ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠰᠢᠯᠭᠠᠨ ᠬᠤᠷᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠎ ᠢ ᠪᠠᠶᠢᠭᠤᠯᠬᠤ ᠲᠣᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
          ᠡᠵᠡᠨ ᠵᠠᠰᠠᠭ ᠠᠯᠪᠠᠨ ᠲᠠᠷᠬᠠᠭᠠᠭᠰᠠᠨ ﹇2021﹈ 12 ᠳ᠋ᠤᠭᠠᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠳᠤ᠄      ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠤᠰᠬᠠᠶ ᠪᠠᠯᠠ ᠮᠥᠩᠭᠦ᠂ ᠲᠥᠷᠥᠯ  ᠵᠦᠢᠯ ᠤᠨ ᠬᠠᠮᠢᠶᠠᠷᠤᠯᠲᠠ ᠵᠢᠴᠢ ᠰᠢᠯᠭᠠᠨ ᠠᠪᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠢᠱᠢᠶ᠎ᠡ ᠦᠵᠡᠭᠦᠯᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠰᠢᠯᠭᠠᠨ ᠠᠪᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠂ ᠪᠣᠳᠠᠲᠠᠶ ᠪᠦᠷᠢᠯᠳᠦᠬᠦᠨ ᠨᠢ ᠳᠤᠤᠷᠠᠬᠢ ᠮᠡᠲᠦ᠄    ᠳᠤᠭᠤᠶᠢᠯᠠᠩ ᠤᠨ ᠳᠠᠷᠤᠭ᠎ᠠ᠄           ᠰᠤ᠋ ᠰᠢᠨ ᠶᠠ    ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂                       ᠵᠠᠰᠠᠭ ᠤᠨ ᠣᠷᠳᠣᠨ ᠤ ᠬᠤᠰᠢᠭᠤ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄      ᠯᠢᠦ ᠬᠤᠸᠠᠢ ᠢᠦᠶ   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂                         ᠵᠠᠰᠠᠭ ᠤᠨ ᠣᠷᠳᠣᠨ ᠤ ᠳᠡᠳ᠋ ᠳᠠᠷᠤᠭ᠎ᠠ      ᠮᠡᠨᠳᠦᠪᠠᠶᠠᠷ        ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ      ᠪᠢᠶᠠᠨ ᠶᠦᠩ ᠰᠢᠶᠠᠩ  ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ                           ᠪᠦᠷᠢᠯᠳᠦᠬᠦᠨ᠂ ᠵᠢᠶᠠᠩᠰᠦ ᠶᠢᠨ ᠠᠵᠤ  ᠦᠢᠯᠡᠳᠪᠦᠷᠢ ᠶᠢᠨ ᠬᠦᠷᠢᠶᠡᠯᠡᠩ                          ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ    ᠭᠡᠰᠢᠭᠦᠨ᠄                        ᠳ᠋ᠦ᠋ ᠶᠠᠨ ᠪᠢᠨ   ᠬᠤᠰᠢᠭᠤ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ      ᠵᠠᠩ ᠳ᠋ᠧ ᠴᠢᠶᠠᠩ  ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠵᠢᠶᠠᠩ ᠶᠢᠨ ᠱᠠᠨ  ᠬᠤᠰᠢᠭᠤ ᠬᠢᠨᠠᠨ ᠪᠤᠳᠤᠬᠤ ᠲᠣᠪᠴᠢᠶᠠᠨ ᠤ ᠳᠠᠷᠤᠭ᠎ᠠ      ᠭᠤᠤ ᡁᠢ ᠰᠢᠶᠦ᠋ᠩ  ᠬᠤᠰᠢᠭᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠪ ᠤᠨ ᠡᠷᠬᠢᠯᠡᠭᠴᠢ      ᠶᠠᠩ ᠸᠧᠨ ᠬᠤᠸᠠ   ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ      ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠳ᠋ᠦ᠋ ᠶᠠᠨ ᠪᠢᠨ ᠨᠥᠬᠦᠷ ᠬᠠᠪᠰᠤᠷᠭᠠᠨ ᠡᠭᠦᠷᠭᠡᠯᠡᠵᠦ᠂ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ  ᠵᠦᠢᠯ ᠢ ᠰᠢᠯᠭᠠᠨ ᠠᠪᠬᠤ ᠪᠥᠬᠦ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠳᠥᠯᠭᠢᠨ ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠱᠠᠲᠤᠨ ᠤ ᠬᠤᠯᠪᠣᠭᠳᠠᠯ ᠪᠦᠬᠦᠢ ᠨᠢᠭᠡᠴᠡ ᠲᠠᠢ ᠵᠣᠯᠭᠠᠯᠳᠤᠭᠤᠯᠵᠤ᠂ ᠲᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠯᠭᠠᠨ ᠠᠪᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠤᠭᠤᠷᠣᠨᠳᠣᠬᠢ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠰᠢᠯᠭᠠᠨ ᠠᠪᠬᠤ ᠡᠭᠦᠷᠭᠡ᠂ ᠱᠠᠭᠠᠷᠳᠠᠯᠭ᠎ᠠ ᠬᠢᠭᠡᠳ ᠠᠯᠬᠤᠮ ᠳᠠᠷᠠᠭ᠎ᠠ ᠶᠢ ᠲᠣᠳᠣᠷᠬᠠᠶᠢᠯᠠᠬᠤ ᠶᠢᠨ ᠬᠠᠮᠲᠤ ᠰᠢᠯᠭᠠᠨ ᠠᠪᠬᠤ ᠳᠡᠰ ᠳᠠᠷᠠᠭᠠᠯᠠᠯ ᠤᠨ ᠵᠢᠷᠤᠮᠵᠢᠯ ᠶᠣᠰᠣᠭᠠᠷ ᠰᠢᠯᠭᠠᠨ ᠠᠪᠬᠤ ᠠᠵᠢᠯ ᠢ ᠰᠠᠶᠢᠲᠤᠷ ᠬᠢᠬᠦ ᠬᠡᠷᠡᠭᠲᠡᠶ︔ ᠳᠠᠭᠠᠭᠠᠨ ᠬᠦᠢᠴᠡᠳᠭᠡᠬᠦ ᠠᠵᠤ ᠠᠬᠤᠶᠢᠯᠠᠯ ᠤᠨ ᠲᠤᠰᠢᠶᠠᠭᠰᠠᠨ ᠰᠢᠯᠭᠠᠨ ᠬᠤᠷᠢᠶᠠᠬᠤ ᠭᠤᠶᠤᠴᠢᠯᠠᠯ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ︔ ᠡᠳ᠋ ᠤᠨ ᠵᠠᠰᠠᠭ᠂ ᠬᠢᠨᠠᠨ ᠪᠤᠳᠤᠬᠤ᠂ ᠶᠠᠳᠠᠭᠤ ᠶᠢ ᠲᠡᠳᠬᠦᠬᠦ᠂ ᠬᠠᠩᠭᠠᠨ ᠪᠣᠷᠣᠯᠠᠭᠤᠯᠬᠤ ᠵᠡᠷᠭᠡ ᠰᠠᠯᠠᠭ᠎ᠠ ᠮᠥᠴᠢᠷ ᠵᠢᠴᠢ ᠲᠥᠷᠥᠯ  ᠵᠦᠢᠯ ᠢ ᠳᠠᠭᠠᠭᠠᠨ ᠬᠦᠢᠴᠡᠳᠭᠡᠬᠦ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠲᠥᠷᠥᠯ ᠵᠦᠢᠯ᠂ ᠪᠠᠯᠠ ᠮᠥᠩᠭᠦ ᠵᠡᠷᠭᠡ ᠬᠠᠮᠢᠶ᠎ᠠ ᠪᠥᠬᠦᠶ ᠲᠠᠩᠰᠠ ᠡᠪᠬᠡᠮᠡᠯ ᠢ ᠲᠠᠩᠰᠠ ᠡᠪᠬᠡᠮᠡᠯ ᠳᠤ ᠣᠷᠣᠭᠤᠯᠤᠨ ᠡᠮᠬᠢᠯᠡᠬᠦ ᠶᠢ ᠰᠠᠶᠢᠲᠤᠷ ᠬᠢᠨ᠎ᠠ︔ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠵᠤ᠂ ᠲᠥᠷᠥᠯ ᠵᠦᠢᠯ ᠢ ᠰᠢᠯᠭᠠᠨ ᠬᠤᠷᠢᠶᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠠ᠃                   ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                  2021 ᠣᠨ ᠤ 5 ᠳ᠋ᠤᠭᠠᠷ ᠰᠠᠷ᠎ᠠ ᠶᠢᠨ 10᠎ ᠤ ᠡᠳᠦᠷ ᠳᠠᠷᠤᠮᠠᠯᠯᠠᠨ ᠲᠠᠷᠬᠠᠭᠠᠪᠠ    
ᠢᠷᠡᠯᠲᠡ᠄ ᠲᠤᠰ ᠰᠦᠯᠵᠢᠶ᠎ᠡ