ᠡᠵᠡᠨ ᠬᠤᠷᠤᠭ᠎ᠠ ᠬᠤᠰᠢᠭᠤᠨ ᠤ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢ ᠨᠡᠶᠢᠳᠡᠯᠡᠬᠦ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/15
            ᠡᠵᠡᠨ ᠵᠠᠰᠠᠭ ᠲᠠᠷᠬᠠᠭᠠᠭᠰᠠᠨ  ﹇2021﹈ 28 ᠳ᠋ᠤᠭᠠᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶᠎ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠲᠡᠦᠬᠡ ᠰᠣᠶᠣᠯ ᠤᠨ ᠥᠪ ᠢ ᠬᠠᠮᠠᠭᠠᠯᠠᠬᠤ᠂ ᠬᠠᠮᠢᠶᠠᠷᠬᠤ ᠪᠠ ᠠᠰᠢᠭᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠨᠵᠢᠯᠡᠬᠦ ᠤᠬᠠᠭᠠᠨᠴᠢ ᠦᠨ᠎ᠡ ᠥᠷᠲᠡᠭ ᠪᠠ ᠣᠳᠣᠬᠢ ᠪᠠᠶᠢᠳᠠᠯ ᠲᠠᠢ ᠤᠶᠠᠯᠳᠤᠭᠤᠯᠤᠨ᠂ ᠰᠢᠷ᠎ᠠ ᠲᠠᠯ᠎ᠠ ᠶᠢᠨ ᠪᠠᠭᠤᠷᠢ᠂ ᠬᠤᠨᠢᠴᠢᠨᠭᠤᠯ ᠤᠨ ᠡᠷᠲᠡᠨ ᠤ ᠣᠩᠭᠤᠨ ᠤ ᠰᠦᠷᠦᠭᠵᠢᠯ᠂ ᠲᠤᠯᠤᠤᠳᠠᠢ ᠶᠢᠨ ᠣᠩᠭᠤᠨ᠂ ᠰᠢᠨ᠎ᠡ ᠵᠡᠭᠡᠯᠢ ᠶᠢᠨ ᠠᠮᠤ ᠪᠤᠳᠠᠭᠠᠨ ᠤ ᠥᠷᠲᠡᠭᠡ ᠵᠡᠷᠭᠡ ᠰᠢᠯᠵᠢᠭᠦᠯᠵᠦ ᠪᠣᠯᠤᠰᠢ ᠥᠬᠡᠶ 4 ᠲᠡᠦᠬᠡ ᠶᠢᠨ ᠳᠤᠷᠠᠰᠬᠠᠯᠲᠤ ᠵᠦᠢᠯᠡᠰ ᠢ ᠪᠥᠬᠦ ᠬᠤᠰᠢᠭᠤᠨ ᠤ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠲᠣᠭᠲᠠᠭᠠᠪᠠ᠂ ᠡᠳᠦᠬᠡ ᠨᠡᠶᠢᠲᠡᠯᠡᠶ᠎ᠡ᠃      ᠨᠢᠭᠡ᠂ ᠰᠢᠷ᠎ᠠ ᠲᠠᠯ᠎ᠠ ᠶᠢᠨ ᠪᠠᠭᠤᠷᠢ      ᠡᠵᠡᠨ ᠬᠤᠷᠤᠭ᠎ᠠ ᠪᠠᠯᠭᠠᠰᠤᠨ ᠤ ᠰᠢᠷ᠎ᠠ ᠲᠠᠯ᠎ᠠ ᠲᠣᠰᠬᠤᠨ ᠤ ᠬᠢᠯᠢ ᠳᠤ ᠪᠠᠶᠢᠷᠢᠯᠠᠵᠤ᠂ ᠪᠠᠭᠤᠷᠢ ᠶᠢᠨ ᠶᠡᠷᠦᠩᠬᠡᠶ ᠲᠠᠯᠠᠪᠠᠶ ᠨᠢ ᠪᠠᠷᠤᠭ 50 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠰᠢᠨ᠎ᠡ ᠴᠢᠯᠠᠭᠤᠨ ᠵᠡᠪᠰᠡᠭ ᠤᠨ ᠰᠡᠭᠦᠯᠴᠢ ᠶᠢᠨ ᠬᠤᠭᠤᠴᠠᠭ᠎ᠠ ᠠᠴᠠ ᠡᠷᠳᠡᠨ ᠤ ᠱᠠᠩ ᠤᠯᠤᠰ ᠤᠨ ᠦᠶ᠎ᠡ ᠶᠢᠨ ᠡᠷᠲᠡᠨ ᠤ ᠬᠥᠮᠦᠨ ᠲᠥᠷᠥᠯᠬᠢᠲᠡᠨ ᠤ ᠠᠵᠢᠯᠯᠠᠭᠠᠨ ᠤ ᠪᠠᠭᠤᠷᠢ ᠪᠣᠯᠤᠨ᠎ᠠ᠃ ᠲᠤᠰ ᠪᠠᠭᠤᠷᠢ ᠶᠢᠨ ᠳᠥᠷᠪᠡᠨ ᠵᠠᠬ᠎ᠠ ᠶᠢᠨ ᠵᠠᠭᠠᠭ ᠢ ᠲᠦᠷ ᠬᠤᠪᠢᠶᠠᠷᠢᠯᠠᠨ ᠲᠣᠭᠲᠠᠭᠠᠵᠤ ᠭᠠᠳᠠᠭᠰᠢ 100 ᠮᠧᠲᠷ ᠤᠷᠲᠤᠳᠬᠠᠬᠤ ᠶᠢ ᠬᠠᠮᠠᠭᠠᠯᠠᠯᠲᠠ ᠶᠢᠨ ᠬᠡᠪᠴᠢᠶ᠎ᠡ ᠪᠣᠯᠭᠠᠵᠤ᠂ ᠳᠠᠬᠢᠨ 100 ᠮᠧᠲᠷ ᠤᠷᠲᠤᠳᠬᠠᠬᠤ ᠶᠢ ᠪᠦᠲᠦᠭᠡᠨ ᠪᠠᠶᠢᠭᠤᠯᠤᠯᠲᠠ ᠶᠢᠨ ᠡᠵᠡᠮᠳᠡᠬᠦ ᠣᠷᠣᠨ ᠪᠦᠰᠡ ᠪᠣᠯᠭᠠᠨ᠎ᠠ᠃      ᠬᠤᠶᠠᠷ᠂ ᠬᠤᠨᠢᠴᠢᠨᠭᠤᠯ ᠤᠨ ᠡᠷᠲᠡᠨ ᠤ ᠣᠩᠭᠤᠨ ᠤ ᠰᠦᠷᠦᠭᠵᠢᠯ      ᠬᠤᠨᠢᠴᠢᠨᠭᠤᠯ ᠪᠠᠯᠭᠠᠰᠤᠨ ᠤ ᠴᠢᠯᠠᠭᠤᠲᠤ ᠲᠣᠰᠬᠤᠨ ᠤ ᠬᠢᠯᠢ ᠳᠤ ᠪᠠᠶᠢᠷᠢᠯᠠᠵᠤ᠂ ᠪᠥᠬᠦ ᠲᠠᠯᠠᠪᠠᠶ ᠨᠢ ᠪᠠᠷᠤᠭ 13 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠠᠨ ᠤᠯᠤᠰ ᠤᠨ ᠦᠶ᠎ᠡ ᠶᠢᠨ ᠡᠷᠲᠡᠨ ᠤ ᠣᠩᠭᠤᠨ ᠤ ᠰᠦᠷᠦᠭ ᠪᠣᠯᠤᠨ᠎ᠠ᠃ ᠲᠣᠰ ᠣᠩᠭᠤᠨ ᠤ ᠰᠦᠷᠦᠭᠯᠡᠯ ᠢ ᠳᠥᠷᠪᠡᠨ ᠵᠠᠬ᠎ᠠ ᠶᠢᠨ ᠵᠠᠭᠠᠭ ᠠᠴᠠ ᠭᠠᠳᠠᠭᠰᠢ 100 ᠮᠧᠲᠷ ᠤᠷᠲᠤᠳᠬᠠᠬᠤ ᠪᠠᠷ ᠬᠠᠮᠠᠭᠠᠯᠠᠬᠤ ᠬᠡᠪᠴᠢᠶ᠎ᠡ ᠪᠣᠯᠭᠠᠵᠤ᠂ ᠳᠠᠬᠢᠨ 100 ᠮᠧᠲᠷ ᠤᠷᠲᠤᠳᠬᠠᠬᠤ ᠪᠠᠷ ᠬᠢᠵᠠᠭᠠᠷᠯᠠᠬᠤ ᠣᠷᠣᠨ ᠪᠣᠯᠭᠠᠨ᠎ᠠ᠃      ᠭᠤᠷᠪᠠ᠂  ᠲᠤᠯᠤᠤᠳᠠᠢ ᠶᠢᠨ ᠤᠡᠭᠭᠤᠨ      ᠰᠤᠪᠤᠷᠭ᠎ᠠ ᠪᠠᠯᠭᠠᠰᠤᠨ ᠤ ᠲᠤᠯᠤᠤᠳᠠᠢ ᠲᠣᠰᠬᠤᠨ ᠤ ᠬᠢᠯᠢ ᠳᠤ ᠪᠠᠶᠢᠷᠢᠯᠠᠵᠤ᠂ ᠲᠠᠯᠠᠪᠠᠶ ᠨᠢ ᠪᠠᠷᠤᠭ 1 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠠᠨ ᠤᠯᠤᠰ ᠤᠨ ᠦᠶ᠎ᠡ ᠶᠢᠨ ᠣᠩᠭᠤᠨ ᠤ ᠰᠦᠷᠦᠭ ᠪᠣᠯᠤᠨ᠎ᠠ᠃ ᠲᠣᠰ ᠣᠩᠭᠤᠨ ᠤ ᠰᠦᠷᠦᠭᠯᠡᠯ ᠢ ᠳᠥᠷᠪᠡᠨ ᠵᠠᠬ᠎ᠠ ᠶᠢᠨ ᠵᠠᠭᠠᠭ ᠠᠴᠠ ᠭᠠᠳᠠᠭᠰᠢ 100 ᠮᠧᠲᠷ ᠤᠷᠲᠤᠳᠬᠠᠬᠤ ᠪᠠᠷ ᠬᠠᠮᠠᠭᠠᠯᠠᠬᠤ ᠬᠡᠪᠴᠢᠶ᠎ᠡ ᠪᠣᠯᠭᠠᠵᠤ᠂ ᠳᠠᠬᠢᠨ 100 ᠮᠧᠲᠷ ᠤᠷᠲᠤᠳᠬᠠᠬᠤ ᠪᠠᠷ ᠬᠢᠵᠠᠭᠠᠷᠯᠠᠬᠤ ᠣᠷᠣᠨ ᠪᠣᠯᠭᠠᠨ᠎ᠠ᠃     ᠳᠥᠷᠪᠡ᠂ ᠰᠢᠨ᠎ᠡ ᠵᠡᠭᠡᠯᠢ ᠶᠢᠨ ᠠᠮᠤ ᠪᠤᠳᠠᠭᠠᠨ ᠤ ᠥᠷᠲᠡᠭᠡ      ᠰᠢᠨ᠎ᠡ ᠵᠡᠭᠡᠯᠢ ᠶᠢᠨ ᠠᠮᠤ ᠪᠤᠳᠠᠭᠠᠨ ᠤ ᠥᠷᠲᠡᠭᠡ ᠶᠢ 1950 ᠣᠨ ᠳᠤ ᠡᠬᠢᠯᠡᠨ ᠪᠠᠶᠢᠭᠤᠯᠵᠤ᠂ ᠠᠮᠤ ᠪᠤᠳᠠᠭᠠᠨ ᠤ ᠬᠥᠮᠥᠷᠭᠡ ᠶᠢᠨ ᠣᠷᠣᠨ ᠤ ᠡᠵᠡᠯᠡᠬᠦ ᠲᠠᠯᠠᠪᠠᠶ ᠨᠢ 16927. 59 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 5309. 89 ᠲᠡᠭᠰᠢ ᠳᠥᠷᠪᠡᠯᠵᠢᠨ ᠮᠧᠲᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠪᠦᠷᠢᠨ ᠪᠦᠲᠦᠨ ᠠᠮᠤ ᠪᠤᠳᠠᠭᠠᠨ ᠤ ᠥᠷᠲᠡᠭᠡ ᠪᠣᠯᠵᠠᠶ᠃ ᠲᠣᠰ ᠪᠠᠭᠤᠷᠢ ᠶᠢᠨ ᠳᠥᠷᠪᠡᠨ ᠵᠠᠬ᠎ᠠ ᠶᠢᠨ ᠵᠠᠭᠠᠭ ᠢ ᠲᠦᠷ ᠵᠠᠭᠠᠭᠯᠠᠨ ᠲᠣᠭᠲᠠᠭᠠᠵᠤ ᠭᠠᠳᠠᠭᠰᠢ 50 ᠮᠧᠲᠷ ᠤᠷᠲᠤᠳᠬᠠᠬᠤ ᠶᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠭᠠᠵᠤ᠂ ᠳᠠᠬᠢᠨ 50 ᠮᠧᠲᠷ ᠤᠷᠲᠤᠳᠬᠠᠬᠤ ᠶᠢ ᠪᠥᠲᠥᠭᠡᠨ ᠪᠠᠶᠢᠭᠤᠯᠤᠯᠲᠠ ᠶᠢᠨ ᠡᠵᠡᠮᠳᠡᠬᠦ ᠣᠷᠣᠨ ᠪᠦᠰᠡ ᠪᠣᠯᠭᠠᠨ᠎ᠠ᠃      ᠳᠡᠭᠡᠷᠡᠬᠢ ᠲᠡᠦᠬᠡ ᠶᠢᠨ ᠳᠤᠷᠠᠰᠬᠠᠯᠲᠤ  ᠵᠦᠢᠯᠡᠰ ᠤᠨ ᠴᠢᠭ ᠢ ᠢᠯᠭᠠᠨ ᠲᠣᠭᠲᠠᠭᠠᠬᠤ ᠠᠵᠢᠯ ᠢ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠲᠡᠦᠬᠡ ᠶᠢᠨ ᠳᠤᠷᠠᠰᠬᠠᠯᠲᠤ  ᠵᠦᠢᠯᠡᠰ ᠤᠨ ᠪᠠᠶᠢᠭ᠎ᠠ ᠭᠠᠵᠠᠷ ᠤᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠬᠠᠷᠢᠭᠤᠴᠠᠵᠤ᠂ ᠱᠠᠭᠠᠷᠳᠠᠯᠭ᠎ᠠ ᠶᠣᠰᠣᠭᠠᠷ ᠲᠡᠮᠳᠡᠭ ᠤᠨ ᠲᠣᠳᠣᠷᠬᠠᠶᠢᠯᠠᠯᠲᠠ ᠶᠢ ᠰᠠᠶᠢᠲᠤᠷ ᠬᠢᠵᠦ᠂ ᠲᠡᠮᠳᠡᠭᠯᠡᠯ ᠤᠨ ᠲᠠᠩᠰᠠ ᠡᠪᠬᠡᠮᠡᠯ ᠪᠠᠶᠢᠭᠤᠯᠤᠨ᠎ᠠ᠃                             ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                     2021 ᠣᠨ ᠤ 7 ᠳ᠋ᠤᠭᠠᠷ ᠰᠠᠷ᠎ᠠ ᠶᠢᠨ 1᠎ ᠤ ᠡᠳᠦᠷ    
ᠢᠷᠡᠯᠲᠡ᠄ ᠲᠤᠰ ᠰᠦᠯᠵᠢᠶ᠎ᠡ