ᠡᠵᠡᠨ ᠬᠤᠷᠤᠭ᠎ᠠ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠬᠦᠯᠬᠦ ᠲᠦᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/12/15
                   ᠡᠵᠡᠨ ᠵᠠᠰᠠᠭ ᠠᠯᠪᠠᠨ ᠲᠠᠷᠬᠠᠭᠠᠭᠰᠠᠨ  ﹇2021﹈ 21  ᠳ᠋ᠤᠭᠡᠷ ᠲᠣᠭᠠᠲᠤ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶᠎ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠭᠤᠳ ᠬᠠᠷᠢᠶ᠎ᠠ ᠨᠢᠭᠡᠴᠡ᠂ ᠡᠯ᠎ᠡ ᠲᠣᠮᠣ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠳᠤ᠄      ︽ᠡᠵᠡᠨ ᠬᠤᠷᠤᠭ᠎ᠠ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ  ᠲᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾᠎ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠰᠠᠶᠢᠲᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃          ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                   2021 ᠣᠨ ᠤ 7 ᠳ᠋ᠤᠭᠠᠷ ᠰᠠᠷ᠎ᠠ ᠶᠢᠨ 12᠎ ᠤᠨ ᠡᠳᠦᠷ    ᠡᠵᠡᠨ ᠬᠤᠷᠤᠭ᠎ᠠ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ       ᠎ ᠢ ᠵᠢᠭᠰᠠᠭᠠᠨ ᠪᠠᠶᠢᠴᠠᠭᠠᠬᠤ  ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ          ᠶᠡᠷᠦᠩᠬᠡᠶ ᠱᠦᠵᠢ ᠰᠢ ᠶᠢᠨ ᠫᠢᠩ ᠤᠨ ᠡᠩ ᠤᠨ ᠬᠤᠷᠳᠤᠴᠠᠲᠤ ᠲᠡᠮᠦᠷ ᠵᠠᠮ ᠤᠨ ᠠᠮᠤᠷ ᠲᠦᠪᠰᠢᠨ ᠤ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ︵ᠲᠡᠮᠦᠷ ᠵᠠᠮ︶᠎ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠥᠰᠦᠯ︾ ᠪᠠ ︽ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ︵ᠲᠡᠮᠦᠷ ᠵᠠᠮ︶᠎ ᠶᠢᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃      ᠨᠢᠭᠡ᠂ ᠴᠡᠭᠴᠡᠯᠡᠨ ᠵᠠᠰᠠᠬᠤ ᠬᠠᠷᠠᠯᠲᠠ      ᠮᠠᠨ ᠤ ᠬᠤᠰᠢᠭᠤᠨ ᠤ ᠲᠡᠮᠦᠷ ᠵᠠᠮ ᠳᠠᠭᠠᠤ ᠶᠢᠨ ᠠᠳᠡᠯ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠡᠮᠦᠷ ᠵᠠᠮ ᠤᠨ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠬᠦᠨᠳᠦ ᠣᠨᠴᠠ ᠶᠡᠭᠡ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠳᠡᠯ ᠢ ᠡᠷᠡᠰ ᠬᠤᠷᠢᠭᠯᠠᠵᠤ᠂ ᠠᠶᠤᠯᠭᠦᠶ  ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃       ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠪᠥᠬᠦ ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠬᠤᠰᠢᠭᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠪᠦᠷᠢᠯᠳᠦᠬᠦᠨ ᠨᠢ ᠳᠤᠤᠷᠠᠬᠢ ᠮᠡᠲᠦ᠄    ᠳᠤᠭᠤᠶᠢᠯᠠᠩ ᠤᠨ ᠳᠠᠷᠤᠭ᠎ᠠ᠄                ᠶᠠᠨ ᠼᠠᠢ ᠢᠦᠶ       ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂                           ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄          ᠮᠢᠶᠣᠣ ᠯᠸᠢ         ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ      ᠰᠢᠤᠢ ᠵᠢᠶᠠᠨ ᠭᠠᠩ   ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠭᠡᠰᠢᠭᠦᠨ᠄                              ᠵᠣᠣ ᠬᠠᠶ ᠯᠦ      ᠤᠯᠠᠭᠠᠨᠮᠦ᠋ᠷᠡᠨ ᠪᠠᠯᠭᠠᠰᠤᠨ ᠤ ᠳᠠᠷᠤᠭ᠎ᠠ      ᠸᠠᠩ ᠯᠢ ᠵᠥᠩ    ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ                       ᠳᠤᠷᠠᠳᠤᠭᠰᠠᠨ ᠵᠢᠱᠢᠭᠳᠡᠭᠴᠢ᠂ ᠬᠤᠰᠢᠭᠤ ᠡᠨᠧᠷᠭᠢ ᠶᠢᠨ ᠲᠣᠪᠴᠢᠶᠠᠨ ᠤ ᠳᠠᠷᠤᠭ᠎ᠠ      ᠰᠤ᠋ ᠶᠦᠨ ᠹᠸᠡᠭ ᠬᠤᠰᠢᠭᠤ   ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ                                 ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ      ᠸᠠᠩ ᠷᠦᠢ ᠰᠢᠤᠸᠠᠢ         ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠱᠧ ᡁᠢ ᠫᠢᠩ              ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ                                ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠶᠠᠨ ᡁᠢ ᠪᠢᠨ              ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ      ᠰᠢᠤᠢ ᠬᠤᠸᠠᠢ ᠵᠢᠶ          ᠬᠤᠰᠢᠭᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ      ᠵᠠᠩ ᡁᠢ ᠵᠢᠶᠦ᠋ᠨ           ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ      ᠵᠣᠣ ᠶᠦᠩ ᠹᠸᠢ            ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ                                ᠲᠣᠪᠴᠢᠶᠠᠨ ᠤ ᠳᠠᠷᠤᠭ᠎ᠠ      ᠬᠤᠤ ᠯᠦᠩ ᠶᠦᠩ     ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠰᠦᠩ ᠯᠢ ᠫᠢᠩ        ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ      ᠳ᠋ᠦ᠋ ᠬᠠᠶ ᠷᠦᠩ        ᠬᠤᠰᠢᠭᠤ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ      ᠸᠠᠩ ᠯᠢ ᠫᠢᠩ         ᠬᠤᠰᠢᠭᠤ ᠴᠠᠬᠢᠯᠭᠠᠨ ᠬᠠᠩᠭᠠᠬᠤ ᠲᠣᠪᠴᠢᠶᠠᠨ ᠤ ᠳᠠᠷᠤᠭ᠎ᠠ      ᠯᠢᠦ ᠶᠤᠸᠠᠨ ᠮᠢᠩ      ᠬᠤᠰᠢᠭᠤ ᠵᠠᠮ ᠬᠠᠷᠢᠯᠴᠠᠭᠠᠨ ᠤ ᠶᠡᠭᠡ ᠠᠩᠭᠢ ᠶᠢᠨ ᠳᠠᠷᠤᠭ᠎ᠠ      ᠢᠦᠶ ᠴᠢᠩ ᠰᠢᠶᠠᠨ     ᠠᠯᠳᠠᠨᠰᠢᠷᠡᠭᠡᠳᠦ ᠪᠠᠯᠭᠠᠰᠤᠨ ᠤ ᠳᠠᠷᠤᠭ᠎ᠠ      ᠮᠢ ᡁᠢ ᠵᠢᠶᠦ᠋ᠨ        ᠡᠵᠡᠨ ᠬᠤᠷᠤᠭ᠎ᠠ ᠪᠠᠯᠭᠠᠰᠤᠨ ᠤ ᠳᠠᠷᠤᠭ᠎ᠠ      ᠠᠯᠳᠠᠨᠪᠤᠤ             ᠵᠠᠰᠠᠭ ᠪᠠᠯᠭᠠᠰᠤᠨ ᠤ ᠳᠠᠷᠤᠭ᠎ᠠ      ᠴᠧᠨ ᠯᠢ ᠳ᠋ᠦᠩ       ᠨᠠᠷᠢᠨᠳᠤᠬᠤᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ      ᠱᠢ ᠯᠢ ᠵᠢᠶᠦ᠋ᠨ        ᠬᠤᠨᠢᠴᠢᠨᠭᠤᠤᠯ ᠪᠠᠯᠭᠠᠰᠤᠨ ᠤ ᠳᠠᠷᠤᠭ᠎ᠠ      ᠬᠤᠰᠢᠭᠤᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠤᠤᠷ᠎ᠠ ᠠᠯᠪᠠᠨ ᠬᠡᠷ ᠪᠠᠶᠢᠭᠤᠯᠵᠤ᠂ ᠠᠯᠪᠠᠨ ᠬᠡᠷ ᠢ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠤᠨ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠰᠢᠤᠢ ᠵᠢᠶᠠᠨ ᠭᠠᠩ ᠬᠠᠪᠰᠤᠷᠭᠠᠨ ᠡᠭᠦᠷᠭᠡᠯᠡᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠨ᠎ᠠ᠃      ᠡᠯ᠎ᠡ ᠬᠠᠮᠢᠶ᠎ᠠ ᠪᠥᠬᠦᠶ ᠪᠠᠯᠭᠠᠰᠤ ᠴᠤ ᠬᠠᠷᠢᠶᠠᠲᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠶᠢᠨ ᠬᠠᠮᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠵᠤ ᠬᠠᠷᠢᠶᠠᠲᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠶᠢᠰᠢᠳᠠ᠂ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠬᠤᠪᠢᠷᠠᠯᠲᠠ ᠭᠠᠷᠪᠠᠯ᠂ ᠲᠡᠭᠦᠨ ᠤ ᠵᠠᠰᠠᠭ ᠵᠠᠬᠢᠷᠭᠠᠨ ᠤ ᠲᠤᠰᠢᠶᠠᠯ ᠢ ᠣᠷᠣᠯᠠᠵᠤ ᠪᠠᠶᠢᠭ᠎ᠠ ᠠᠵᠢᠯᠲᠠᠨ ᠢᠶᠠᠷ ᠵᠣᠬᠢᠴᠠᠩᠭᠤᠶ ᠠᠵᠢᠯ ᠢ ᠨᠢ ᠵᠠᠯᠭᠠᠮᠵᠢᠯᠠᠭᠤᠯᠵᠤ᠂ ᠠᠰ ᠲᠤᠨᠢ ᠮᠡᠳᠡᠭᠳᠡᠬᠦ ᠦᠭᠡᠶ᠃      ᠭᠤᠷᠪᠠ᠂ ᠭᠤᠣᠯ ᠡᠭᠦᠷᠭᠡ      ︵ᠨᠢᠭᠡ︶ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃      1᠂ ᠠᠶᠤᠯᠬᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾᠂ ︽ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠪᠠ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ᠲᠡᠮᠦᠷ ᠵᠠᠮ ᠳᠠᠭᠠᠤ ᠶᠢᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠣᠷᠣᠨ ᠨᠤᠲᠤᠭ ᠤᠨ ᠬᠡᠰᠡᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠡᠯ᠎ᠡ ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶      2᠂ ᠠᠶᠤᠯᠬᠦᠢ ᠦᠢᠯᠡᠳᠪᠦᠷᠢᠯᠡᠯ ᠤᠨ ᠢᠲᠡᠭᠡᠮᠵᠢ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠲᠡᠮᠦᠷ ᠵᠠᠮ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯ ᠥᠬᠡᠶ ᠦᠢᠯᠡᠳᠪᠦᠷᠢᠯᠡᠯ ᠤᠨ ᠢᠲᠡᠭᠡᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠂ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠲᠠᠢ ᠨᠢᠭᠡᠴᠡ ᠪᠠ ᠬᠤᠪᠢ ᠬᠥᠮᠦᠨ ᠳᠤ ᠢᠯᠡ ᠪᠠᠷ ᠢᠯᠡᠴᠢᠯᠡᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠠᠪᠴᠤ᠂ ᠲᠡᠮᠦᠷ ᠵᠠᠮ ᠤᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠲᠠᠰᠤᠷᠠᠯᠲᠠ ᠥᠬᠡᠶ ᠴᠡᠪᠡᠷᠰᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶᠃      ︵ᠬᠤᠶᠠᠷ︶ ᠠᠮᠤᠷ ᠲᠦᠪᠰᠢᠨ ᠪᠤᠰᠤ ᠳᠠᠯᠳᠠ ᠭᠡᠮ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠴᠢᠩᠭᠠᠷᠠᠭᠤᠯᠬᠤ ᠬᠡᠷᠡᠭᠲᠡᠶ᠃ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢ ᠰᠡᠷᠭᠡᠶᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠲᠡᠮᠦᠷ ᠵᠠᠮ ᠳᠠᠭᠠᠤ ᠶᠢᠨ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ᠂ ᠭᠡᠨᠡᠳᠲᠡ ᠶᠢᠨ ᠴᠢᠨᠠᠷᠲᠠᠶ ᠠᠮᠤᠷ ᠲᠦᠪᠰᠢᠨ ᠤ ᠳᠠᠯᠳᠠ ᠬᠡᠮ ᠢ ᠲᠣᠭᠲᠠᠮᠠᠯ ᠬᠤᠭᠤᠴᠠᠭ᠎ᠠ ᠲᠠᠢ ᠪᠠᠷ ᠤᠶᠢᠯᠠᠭᠠᠨ ᠵᠢᠭᠰᠠᠭᠠᠵᠤ᠂ ᠠᠮᠤᠷ ᠲᠦᠪᠰᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠤᠨ᠂ ᠲᠤᠭ᠎ᠠ ᠨᠢ ᠲᠣᠳᠣᠷᠬᠠᠶ᠂ ᠡᠬᠡ ᠲᠠᠩᠰᠠ ᠨᠢ ᠪᠦᠷᠢᠨ ᠲᠡᠭᠦᠯᠳᠡᠷ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠡᠯ᠎ᠡ ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶᠃      ︵ᠭᠤᠷᠪᠠ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠪᠠᠶᠢᠭᠤᠯᠤᠨ ᠪᠦᠷᠢᠨᠰᠢᠭᠦᠯᠵᠦ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠣᠭᠯᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ᠂ ᠡᠯ᠎ᠡ ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶᠃      ︵ᠳᠥᠷᠪᠡ︶ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃    1᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠣᠷᠴᠢᠨ ᠲᠣᠭᠤᠷᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠦᠯᠦ ᠨᠡᠶᠢᠴᠡᠬᠦ ᠨᠣᠴᠣᠮᠠᠲᠠᠭᠠᠶ ᠳᠡᠯᠪᠡᠷᠡᠮᠡᠲᠡᠭᠡᠶ ᠪᠠ ᠰᠠᠴᠤᠷᠠᠭ ᠴᠢᠨᠠᠷᠲᠠᠶ ᠵᠡᠷᠭᠡ ᠠᠶᠤᠯ ᠲᠠᠢ  ᠡᠳ᠋ ᠦᠢᠯᠡᠳᠪᠦᠷᠢᠯᠡᠬᠦ᠂  ᠡᠳ᠋ᠰᠢᠬᠦᠯᠬᠦ᠂ ᠬᠠᠳᠠᠭᠠᠯᠠᠬᠤ᠂ ᠪᠣᠷᠣᠯᠠᠭᠤᠯᠬᠤ ᠭᠠᠵᠠᠷ ᠲᠠᠯᠠᠪᠤᠷ᠂ ᠬᠥᠮᠥᠷᠭᠡ ᠶᠢ ᠴᠡᠭᠴᠡᠯᠡᠨ ᠵᠠᠰᠠᠬᠤ ᠬᠡᠷᠡᠭᠲᠡᠶ︔ ᠬᠠᠤᠯᠢ ᠠᠴᠠ ᠵᠥᠷᠢᠴᠡᠨ ᠠᠭᠤᠷᠬᠠᠶ ᠮᠠᠯᠲᠠᠬᠤ᠂ ᠴᠢᠯᠠᠭᠤ ᠭᠠᠷᠭᠠᠬᠤ ᠪᠤᠶᠤ ᠳᠡᠯᠪᠡᠴᠢᠬᠦ ᠠᠵᠢᠯ ᠬᠢᠬᠦ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠵᠠᠰᠠᠨ᠎ᠠ︔ ᠬᠥᠷᠰᠢ ᠵᠡᠷᠭᠡᠯᠡᠳᠡᠭᠡ ᠲᠡᠮᠦᠷ ᠵᠠᠮ ᠤᠨ ᠬᠠᠤᠯᠢ ᠠᠴᠠ ᠵᠥᠷᠢᠴᠡᠨ ᠪᠠᠷᠢᠯᠭ᠎ᠠ ᠪᠠᠷᠢᠵᠤ ᠪᠠᠶᠢᠭ᠎ᠠ ᠦᠵᠡᠭᠳᠡᠯ ᠵᠢᠴᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ ᠰᠢᠷᠣᠶ ᠠᠪᠬᠤ᠂ ᠬᠠᠶᠢᠷ ᠮᠠᠯᠲᠠᠬᠤ᠂ ᠭᠤᠤ ᠮᠠᠯᠲᠠᠬᠤ᠂ ᠮᠠᠯᠲᠠᠵᠤ ᠬᠥᠨᠳᠡᠶᠢᠷᠡᠭᠦᠯᠬᠦ ᠠᠵᠢᠯ ᠬᠢᠬᠦ ᠵᠡᠷᠭᠡ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠵᠠᠰᠠᠨ᠎ᠠ︔ ᠲᠡᠮᠦᠷ ᠵᠠᠮ ᠤᠨ ᠬᠥᠭᠦᠷᠭᠡ ᠶᠢᠨ ᠭᠤᠤᠯ ᠮᠥᠷᠡᠨ ᠤ ᠳᠡᠭᠡᠳᠦ ᠳᠣᠣᠷᠠᠳᠤ ᠤᠷᠤᠰᠬᠠᠯ ᠢ ᠠᠯᠤᠰᠯᠠᠨ ᠬᠠᠤᠯᠢ ᠠᠴᠠ ᠵᠥᠷᠢᠴᠡᠨ ᠨᠡᠭᠡᠭᠡᠨ ᠮᠠᠯᠲᠠᠬᠤ᠂ ᠬᠦᠷᠢᠶᠡᠯᠡᠨ ᠬᠠᠭᠠᠯᠪᠤᠷᠢᠯᠠᠵᠤ ᠲᠠᠷᠢᠶ᠎ᠠ ᠲᠠᠷᠢᠬᠤ᠂ ᠭᠤᠤᠯ ᠢ ᠬᠠᠰᠢᠵᠤ ᠬᠠᠰᠢᠯᠭ᠎ᠠ ᠪᠠᠷᠢᠬᠤ᠂ ᠬᠥᠪᠦᠮᠡᠯ ᠬᠥᠭᠦᠷᠭᠡ ᠲᠠᠯᠪᠢᠬᠤ ᠪᠤᠶᠤ ᠲᠡᠮᠦᠷ ᠵᠠᠮ ᠤᠨ ᠬᠥᠭᠦᠷᠭᠡ ᠶᠢᠨ ᠠᠮᠤᠷ ᠲᠦᠪᠰᠢᠨ ᠤ ᠪᠡᠯᠡᠳᠬᠡᠮᠵᠢ ᠶᠢ ᠨᠥᠯᠥᠭᠡᠯᠡᠬᠦ ᠪᠤᠰᠤᠳ ᠠᠰᠠᠭᠤᠳᠠᠯ ᠢ ᠴᠡᠭᠴᠡᠯᠡᠨ ᠵᠠᠰᠠᠨ᠎ᠠ︔ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠡᠭᠴᠡᠯᠡᠨ ᠵᠠᠰᠠᠨ᠎ᠠ᠃      4᠂ ᠵᠠᠰᠠᠮᠠᠯ ᠵᠠᠮ ᠲᠡᠮᠦᠷ ᠵᠠᠮ ᠠᠯᠤᠰᠯᠠᠭᠰᠠᠨ ᠬᠥᠭᠦᠷᠭᠡ᠂ ᠵᠠᠰᠠᠮᠠᠯ ᠵᠠᠮ ᠲᠡᠮᠦᠷ ᠵᠠᠮ ᠵᠡᠷᠭᠡᠴᠡᠭᠡ ᠬᠡᠰᠡᠭ ᠤᠨ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠲᠡᠮᠦᠷ ᠵᠠᠮ ᠤᠨ ᠪᠤᠰᠤ ᠥᠮᠴᠢᠯᠡᠬᠦ ᠡᠷᠬᠡ ᠶᠢᠨ ᠭᠠᠵᠠᠷ᠂ ᠵᠠᠰᠠᠮᠠᠯ ᠵᠠᠮ ᠲᠡᠮᠦᠷ ᠵᠠᠮ ᠠᠯᠤᠰᠯᠠᠭᠰᠠᠨ ᠬᠥᠭᠦᠷᠭᠡ᠂ ᠵᠠᠰᠠᠮᠠᠯ ᠵᠠᠮ ᠲᠡᠮᠦᠷ ᠵᠠᠮ ᠵᠡᠷᠭᠡᠴᠡᠭᠰᠡᠨ ᠭᠠᠵᠠᠷ ᠤᠨ ᠬᠠᠯᠬᠠᠪᠴᠢ ᠵᠢᠴᠢ ᠪᠤᠰᠤᠳ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠳᠣᠪᠤᠶᠢᠯᠭᠠᠵᠤ᠂ ᠠᠰᠠᠭᠤᠳᠠᠯ ᠤᠨ ᠬᠥᠮᠥᠷᠭᠡ ᠪᠠᠶᠢᠭᠤᠯᠤᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔ ᠠᠮᠤᠷ ᠲᠦᠪᠰᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠥᠯᠥ ᠨᠡᠶᠢᠴᠡᠬᠦ ᠨᠡᠶᠢᠲᠡ ᠶᠢᠨ ᠲᠡᠮᠦᠷ ᠵᠠᠮ ᠤᠨ ᠵᠡᠷᠭᠡᠴᠡᠭᠡ ᠬᠠᠮᠠᠭᠠᠯᠠᠯᠲᠠ ᠶᠢᠨ ᠪᠠᠭᠠᠨ᠎ᠠ ︵ᠬᠡᠷᠡᠮ︶᠎ ᠶᠢ ᠥᠭᠡᠷᠡᠴᠢᠯᠡᠨ ᠵᠠᠰᠠᠬᠤ ᠬᠡᠷᠡᠭᠲᠡᠶ︔ ᠲᠡᠮᠦᠷ ᠵᠠᠮ ᠤᠨ ᠥᠮᠴᠢᠯᠡᠬᠦ ᠡᠷᠬᠡ ᠶᠢᠨ ᠨᠡᠶᠢᠲᠡ ᠶᠢᠨ ᠲᠡᠮᠦᠷ ᠵᠠᠮ ᠠᠯᠤᠰᠯᠠᠭᠰᠠᠨ ᠵᠦᠷᠢᠯᠢᠭ ᠬᠥᠭᠦᠷᠭᠡ ᠶᠢᠨ ᠬᠠᠯᠬᠠᠪᠴᠢ ᠬᠡᠷᠡᠰᠬᠡ ᠨᠢ ᠪᠠᠷᠢᠮᠵᠢᠶ᠎ᠠ ᠳᠤ ᠬᠦᠷᠬᠦ ᠦᠭᠡᠶ ᠭᠠᠵᠠᠷ ᠢ ᠴᠡᠭᠴᠡᠯᠡᠨ ᠵᠠᠰᠠᠬᠤ ᠬᠡᠷᠡᠭᠲᠡᠶ︔ ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠥᠭᠦᠷᠭᠡ ᠪᠠ ᠵᠡᠷᠭᠡᠴᠡᠭᠡ ᠵᠠᠮ ᠤᠨ ᠬᠡᠰᠡᠭ ᠤᠨ ᠬᠠᠯᠬᠠᠪᠴᠢ ᠬᠡᠷᠡᠰᠬᠡ᠂ ᠬᠠᠯᠬᠠᠪᠴᠢ ᠲᠤᠤᠷ᠂ ᠵᠠᠮ ᠬᠠᠷᠢᠯᠴᠠᠭᠠᠨ ᠤ ᠲᠡᠮᠳᠡᠭ ᠱᠤᠭᠤᠮ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠵᠢᠴᠢ ᠵᠠᠰᠠᠮᠠᠯ ᠵᠠᠮ ᠲᠡᠮᠦᠷ ᠵᠠᠮ ᠠᠯᠤᠰᠯᠠᠭᠰᠠᠨ ᠬᠥᠭᠦᠷᠭᠡ ᠶᠢᠨ ᠵᠠᠮ ᠳᠤ ᠭᠠᠷᠬᠤ ᠳ᠋ᠧᠩ ᠤᠨ ᠪᠠᠭᠠᠨ᠎ᠠ᠂ ᠵᠠᠮ ᠬᠠᠷᠢᠯᠴᠠᠭᠠᠨ ᠤ ᠬᠢᠨᠠᠨ ᠡᠵᠡᠮᠳᠡᠬᠦ ᠵᠡᠷᠭᠡ ᠲᠤᠯᠭᠠᠭᠤᠷᠢᠯᠠᠬᠤ ᠲᠣᠨᠣᠭᠯᠠᠯ ᠤᠨ ᠳᠠᠯᠳᠠ ᠭᠡᠮ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠬᠦ ᠬᠡᠷᠡᠭᠲᠡᠶ︔ ᠮᠠᠰᠢᠨᠲᠤ ᠲᠡᠷᠭᠡᠨ ᠤ ᠮᠥᠷᠭᠦᠯᠲᠡ ᠳᠤ ᠤᠴᠠᠷᠠᠵᠤ ᠮᠡᠳᠡᠬᠦ ᠲᠡᠮᠦᠷ ᠵᠠᠮ ᠤᠨ ᠨᠡᠶᠢᠲᠡ ᠶᠢᠨ ᠨᠢᠷᠤᠭᠤ ᠠᠯᠤᠰᠯᠠᠭᠰᠠᠨ ᠬᠥᠭᠦᠷᠭᠡ ᠳᠤ ᠢᠳᠡᠪᠬᠢᠲᠡᠶ ᠪᠠᠷ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠬᠥᠭᠦᠷᠭᠡ ᠶᠢᠨ ᠮᠥᠷᠭᠦᠯᠳᠦᠯ ᠢ ᠪᠠᠶᠢᠴᠠᠭᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︔ ᠬᠠᠷᠢᠭᠤᠴᠠᠯᠭᠠᠲᠤ ᠨᠢᠭᠡᠴᠡ᠄ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠡᠯ᠎ᠡ ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠥᠬᠦ ᠬᠤᠰᠢᠭᠤᠨ ᠤ ᠡᠯ᠎ᠡ ᠲᠡᠮᠦᠷ ᠵᠠᠮ ᠤᠨ ᠺᠣᠮᠫᠠᠨᠢ︶᠃      5᠂ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠎ᠠ᠃ ᠠᠶᠤᠯᠲᠠᠶ ᠬᠢᠮᠢ ᠶᠢᠨ ᠪᠣᠳᠠᠰ ᠵᠡᠷᠭᠡ ᠠᠶᠤᠯᠲᠠᠶ ᠪᠣᠳᠠᠰ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠣᠪᠣᠭᠠᠯᠠᠨ ᠬᠠᠳᠠᠭᠠᠯᠠᠬᠤ᠂ ᠠᠶᠤᠯᠲᠠᠶ ᠪᠣᠳᠠᠰ ᠢ ᠳᠤᠷ᠎ᠠ ᠪᠠᠷ ᠢᠶᠠᠨ ᠪᠤᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠲᠥᠪᠯᠡᠷᠡᠭᠦᠯᠦᠨ ᠴᠡᠭᠴᠡᠯᠡᠨ ᠵᠠᠰᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠡᠯ᠎ᠡ ᠬᠠᠮᠢᠶ᠎ᠠ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶᠃      ᠳᠥᠷᠪᠡ᠂ ᠴᠠᠭ ᠬᠤᠭᠤᠴᠠᠭᠠᠨ ᠤ ᠲᠣᠬᠢᠷᠠᠭᠤᠯᠤᠯᠲᠠ      ︵ᠨᠢᠭᠡ︶ ᠬᠡᠮ ᠰᠣᠭᠤᠭ ᠢ ᠤᠶᠢᠯᠠᠭᠠᠨ ᠵᠢᠭᠰᠠᠭᠠᠨ᠎ᠠ ︵2020 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ 31᠎ ᠤ ᠡᠳᠦᠷ ᠪᠣᠯᠲᠠᠯ᠎ᠠ︶᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠡᠯ᠎ᠡ ᠬᠤᠯᠪᠣᠭᠳᠠᠯ ᠪᠥᠬᠦᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠵᠤ᠂ ᠬᠠᠷᠢᠶᠠᠲᠤ ᠣᠷᠣᠨ ᠤ ᠳᠣᠲᠣᠷᠠᠬᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠨ ᠵᠢᠭᠰᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃      ︵ᠬᠤᠶᠠᠷ︶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ ︵2020 ᠣᠨ ᠤ 7 ᠳ᠋ᠤᠭᠠᠷ ᠰᠠᠷ᠎ᠠ ᠶᠢᠨ 31᠎ ᠤ ᠡᠳᠦᠷ ᠠᠴᠠ 12 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ︶᠃ ᠡᠯ᠎ᠡ ᠬᠤᠯᠪᠣᠭᠳᠠᠯ ᠪᠥᠬᠦᠶ ᠬᠠᠷᠢᠭᠤᠴᠠᠯᠭᠠᠲᠤ ᠨᠢᠭᠡᠴᠡ ᠨᠦᠭᠦᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠬᠡᠮ ᠰᠣᠭᠤᠭ ᠪᠠ ᠲᠦᠷᠢᠮ ᠠᠷᠭ᠎ᠠ ᠬᠡᠮᠵᠢᠶ᠎ᠡ ᠶᠢᠨ ︽ᠬᠤᠶᠠᠷ ᠨᠠᠷᠢᠨ ᠲᠠᠩᠰᠠ︾᠎ ᠶᠢ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠨ᠂ ᠴᠡᠭᠴᠡᠯᠡᠨ ᠵᠠᠰᠠᠬᠤ ᠠᠵᠢᠯ ᠤᠨ ᠠᠩᠬ᠎ᠠ ᠠᠯᠬᠤᠮ ᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠲᠥᠪᠯᠡᠷᠡᠭᠦᠯᠦᠨ ᠪᠣᠭᠤᠮᠲᠠ ᠰᠢᠪᠲᠤᠯᠤᠨ᠎ᠠ ︵2021 ᠤᠨ︶᠃ ︽ᠬᠤᠶᠠᠷ ᠨᠠᠷᠢᠨ ᠲᠠᠩᠰᠠ︾᠎ ᠶᠢ ᠬᠥᠳᠡᠯᠦᠩᠭᠦᠶ ᠪᠠᠷ ᠰᠢᠨᠡᠳᠬᠡᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ᠂ ᠫᠠᠶᠢᠰᠠ ᠡᠯᠭᠦᠨ ᠰᠢᠮᠳᠠᠭᠤᠯᠤᠨ ᠭᠦᠶ᠋ᠴᠡᠳᠬᠡᠯᠭᠡᠬᠦ᠂ ᠲᠤᠷᠰᠢᠯᠭ᠎ᠠ ᠶᠢ ᠳᠡᠯᠭᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠴᠡᠭᠴᠡᠯᠡᠨ ᠵᠠᠰᠠᠵᠤ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃      ︵ᠳᠥᠷᠪᠡ︶ ᠪᠠᠬᠢᠵᠢᠭᠦᠯᠦᠨ ᠳᠡᠭᠡᠭᠰᠢᠯᠡᠭᠦᠯᠦᠨ᠎ᠡ ︵2022 ᠤᠨ︶᠃ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠲᠠᠯ᠎ᠠ ᠪᠠᠷ ᠣᠷᠣᠰᠢᠵᠤ ᠪᠠᠶᠢᠭ᠎ᠠ ᠨᠡᠶᠢᠲᠡᠴᠢ ᠴᠢᠨᠠᠷᠲᠠᠶ ᠠᠰᠠᠭᠤᠳᠠᠯ ᠪᠣᠯᠤᠨ ᠲᠣᠪᠤᠶᠢᠮ᠎ᠠ ᠳᠠᠯᠳᠠ ᠭᠡᠮ ᠢ ᠭᠦᠨᠵᠡᠭᠡᠶ ᠵᠠᠳᠠᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠠᠬᠢᠭᠤᠯᠬᠤ ᠬᠡᠷᠡᠭᠲᠡᠶ᠃ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠶᠡᠭᠡ ᠪᠠᠷ ᠳᠡᠯᠭᠡᠷᠡᠭᠦᠯᠵᠦ᠂ ᠲᠦᠷᠢᠮ ᠤᠨ ᠴᠢᠨᠠᠷᠲᠠᠢ ᠦᠷ᠎ᠡ ᠪᠦᠲᠦᠭᠡᠯ ᠢ ᠪᠤᠢ ᠪᠣᠯᠭᠠᠬᠤ ᠪᠥᠭᠡᠳ ᠳᠡᠯᠭᠡᠷᠡᠭᠦᠯᠦᠨ᠎ᠡ᠃      ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠨᠢ ᠠᠵᠢᠯ ᠤᠨ ᠡᠭᠦᠷᠭᠡ ᠴᠢᠳᠠᠪᠬᠢ ᠵᠢᠴᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ᠂ ᠵᠢᠯ ᠪᠦᠷᠢ ᠬᠠᠷᠢᠶ᠎ᠠ ᠪᠥᠬᠦᠶ ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠲᠥᠯᠥᠪᠯᠡᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠦᠨᠡᠯᠡᠨ ᠵᠢᠱᠢᠯᠲᠡ ᠬᠢᠵᠦ᠂ ᠣᠨ ᠤ ᠮᠡᠳᠡᠭᠦᠯᠦᠯᠲᠡ ᠪᠠ ᠭᠤᠷᠪᠠᠨ ᠵᠢᠯ ᠤᠨ ᠠᠵᠢᠯᠯᠠᠭᠠᠨ ᠤ ᠮᠡᠳᠡᠭᠦᠯᠦᠯᠲᠡ ᠪᠣᠯᠭᠠᠬᠤ ᠶᠢᠨ ᠬᠠᠮᠲᠤ ᠵᠢᠯ ᠪᠦᠷᠢ ᠶᠢᠨ 11 ᠳ᠋ᠦᠭᠡᠷ ᠰᠠᠷ᠎ᠠ ᠶᠢᠨ 20᠎ ᠤ ᠡᠳᠦᠷ ᠠᠴᠠ ᠡᠮᠦᠨ᠎ᠡ ᠬᠤᠰᠢᠭᠤᠨ ᠤ ᠲᠡᠮᠦᠷ ᠵᠠᠮ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠲᠤ ᠮᠡᠳᠡᠭᠦᠯᠦᠨ ᠬᠦᠷᠭᠡᠨ᠎ᠡ ︵ᠮᠡᠳᠡᠭᠦᠯᠦᠨ ᠬᠦᠷᠭᠡᠬᠦ ᠰᠢᠤᠳᠠᠨ ᠬᠠᠶᠢᠷᠴᠠᠭ᠄ katib@163.com᠂ ᠬᠠᠷᠢᠯᠴᠠᠬᠤ ᠤᠲᠠᠰᠤ᠄ 0477—8966270︶᠃       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠲᠠᠨᠢᠯᠲᠠ ᠪᠠᠨ ᠨᠢᠭᠡᠳᠬᠡᠨ᠂ ᠤᠳᠤᠷᠢᠳᠬᠤ ᠲᠣᠭᠲᠠᠴᠠ ᠪᠠᠨ ᠪᠦᠷᠢᠨᠰᠢᠬᠦᠯᠵᠦ᠂ ᠬᠡᠷᠡᠭᠵᠢᠭᠦᠯᠬᠦ ᠲᠥᠰᠦᠯ ᠢᠶᠠᠨ ᠲᠣᠭᠲᠠᠭᠠᠨ᠂ ᠴᠠᠭ ᠤᠨ ᠠᠬᠢᠴᠠ ᠪᠠ ᠠᠵᠢᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠂ ᠴᠡᠭᠴᠡᠯᠡᠨ ᠵᠠᠰᠠᠬᠤ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠠᠵᠢᠯ ᠤᠨ ᠬᠢᠨᠠᠨ ᠵᠢᠯᠣᠭᠤᠳᠣᠯᠭ᠎ᠠ ᠶᠢ ᠴᠢᠩᠭᠠᠷᠠᠭᠤᠯᠤᠨ᠎ᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠰᠢᠷᠠᠮ ᠳᠠᠭᠠᠤ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠦᠨ᠂ ᠬᠠᠮᠢᠶ᠎ᠠ ᠪᠥᠬᠦᠶ ᠨᠢᠭᠡᠴᠡ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠡᠮ ᠰᠣᠭᠤᠭ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃      ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠬᠦᠴᠦᠨ ᠢ ᠭᠦᠢᠴᠡᠳ ᠠᠰᠢᠭᠯᠠᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠪᠤᠰᠤ ᠲᠠᠯᠳᠠ ᠭᠡᠮ ᠤᠨ ᠠᠰᠠᠭᠤᠳᠠᠯ ᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ  ᠎ ᠶᠢ ᠤᠬᠠᠭᠤᠯᠵᠤ᠂ ᠢᠯᠠᠩᠭᠤᠶ᠎ᠠ ᠬᠦᠨᠳᠦ ᠶᠡᠭᠡ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠲᠠᠯᠳᠠ ᠭᠡᠮ ᠢ ᠵᠠᠰᠠᠬᠤ ᠳᠤ᠂ ᠵᠠᠭᠤᠴᠢᠯᠠᠭᠤᠷ  ᠎ ᠢᠶᠠᠷ ᠢᠯᠡᠴᠢᠯᠡᠬᠦ᠂ ᠭᠤᠣᠯᠳᠠᠯᠭ᠎ᠠ ᠲᠠᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠠᠪᠴᠤ᠂ ᠠᠬᠢᠭᠤᠯᠤᠭᠰᠠᠨ ᠢᠶᠠᠷ ᠬᠦᠴᠦᠨ ᠦᠬᠡᠢ᠂ ᠠᠯᠪᠠ ᠬᠠᠰᠢᠵᠤ ᠠᠮᠠ ᠪᠥᠭᠯᠡᠭᠰᠡᠨ ᠨᠢᠭᠡᠴᠡ ᠪᠣᠯᠤᠨ ᠬᠤᠪᠢ ᠬᠥᠮᠦᠨ ᠢ ᠢᠯᠡᠴᠢᠯᠡᠬᠦ ᠬᠡᠷᠡᠭᠲᠡᠢ᠃    
ᠢᠷᠡᠯᠲᠡ᠄ ᠲᠤᠰ ᠰᠦᠯᠵᠢᠶ᠎ᠡ