᠵᠠᠮ ᠲᠡᠮᠦᠷ ᠵᠠᠮ ᠠᠯᠤᠰᠯᠠᠭᠰᠠᠨ ᠬᠥᠭᠦᠷᠭᠡ᠂ ᠵᠠᠰᠠᠮᠠᠯ ᠵᠠᠮ ᠲᠡᠮᠦᠷ ᠵᠠᠮ ᠵᠡᠷᠭᠡᠴᠡᠭᠡ ᠬᠡᠰᠡᠭ ᠤᠨ | ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ | ᠃ ᠲᠡᠮᠦᠷ ᠵᠠᠮ ᠤᠨ ᠪᠤᠰᠤ ᠥᠮᠴᠢᠯᠡᠬᠦ ᠡᠷᠬᠡ ᠶᠢᠨ ᠭᠠᠵᠠᠷ᠂ ᠵᠠᠰᠠᠮᠠᠯ ᠵᠠᠮ ᠲᠡᠮᠦᠷ ᠵᠠᠮ ᠠᠯᠤᠰᠯᠠᠭᠰᠠᠨ ᠬᠥᠭᠦᠷᠭᠡ᠂ | ᠵᠠᠰᠠᠮᠠᠯ ᠵᠠᠮ ᠲᠡᠮᠦᠷ ᠵᠠᠮ ᠵᠡᠷᠭᠡᠴᠡᠭᠰᠡᠨ ᠭᠠᠵᠠᠷ ᠤᠨ ᠬᠠᠯᠬᠠᠪᠴᠢ ᠵᠢᠴᠢ ᠪᠤᠰᠤᠳ ᠠᠮᠤᠷ ᠲᠦᠪᠰᠢᠨ ᠤ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠶᠢ ᠳᠣᠪᠤᠶᠢᠯᠭᠠᠵᠤ᠂ ᠠᠰᠠᠭᠤᠳᠠᠯ ᠤᠨ ᠬᠥᠮᠥᠷᠭᠡ ᠪᠠᠶᠢᠭᠤᠯᠤᠨ᠂ ᠭᠤᠤᠯ | ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔ ᠠᠮᠤᠷ ᠲᠦᠪᠰᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ | ᠥᠯᠥ ᠨᠡᠶᠢᠴᠡᠬᠦ ᠨᠡᠶᠢᠲᠡ ᠶᠢᠨ ᠲᠡᠮᠦᠷ ᠵᠠᠮ ᠤᠨ ᠵᠡᠷᠭᠡᠴᠡᠭᠡ ᠬᠠᠮᠠᠭᠠᠯᠠᠯᠲᠠ ᠶᠢᠨ ᠪᠠᠭᠠᠨ᠎ᠠ ︵ᠬᠡᠷᠡᠮ︶ ᠶᠢ | ᠥᠭᠡᠷᠡᠴᠢᠯᠡᠨ ᠵᠠᠰᠠᠬᠤ ᠬᠡᠷᠡᠭᠲᠡᠶ︔ ᠲᠡᠮᠦᠷ ᠵᠠᠮ ᠤᠨ ᠥᠮᠴᠢᠯᠡᠬᠦ ᠡᠷᠬᠡ ᠶᠢᠨ ᠨᠡᠶᠢᠲᠡ ᠶᠢᠨ ᠲᠡᠮᠦᠷ ᠵᠠᠮ | ᠠᠯᠤᠰᠯᠠᠭᠰᠠᠨ ᠵᠦᠷᠢᠯᠢᠭ ᠬᠥᠭᠦᠷᠭᠡ ᠶᠢᠨ ᠬᠠᠯᠬᠠᠪᠴᠢ ᠬᠡᠷᠡᠰᠬᠡ ᠨᠢ ᠪᠠᠷᠢᠮᠵᠢᠶ᠎ᠠ ᠳᠤ ᠬᠦᠷᠬᠦ ᠦᠭᠡᠶ ᠭᠠᠵᠠᠷ ᠢ | ᠴᠡᠭᠴᠡᠯᠡᠨ ᠵᠠᠰᠠᠬᠤ ᠬᠡᠷᠡᠭᠲᠡᠶ︔ ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠥᠭᠦᠷᠭᠡ ᠪᠠ ᠵᠡᠷᠭᠡᠴᠡᠭᠡ ᠵᠠᠮ ᠤᠨ | ᠬᠡᠰᠡᠭ ᠤᠨ ᠬᠠᠯᠬᠠᠪᠴᠢ ᠬᠡᠷᠡᠰᠬᠡ᠂ ᠬᠠᠯᠬᠠᠪᠴᠢ ᠲᠤᠤᠷ᠂ ᠵᠠᠮ ᠬᠠᠷᠢᠯᠴᠠᠭᠠᠨ ᠤ ᠲᠡᠮᠳᠡᠭ ᠱᠤᠭᠤᠮ᠂ ᠠᠮᠤᠷ | ᠲᠦᠪᠰᠢᠨ ᠤ ᠰᠡᠷᠡᠮᠵᠢ ᠶᠢᠨ ᠲᠡᠮᠳᠡᠭ ᠵᠢᠴᠢ ᠵᠠᠰᠠᠮᠠᠯ ᠵᠠᠮ ᠲᠡᠮᠦᠷ ᠵᠠᠮ ᠠᠯᠤᠰᠯᠠᠭᠰᠠᠨ ᠬᠥᠭᠦᠷᠭᠡ ᠶᠢᠨ ᠵᠠᠮ ᠳᠤ | ᠭᠠᠷᠬᠤ ᠳ᠋ᠧᠩ ᠤᠨ ᠪᠠᠭᠠᠨ᠎ᠠ᠂ ᠵᠠᠮ ᠬᠠᠷᠢᠯᠴᠠᠭᠠᠨ ᠤ ᠬᠢᠨᠠᠨ ᠡᠵᠡᠮᠳᠡᠬᠦ ᠵᠡᠷᠭᠡ ᠲᠤᠯᠭᠠᠭᠤᠷᠢᠯᠠᠬᠤ ᠲᠣᠨᠣᠭᠯᠠᠯ ᠤᠨ | ᠳᠠᠯᠳᠠ ᠭᠡᠮ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠬᠦ ᠬᠡᠷᠡᠭᠲᠡᠶ︔ ᠮᠠᠰᠢᠨᠲᠤ ᠲᠡᠷᠭᠡᠨ ᠤ | ᠮᠥᠷᠭᠦᠯᠲᠡ ᠳᠤ ᠤᠴᠠᠷᠠᠵᠤ ᠮᠡᠳᠡᠬᠦ ᠲᠡᠮᠦᠷ ᠵᠠᠮ ᠤᠨ ᠨᠡᠶᠢᠲᠡ ᠶᠢᠨ ᠨᠢᠷᠤᠭᠤ ᠠᠯᠤᠰᠯᠠᠭᠰᠠᠨ ᠬᠥᠭᠦᠷᠭᠡ ᠳᠤ | ᠢᠳᠡᠪᠬᠢᠲᠡᠶ ᠪᠠᠷ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠬᠥᠭᠦᠷᠭᠡ ᠶᠢᠨ ᠮᠥᠷᠭᠦᠯᠳᠦᠯ ᠢ | ᠪᠠᠶᠢᠴᠠᠭᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︔ ᠬᠠᠷᠢᠭᠤᠴᠠᠯᠭᠠᠲᠤ ᠨᠢᠭᠡᠴᠡ᠄ | ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠂ ᠡᠯ᠎ᠡ ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ | ᠵᠠᠮ ᠤᠨ ᠺᠣᠮᠫᠠᠨᠢ︶᠃ | 5᠂ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠵᠢᠷᠤᠮᠵᠢᠭᠤᠯᠤᠨ᠎ᠠ᠃ ᠠᠶᠤᠯᠲᠠᠶ ᠬᠢᠮᠢ ᠶᠢᠨ ᠪᠣᠳᠠᠰ ᠵᠡᠷᠭᠡ ᠠᠶᠤᠯᠲᠠᠶ ᠪᠣᠳᠠᠰ ᠢ ᠵᠢᠭᠰᠠᠭᠠᠨ ᠪᠠᠶᠢᠴᠠᠭᠠᠬᠤ ᠠᠵᠢᠯ ᠢ | ᠪᠥᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠣᠪᠣᠭᠠᠯᠠᠨ ᠬᠠᠳᠠᠭᠠᠯᠠᠬᠤ᠂ ᠠᠶᠤᠯᠲᠠᠶ | ᠪᠣᠳᠠᠰ ᠢ ᠳᠤᠷ᠎ᠠ ᠪᠠᠷ ᠢᠶᠠᠨ ᠪᠤᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠲᠥᠪᠯᠡᠷᠡᠭᠦᠯᠦᠨ ᠴᠡᠭᠴᠡᠯᠡᠨ ᠵᠠᠰᠠᠨ᠎ᠠ᠃ | ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ | ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ᠂ ᠡᠯ᠎ᠡ ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶᠃ | ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ | ︵ᠨᠢᠭᠡ︶ ᠬᠡᠮ ᠰᠣᠭᠤᠭ ᠢ ᠤᠶᠢᠯᠠᠭᠠᠨ ᠵᠢᠭᠰᠠᠭᠠᠨ᠎ᠠ ︵2020 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ 31 ᠤ ᠡᠳᠦᠷ ᠪᠣᠯᠲᠠᠯ᠎ᠠ︶᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠲᠦᠷᠦᠭᠦᠯᠡᠵᠦ᠂ ᠡᠯ᠎ᠡ ᠬᠤᠯᠪᠣᠭᠳᠠᠯ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠵᠤ᠂ | ᠬᠠᠷᠢᠶᠠᠲᠤ ᠣᠷᠣᠨ ᠤ ᠳᠣᠲᠣᠷᠠᠬᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠨ | ᠵᠢᠭᠰᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ︵ᠬᠤᠶᠠᠷ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ ︵2020 ᠣᠨ ᠤ 7 ᠳ᠋ᠤᠭᠠᠷ ᠰᠠᠷ᠎ᠠ ᠶᠢᠨ | 31 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶᠃ ᠡᠯ᠎ᠡ ᠬᠤᠯᠪᠣᠭᠳᠠᠯ ᠪᠥᠬᠦᠶ | ᠬᠠᠷᠢᠭᠤᠴᠠᠯᠭᠠᠲᠤ ᠨᠢᠭᠡᠴᠡ ᠨᠦᠭᠦᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ | ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠠᠰᠠᠭᠤᠳᠠᠯ ᠤᠨ ᠬᠡᠮ ᠰᠣᠭᠤᠭ ᠪᠠ ᠲᠦᠷᠢᠮ ᠠᠷᠭ᠎ᠠ ᠬᠡᠮᠵᠢᠶ᠎ᠡ ᠶᠢᠨ ︽ᠬᠤᠶᠠᠷ ᠨᠠᠷᠢᠨ ᠲᠠᠩᠰᠠ︾ ᠶᠢ ᠪᠠᠶᠢᠭᠤᠯᠤᠨ᠂ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠠᠶᠢᠴᠠᠭᠠᠬᠤ ᠶᠢᠨ | ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠨ᠂ ᠴᠡᠭᠴᠡᠯᠡᠨ ᠵᠠᠰᠠᠬᠤ ᠠᠵᠢᠯ ᠤᠨ ᠠᠩᠬ᠎ᠠ ᠠᠯᠬᠤᠮ ᠤᠨ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠲᠥᠪᠯᠡᠷᠡᠭᠦᠯᠦᠨ ᠪᠣᠭᠤᠮᠲᠠ ᠰᠢᠪᠲᠤᠯᠤᠨ᠎ᠠ ︵2021 ᠤᠨ︶᠃ ︽ᠬᠤᠶᠠᠷ ᠨᠠᠷᠢᠨ ᠲᠠᠩᠰᠠ | ︾ ᠶᠢ ᠬᠥᠳᠡᠯᠦᠩᠭᠦᠶ ᠪᠠᠷ ᠰᠢᠨᠡᠳᠬᠡᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ | ᠲᠠᠯᠠᠪᠠᠶ ᠶᠢᠨ ᠠᠬᠢᠭᠤᠯᠬᠤ ᠬᠤᠷᠠᠯ᠂ ᠫᠠᠶᠢᠰᠠ ᠡᠯᠭᠦᠨ ᠰᠢᠮᠳᠠᠭᠤᠯᠤᠨ ᠭᠦᠶ᠋ᠴᠡᠳᠬᠡᠯᠭᠡᠬᠦ᠂ ᠲᠤᠷᠰᠢᠯᠭ᠎ᠠ ᠶᠢ | ᠳᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠴᠡᠭᠴᠡᠯᠡᠨ ᠵᠠᠰᠠᠵᠤ ᠪᠣᠭᠤᠮᠲᠠ ᠰᠢᠪᠲᠤᠯᠬᠤ | ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ | ︵ᠳᠥᠷᠪᠡ︶ ᠪᠠᠬᠢᠵᠢᠭᠦᠯᠦᠨ ᠳᠡᠭᠡᠭᠰᠢᠯᠡᠭᠦᠯᠦᠨ᠎ᠡ ︵2022 ᠤᠨ︶᠃ ᠲᠡᠮᠦᠷ ᠵᠠᠮ ᠳᠠᠭᠠᠤ ᠶᠢᠨ ᠠᠮᠤᠷ | ᠲᠦᠪᠰᠢᠨ ᠤ ᠲᠠᠯ᠎ᠠ ᠪᠠᠷ ᠣᠷᠣᠰᠢᠵᠤ ᠪᠠᠶᠢᠭ᠎ᠠ ᠨᠡᠶᠢᠲᠡᠴᠢ ᠴᠢᠨᠠᠷᠲᠠᠶ ᠠᠰᠠᠭᠤᠳᠠᠯ ᠪᠣᠯᠤᠨ ᠲᠣᠪᠤᠶᠢᠮ᠎ᠠ ᠳᠠᠯᠳᠠ ᠭᠡᠮ ᠢ | ᠭᠦᠨᠵᠡᠭᠡᠶ ᠵᠠᠳᠠᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠶᠢᠳᠠᠪᠤᠷᠢᠵᠢᠭᠤᠯᠤᠯᠲᠠ ᠶᠢ | ᠵᠦᠢᠯ ᠳᠠᠷᠠᠭᠠᠯᠠᠨ ᠠᠬᠢᠭᠤᠯᠬᠤ ᠬᠡᠷᠡᠭᠲᠡᠶ᠃ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠶᠡᠭᠡ ᠪᠠᠷ ᠳᠡᠯᠭᠡᠷᠡᠭᠦᠯᠵᠦ᠂ | ᠲᠦᠷᠢᠮ ᠤᠨ ᠴᠢᠨᠠᠷᠲᠠᠢ ᠦᠷ᠎ᠡ ᠪᠦᠲᠦᠭᠡᠯ ᠢ ᠪᠤᠢ ᠪᠣᠯᠭᠠᠬᠤ ᠪᠥᠭᠡᠳ ᠳᠡᠯᠭᠡᠷᠡᠭᠦᠯᠦᠨ᠎ᠡ᠃ | ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠨᠢ ᠠᠵᠢᠯ ᠤᠨ ᠡᠭᠦᠷᠭᠡ ᠴᠢᠳᠠᠪᠬᠢ ᠵᠢᠴᠢ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ᠂ ᠵᠢᠯ ᠪᠦᠷᠢ ᠬᠠᠷᠢᠶ᠎ᠠ ᠪᠥᠬᠦᠶ | ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠲᠥᠯᠥᠪᠯᠡᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ | ᠬᠢᠵᠦ᠂ ᠣᠨ ᠤ ᠮᠡᠳᠡᠭᠦᠯᠦᠯᠲᠡ ᠪᠠ ᠭᠤᠷᠪᠠᠨ ᠵᠢᠯ ᠤᠨ ᠠᠵᠢᠯᠯᠠᠭᠠᠨ ᠤ ᠮᠡᠳᠡᠭᠦᠯᠦᠯᠲᠡ ᠪᠣᠯᠭᠠᠬᠤ ᠶᠢᠨ ᠬᠠᠮᠲᠤ ᠵᠢᠯ | ᠪᠦᠷᠢ ᠶᠢᠨ 11 ᠳ᠋ᠦᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠬᠤᠰᠢᠭᠤᠨ ᠤ ᠲᠡᠮᠦᠷ ᠵᠠᠮ ᠤᠨ ᠠᠷᠠᠳ ᠤᠨ | ᠠᠭᠠᠷ ᠤᠨ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠲᠤ ᠮᠡᠳᠡᠭᠦᠯᠦᠨ ᠬᠦᠷᠭᠡᠨ᠎ᠡ ︵ᠮᠡᠳᠡᠭᠦᠯᠦᠨ | ᠬᠦᠷᠭᠡᠬᠦ ᠰᠢᠤᠳᠠᠨ ᠬᠠᠶᠢᠷᠴᠠᠭ᠄ katib @ 163 . com᠂ ᠬᠠᠷᠢᠯᠴᠠᠬᠤ ᠤᠲᠠᠰᠤ᠄ | 0477—8966270︶᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ | ᠬᠠᠷᠢᠭᠤᠴᠠᠯᠭᠠᠲᠤ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ | ᠲᠠᠨᠢᠯᠲᠠ ᠪᠠᠨ ᠨᠢᠭᠡᠳᠬᠡᠨ᠂ ᠤᠳᠤᠷᠢᠳᠬᠤ ᠲᠣᠭᠲᠠᠴᠠ ᠪᠠᠨ ᠪᠦᠷᠢᠨᠰᠢᠬᠦᠯᠵᠦ᠂ ᠬᠡᠷᠡᠭᠵᠢᠭᠦᠯᠬᠦ ᠲᠥᠰᠦᠯ ᠢᠶᠠᠨ | ᠲᠣᠭᠲᠠᠭᠠᠨ᠂ ᠴᠠᠭ ᠤᠨ ᠠᠬᠢᠴᠠ ᠪᠠ ᠠᠵᠢᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠴᠡᠭᠴᠡᠯᠡᠨ ᠵᠠᠰᠠᠬᠤ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ | ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠬᠢᠨᠠᠨ ᠵᠢᠯᠣᠭᠤᠳᠣᠯᠭ᠎ᠠ ᠶᠢ ᠴᠢᠩᠭᠠᠷᠠᠭᠤᠯᠤᠨ᠎ᠠ᠃ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠰᠢᠷᠠᠮ ᠳᠠᠭᠠᠤ ᠬᠢᠨᠠᠨ ᠵᠢᠯᠣᠭᠤᠳᠴᠤ ᠪᠠᠶᠢᠴᠠᠭᠠᠬᠤ | ᠠᠵᠢᠯ ᠢ ᠥᠷᠨᠢᠭᠦᠯᠦᠨ᠂ ᠬᠠᠮᠢᠶ᠎ᠠ ᠪᠥᠬᠦᠶ ᠨᠢᠭᠡᠴᠡ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠢ | ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠰᠣᠨᠢᠨ ᠮᠡᠳᠡᠭᠡᠨ ᠤ | ᠵᠠᠭᠤᠴᠢᠯᠠᠭᠤᠷ ᠤᠨ ᠬᠦᠴᠦᠨ ᠢ ᠭᠦᠢᠴᠡᠳ ᠠᠰᠢᠭᠯᠠᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠪᠤᠰᠤ ᠲᠠᠯᠳᠠ | ᠭᠡᠮ ᠤᠨ ᠠᠰᠠᠭᠤᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠤᠬᠠᠭᠤᠯᠵᠤ᠂ ᠢᠯᠠᠩᠭᠤᠶ᠎ᠠ | ᠬᠦᠨᠳᠦ ᠶᠡᠭᠡ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠲᠠᠯᠳᠠ ᠭᠡᠮ ᠢ ᠵᠠᠰᠠᠬᠤ ᠳᠤ᠂ ᠵᠠᠭᠤᠴᠢᠯᠠᠭᠤᠷ ᠢᠶᠠᠷ | ᠢᠯᠡᠴᠢᠯᠡᠬᠦ᠂ ᠭᠤᠣᠯᠳᠠᠯᠭ᠎ᠠ ᠲᠠᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠠᠪᠴᠤ᠂ ᠠᠬᠢᠭᠤᠯᠤᠭᠰᠠᠨ ᠢᠶᠠᠷ ᠬᠦᠴᠦᠨ | ᠦᠬᠡᠢ᠂ ᠠᠯᠪᠠ ᠬᠠᠰᠢᠵᠤ ᠠᠮᠠ ᠪᠥᠭᠯᠡᠭᠰᠡᠨ ᠨᠢᠭᠡᠴᠡ ᠪᠣᠯᠤᠨ ᠬᠤᠪᠢ ᠬᠥᠮᠦᠨ ᠢ ᠢᠯᠡᠴᠢᠯᠡᠬᠦ ᠬᠡᠷᠡᠭᠲᠡᠢ᠃ | | | | | | | | | |