ᠡᠵᠡᠨ ᠵᠠᠰᠠᠭ ᠠᠯᠪᠠᠨ ᠲᠠᠷᠬᠠᠭᠠᠭᠰᠠᠨ ﹇2021﹈13 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠠᠮᠢᠶ᠎ᠠ ᠪᠥᠬᠦᠶ ᠠᠵᠤ | ᠠᠬᠤᠶᠢᠯᠠᠯ ᠳᠤ᠄ | ︽ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ︵2020 ᠣᠨ 2024 ᠣᠨ︶ | ︾ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠬᠢᠨᠠᠮᠠᠭᠠᠶ ᠵᠣᠬᠢᠶᠠᠨ ᠪᠠᠶᠢᠭᠤᠯᠤᠨ | ᠬᠡᠷᠡᠭᠵᠢᠭᠦᠯᠲᠦᠭᠡᠶ᠃ | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 10 ᠤ ᠡᠳᠦᠷ | | | ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠥᠪᠵᠢᠭᠦᠯᠭᠡ ︵2020 ᠤᠨ — 2024 ᠤᠨ︶ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠪᠣᠯ ︽ᠢᠨᠲ᠋ᠧᠷᠨᠧᠲ ᠰᠦᠯᠵᠢᠶ᠎ᠡ +︾ ᠶᠢᠨ ᠴᠠᠭ ᠦᠶ᠎ᠡ ᠶᠢᠨ ᠴᠢᠬᠤᠯᠠ ᠶᠡᠭᠡ ᠬᠥᠭᠵᠢᠯᠲᠡ ᠶᠢᠨ ᠠᠷᠭ᠎ᠠ | ᠬᠡᠮᠵᠢᠶ᠎ᠡ ᠮᠥᠨ᠂ ᠣᠷᠣᠨ ᠪᠦᠰᠡ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠬᠦ᠂ ᠪᠦᠬᠦ ᠬᠤᠰᠢᠭᠤᠨ ᠤ ᠦᠢᠯᠡᠰ ᠪᠣᠰᠬᠠᠬᠤ᠂ | ᠰᠢᠨ᠎ᠡ ᠶᠢ ᠡᠭᠦᠳᠬᠦ ᠶᠢ ᠠᠬᠢᠭᠤᠯᠬᠤ ᠰᠢᠨ᠎ᠡ ᠠᠷᠭ᠎ᠠ ᠵᠠᠮ ᠮᠥᠨ᠂ ᠮᠥᠨᠴᠦ ᠪᠦᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠳᠠᠪᠠᠭᠤᠯᠢᠭ ᠢ ᠳᠠᠬᠢᠨ ᠪᠤᠢ ᠪᠣᠯᠭᠠᠵᠤ | ᠂ ᠭᠢᠯᠠᠰ ᠴᠢᠭ ᠢ ᠳᠠᠬᠢᠨ ᠢᠯᠡᠷᠡᠭᠦᠯᠬᠦ ᠰᠢᠨ᠎ᠡ ᠲᠣᠬᠢᠶᠠᠯ ᠮᠥᠨ᠃ ᠥᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠶᠢᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠤᠰᠢᠭᠤᠨ ᠤ ᠬᠡᠪᠴᠢᠶᠡᠨ ᠤ ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠴᠢᠩᠭᠠᠷᠠᠭᠤᠯᠬᠤ ᠶᠢᠨ ᠲᠥᠯᠥᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠲᠠᠪᠤᠨ ᠵᠢᠯ ᠣᠷᠴᠢᠮ ᠤᠨ ᠬᠤᠭᠤᠴᠠᠭᠠᠨ ᠳᠤ ᠪᠥᠬᠦ ᠬᠤᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠪᠠᠷ ᠲᠣᠭᠲᠠᠪᠠ᠃ ᠡᠵᠡᠨ ᠬᠤᠷᠤᠭ᠎ᠠ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ | ᠲᠥᠯᠥᠪᠵᠢᠭᠦᠯᠭᠡ ᠶᠢ ᠣᠨᠴᠠᠭᠠᠶᠢᠯᠠᠨ ᠲᠣᠭᠲᠠᠭᠠᠪᠠ᠂ ᠲᠥᠯᠥᠪᠵᠢᠭᠦᠯᠭᠡ ᠶᠢᠨ ᠬᠤᠭᠤᠴᠠᠭ᠎ᠠ ᠨᠢ 2020 ᠤᠨ ᠠᠴᠠ 2024 ᠤᠨ ᠪᠣᠯᠤᠨ᠎ᠠ᠃ | ᠨᠢᠭᠡ᠂ ᠬᠥᠭᠵᠢᠯᠲᠡ ᠶᠢᠨ ᠣᠳᠣᠬᠢ ᠪᠠᠶᠢᠳᠠᠯ | ︵ᠨᠢᠭᠡ︶ ᠰᠢᠨ᠎ᠡ ᠴᠠᠭ ᠦᠶ᠎ᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠥᠷᠨᠢᠨ ᠬᠥᠭᠵᠢᠬᠦ ᠬᠤᠭᠤᠴᠠᠭᠠᠨ ᠳᠤ ᠣᠷᠣᠪᠠ᠃ 2014 ᠣᠨ ᠠᠴᠠ | ᠨᠠᠰᠢ᠂ ᠤᠯᠤᠰ ᠠᠴᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠯᠪᠣᠭᠳᠠᠯ ᠪᠥᠬᠦᠶ ᠣᠯᠠᠨ ᠵᠦᠢᠯ ᠤᠨ ᠠᠰᠢᠭᠲᠠᠶ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ | ᠨᠡᠶᠢᠲᠡᠯᠡᠵᠦ᠂ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠤᠨ ᠵᠢᠷᠤᠮᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠰᠦᠯᠵᠢᠶ᠎ᠡ ᠪᠠᠷ | ᠪᠠᠷᠠᠭ᠎ᠠ ᠬᠤᠳᠠᠯᠳᠤᠨ ᠠᠪᠬᠤ᠂ ᠢᠨᠲ᠋ᠧᠷ ᠰᠦᠯᠵᠢᠶ᠎ᠡ + ᠵᠡᠷᠭᠡ ᠡᠯᠧᠺᠲᠷᠣᠨ ᠬᠤᠳᠠᠯᠳᠤᠭᠠᠨ ᠤ ᠣᠯᠠᠨ ᠬᠦᠷᠢᠶᠡᠨ ᠳᠤ ᠨᠡᠯᠢᠶᠡᠳ ᠲᠦᠷᠭᠡᠨ ᠨᠡᠮᠡᠭᠳᠡᠯ ᠤᠨ | ᠬᠤᠷᠳᠤᠴᠠ ᠶᠢ ᠪᠠᠲᠤᠯᠠᠪᠠ᠃ 2019 ᠣᠨ ᠳᠤ᠂ ᠪᠥᠬᠦ ᠬᠤᠲᠠ ᠶᠢᠨ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 25. 8 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26. 1% ᠪᠠᠷ ᠨᠡᠮᠡᠭᠳᠡᠵᠦ᠂ ᠪᠥᠬᠦ ᠣᠷᠣᠨ ᠤ 12 ᠠᠶᠢᠮᠠᠭ ᠬᠤᠲᠠ ᠳᠤ ᠭᠤᠷᠪᠠᠳᠤᠭᠠᠷ ᠲᠤ | ᠣᠷᠣᠵᠤ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 6769 ᠲᠦᠮᠡᠨ ᠬᠤᠪᠢ ᠳᠤ ᠬᠦᠷᠴᠦ᠂ ᠪᠥᠬᠦ ᠬᠤᠲᠠ ᠶᠢᠨ ᠬᠥᠭᠵᠢᠶᠡᠨᠲᠡᠶ ᠰᠦᠯᠵᠢᠶᠡᠨ ᠤ | ᠳᠡᠯᠭᠡᠭᠦᠷ 9080 ᠪᠠᠶᠢᠵᠤ᠂ 10400 ᠭᠠᠷᠤᠶ ᠬᠥᠮᠦᠨ ᠤ ᠠᠵᠢᠯ ᠣᠯᠭᠤᠯᠲᠠ ᠶᠢ ᠰᠢᠭᠤᠳ ᠳᠠᠶᠢᠴᠢᠯᠠᠪᠠ᠃ ᠮᠠᠨ ᠤ ᠬᠤᠲᠠ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠬᠡᠳᠦ᠋ᠢᠪᠡᠷ ᠡᠬᠢᠯᠡᠯᠲᠡ ᠶᠢᠨ ᠪᠠ ᠳᠡᠭᠡᠭᠰᠢᠯᠡᠬᠦ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠪᠠᠴᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠬᠠᠮᠤᠷᠬᠤ ᠬᠡᠪᠴᠢᠶ᠎ᠡ ᠪᠠ ᠨᠡᠪᠴᠢᠯᠲᠡ ᠶᠢᠨ ᠨᠣᠷᠮ᠎ᠠ ᠲᠣᠭᠲᠠᠭᠤᠨ ᠢᠶᠠᠷ ᠳᠡᠭᠡᠭᠰᠢᠯᠡᠵᠦ᠂ ᠠᠵᠤ ᠠᠬᠤᠶᠢᠯᠠᠯ ᠤᠨ | ᠬᠤᠭᠤᠷᠣᠨᠳᠣ᠂ ᠠᠵᠤ ᠠᠬᠤᠶᠢᠯᠠᠯ ᠬᠢᠭᠡᠳ ᠬᠤᠪᠢ ᠬᠥᠮᠦᠨ ᠤ ᠬᠤᠭᠤᠷᠣᠨᠳᠣ᠂ ᠬᠤᠪᠢ ᠬᠥᠮᠦᠨ ᠬᠢᠭᠡᠳ ᠵᠠᠬ᠎ᠠ ᠳᠡᠯᠭᠡᠭᠦᠷ ᠤᠨ ᠬᠤᠭᠤᠷᠣᠨᠳᠣᠬᠢ ᠰᠦᠯᠵᠢᠶ᠎ᠡ ᠪᠠᠷ | ᠬᠤᠳᠠᠯᠳᠤᠨ ᠠᠪᠬᠤ ᠶᠠᠪᠤᠳᠠᠯ ᠶᠠᠪᠤᠬᠤ ᠲᠤᠲᠤᠮ ᠬᠥᠭᠵᠢᠶᠡᠨ ᠲᠠᠢ ᠪᠣᠯᠵᠣ᠂ ᠡᠵᠡᠨ ᠬᠤᠷᠤᠭ᠎ᠠ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠥᠷᠭᠡᠨ ᠠᠭᠤᠳᠠᠮ ᠣᠷᠣᠨ ᠵᠠᠶ ᠪᠠ ᠰᠠᠶᠢᠨ ᠰᠠᠶᠢᠬᠠᠨ | ᠠᠵᠠ ᠲᠣᠬᠢᠶᠠᠯ ᠬᠠᠩᠭᠠᠭᠰᠠᠨ ᠪᠠᠶᠢᠨ᠎ᠠ᠃ | ︵ᠬᠤᠶᠠᠷ︶ ᠤᠯᠠᠮᠵᠢᠯᠠᠯᠲᠤ ᠠᠵᠤ ᠠᠬᠤᠶᠢᠯᠠᠯ ᠳᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠵᠡᠷᠭᠡ ᠪᠠᠷ ᠶᠠᠪᠤᠭᠤᠯᠬᠤ ᠦᠷ᠎ᠡ ᠪᠦᠲᠦᠮᠵᠢ ᠢᠯᠡᠳᠲᠡ | ᠪᠣᠯᠪᠠ᠃ ᠤᠯᠠᠮᠵᠢᠯᠠᠯᠲᠤ ᠦᠢᠯᠡᠳᠬᠦ ᠦᠢᠯᠡᠰ᠂ ᠳᠠᠷᠢᠵᠤ ᠲᠡᠵᠢᠭᠡᠬᠦ ᠠᠵᠤ ᠠᠬᠤᠶᠢᠯᠠᠯ᠂ ᠲᠤᠰᠬᠠᠶ ᠬᠤᠷᠰᠢᠶᠠᠵᠢᠯ ᠵᠠᠯᠭᠠᠭ᠎ᠠ ᠪᠠᠷ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠵᠡᠷᠭᠡᠪᠡᠷ ᠡᠬᠢᠯᠡᠭᠦᠯᠵᠦ᠂ ᠢᠯᠡᠳᠲᠡ ᠦᠷ᠎ᠡ ᠪᠦᠲᠦᠮᠵᠢ ᠣᠯᠵᠤ᠂ ᠥᠪᠥᠷ ᠮᠣᠩᠭᠤᠯ ᠤᠨ ᠢ ᠨᠸᠡᠭ ᠲᠦᠩ ᠡᠨᠧᠷᠭᠢ ᠶᠢᠨ ᠬᠢᠵᠠᠭᠠᠷᠲᠤ ᠺᠣᠮᠫᠠᠨᠢ᠂ ᠭᠦᠸᠧ | ᠨᠸᠡᠭ ᠬᠠᠷᠢᠯᠴᠠᠨ ᠨᠡᠪᠲᠡᠷᠡᠬᠦ ᠥᠪᠥᠷ ᠮᠣᠩᠭᠤᠯ ᠤᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠶᠦᠨ | ᠳ᠋ᠦᠩ ᠠᠮᠢ ᠠᠬᠤᠶ ᠶᠢᠨ ᠠᠵᠤ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠵᠡᠷᠭᠡ ᠨᠢ ᠨᠢᠭᠡᠨᠲᠡ ᠡᠵᠡᠨ ᠬᠤᠷᠤᠭ᠎ᠠ ᠬᠤᠰᠢᠭᠤ ᠴᠢᠨᠠᠭᠰᠢᠯᠠᠪᠠᠯ ᠣᠷᠳᠣᠰ | ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠲᠥᠴᠢ ᠠᠵᠤ ᠠᠬᠤᠶᠢᠯᠠᠯ ᠪᠠ ᠤᠯᠠᠮᠵᠢᠯᠠᠯᠲᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | ︵ᠭᠤᠷᠪᠠ︶ ᠡᠯᠧᠺᠲᠷᠣᠨ ᠬᠤᠳᠠᠯᠳᠤᠭᠠᠨ ᠤ ᠶᠠᠪᠤᠳᠠᠯ ᠳᠤ ᠦᠢᠯᠡᠴᠢᠯᠡᠬᠦ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ᠂ 2020 | ᠣᠨ ᠳᠤ 1000 ᠲᠦᠮᠡ ᠰᠢᠬᠠᠮ ᠲᠥᠭᠦᠷᠢᠭ ᠤᠨ ᠪᠠᠯᠠ ᠣᠷᠣᠭᠤᠯᠵᠤ᠂ ᠠᠯᠲᠠᠨᠰᠢᠷᠡᠭᠡ ᠪᠠᠯᠭᠠᠰᠤᠨ ᠳᠤ 2000 ᠲᠡᠭᠰᠢ ᠳᠥᠷᠪᠡᠯᠵᠢᠨ ᠮᠧᠲᠷ ᠭᠠᠵᠠᠷ | ᠡᠵᠡᠯᠡᠭᠰᠡᠨ ᠬᠤᠰᠢᠭᠤ ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ | ᠲᠤᠬᠠᠶᠢᠯᠠᠭᠰᠠᠨ ᠠᠵᠢᠯ ᠢ ᠵᠣᠬᠢᠴᠠᠭᠤᠯᠬᠤ᠂ ᠦᠢᠯᠡᠴᠢᠯᠡᠬᠦ᠂ ᠪᠣᠯᠪᠠᠰᠤᠷᠠᠭᠤᠯᠬᠤ᠂ ᠵᠥᠪᠳᠡᠯᠴᠡᠬᠦ ᠳᠤ ᠬᠡᠷᠡᠭᠯᠡᠭᠰᠡᠨ ᠪᠥᠭᠡᠳ ᠬᠤᠨᠢᠴᠢᠨᠭᠤᠤᠯ ᠪᠠᠯᠭᠠᠰᠤ᠂ ᠵᠠᠰᠠᠭ | ᠪᠠᠯᠭᠠᠰᠤ᠂ ᠡᠵᠡᠨ ᠬᠤᠷᠤᠭ᠎ᠠ ᠪᠠᠯᠭᠠᠰᠤ ᠵᠡᠷᠭᠡ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ ᠶᠢ 7 | ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠠᠵᠢᠯ ᠢ ᠤᠷᠢᠳ ᠢᠶᠠᠷ ᠲᠤᠷᠰᠢᠨ ᠥᠷᠨᠢᠭᠦᠯᠦᠭᠰᠡᠨ ᠪᠥᠭᠡᠳ ᠢᠯᠡᠳᠲᠡ ᠦᠷ᠎ᠡ ᠪᠦᠲᠦᠮᠵᠢ | ᠤᠯᠪᠠ᠃ | ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠰᠢᠭᠤᠨ ᠤ ᠮᠡᠳᠡᠭᠡ ᠵᠠᠩᠭᠢᠴᠢᠯᠠᠯᠲᠠ ᠶᠢᠨ ᠰᠠᠭᠤᠷᠢ ᠲᠦᠬᠦᠭᠡᠷᠦᠮᠵᠢ ᠶᠢᠨ ᠦᠢᠯᠡᠴᠢᠯᠡᠭᠡᠨ ᠤ | ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ 4 G ᠰᠠᠭᠤᠷᠢ ᠥᠷᠲᠡᠭᠡ 416 ᠶᠢ ᠨᠡᠪᠲᠡᠷᠡᠭᠦᠯᠵᠦ᠂ ᠬᠤᠲᠠ ᠲᠣᠭᠤᠷᠢᠭ ᠪᠠ ᠠᠵᠤ ᠦᠶ᠋ᠯᠡᠳᠪᠦᠷᠢ ᠶᠢᠨ | ᠬᠦᠷᠢᠶᠡᠯᠡᠩ ᠲᠣᠭᠤᠷᠢᠭ ᠤᠨ 4 G ᠲᠤᠤᠷ ᠰᠦᠯᠵᠢᠶᠡᠨ ᠤ ᠪᠦᠷᠬᠦᠴᠡ ᠶᠢᠨ ᠨᠣᠷᠮ᠎ᠠ ᠨᠢᠭᠡᠨᠲᠡ 90 % ᠳᠤ ᠬᠦᠷᠴᠦ᠂ ᠪᠦᠷᠬᠦᠭᠦᠯᠦᠭᠰᠡᠨ ᠦᠬᠡᠢ ᠰᠢᠶᠠᠩ | ᠪᠠᠯᠭᠠᠰᠤ ᠶᠢ 2 — 3 ᠵᠢᠯ ᠳᠤ ᠪᠦᠬᠦᠨ ᠢ ᠪᠦᠷᠬᠦᠬᠦᠯᠪᠡ︔ 2019 ᠣᠨ ᠤ ᠡᠴᠦᠰ ᠪᠣᠯᠲᠠᠯ᠎ᠠ᠂ ᠪᠥᠬᠦ ᠬᠤᠰᠢᠭᠤᠨ ᠳᠤ ᠥᠷᠭᠡᠨ ᠪᠦᠰᠡᠲᠦ ᠢᠨᠲ᠋ᠧᠷ | ᠰᠦᠯᠵᠢᠶᠡᠨ ᠤ ᠬᠡᠷᠡᠭᠯᠡᠭᠴᠢ 1. 69 ᠡᠷᠦᠬᠡ ᠪᠠᠶᠢᠵᠤ᠂ ᠥᠷᠭᠡᠨ ᠪᠦᠰᠡᠲᠦ ᠢᠨᠲ᠋ᠧᠷ ᠰᠦᠯᠵᠢᠶ᠎ᠡ ᠶᠢ ᠨᠢᠭᠡᠨᠲᠡ 116 ᠵᠠᠰᠠᠭ ᠵᠠᠬᠢᠷᠭᠠᠨ ᠤ ᠲᠣᠰᠬᠤᠨ ᠳᠤ ᠵᠠᠯᠭᠠᠪᠠ | ᠃ | 2006 ᠣᠨ ᠠᠴᠠ ᠨᠠᠰᠢ᠂ ᠮᠠᠰᠢ ᠣᠯᠠᠨ ᠲᠦᠷᠭᠡᠨ ᠬᠦᠷᠭᠡᠯᠲᠡ ᠶᠢᠨ ᠣᠷᠣᠯᠠᠨ ᠬᠦᠢᠴᠡᠳᠭᠡᠭᠴᠢ ᠵᠢᠴᠢ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ | ᠵᠠᠯᠭᠠᠭ᠎ᠠ ᠪᠠᠷ ᠪᠥᠬᠦ ᠬᠤᠰᠢᠭᠤᠨ ᠳᠤ ᠨᠤᠲᠤᠭᠰᠢᠵᠤ᠂ ᠭᠤᠤᠯᠳᠠᠭᠤ ᠰᠢᠤᠳᠠᠨ ᠤ EMS᠂ ᠱᠦᠨ ᠹᠸᠡᠭ᠂ ᠶᠤᠸᠠᠨ ᠲᠦᠩ᠂ ᠱᠤᠨ ᠲᠦᠩ᠂ ᠵᠥᠩ ᠲᠦᠩ᠂ | ᠶᠦᠨ ᠳ᠋ᠠ᠂ ᠲᠦᠷᠭᠡᠨ ᠬᠦᠷᠭᠡᠯᠲᠡ ᠵᠡᠷᠭᠡ ᠦᠢᠯᠡᠴᠢᠯᠡᠭᠡᠨ ᠤ ᠠᠵᠤ ᠠᠬᠤᠶᠢᠯᠠᠯ ᠪᠠᠶᠢᠵᠤ᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠲᠦᠷᠭᠡᠨ ᠬᠦᠷᠭᠡᠯᠲᠡ ᠶᠢᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠪᠦᠷᠢᠮᠦᠰᠦᠨ ᠬᠠᠩᠭᠠᠵᠤ ᠴᠢᠳᠠᠬᠤ ᠪᠣᠯᠵᠠᠶ᠃ ᠡᠭᠦᠨ ᠠᠴᠠ ᠭᠠᠳᠠᠨ᠎ᠠ᠂ | ᠪᠥᠬᠦ ᠬᠤᠰᠢᠭᠤᠨ ᠤ ᠣᠲᠣ ᠦᠶ᠎ᠡ ᠶᠢᠨ ᠪᠠᠷᠠᠭᠠᠨ ᠤ ᠬᠦᠢᠯᠭᠡᠭᠡ᠂ ᠮᠥᠩᠭᠦᠨ ᠬᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠪᠠᠷ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠲᠤᠯᠭᠠᠭᠤᠷᠢᠯᠠᠬᠤ ᠦᠢᠯᠡᠴᠢᠯᠡᠭᠡᠨ ᠤ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠪᠥᠬᠦ ᠤᠯᠤᠰ ᠤᠨ ᠡᠯ᠎ᠡ ᠲᠣᠮᠣ ᠪᠠᠷᠠᠭᠠᠨ ᠤ ᠬᠦᠢᠯᠭᠡᠭᠡᠨ ᠤ | ᠺᠣᠮᠫᠠᠨᠢ ᠶᠢᠨ ᠦᠢᠯᠡᠴᠢᠯᠡᠭᠡᠨ ᠤ ᠴᠡᠭ ᠢ ᠲᠥᠪᠯᠡᠷᠡᠭᠦᠯᠦᠭᠰᠡᠨ ᠪᠠᠶᠢᠨ᠎ᠠ᠃ | ᠬᠤᠶᠠᠷ᠂ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠵᠢᠴᠢ ᠭᠤᠣᠯ ᠬᠠᠷᠠᠯᠲᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠠᠵᠤ ᠦᠶ᠋ᠯᠡᠰ ᠤᠨ ᠬᠥᠭᠵᠢᠯᠲᠡ ᠶᠢᠨ ᠰᠡᠳᠬᠢᠴᠡ ᠪᠠᠷ | ᠵᠢᠯᠣᠭᠤᠳᠣᠯᠭ᠎ᠠ ᠪᠣᠯᠭᠠᠨ᠂ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠳᠣᠭᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠪᠠᠷ ᠬᠥᠳᠡᠯᠭᠡᠬᠦ ᠬᠦᠴᠦᠨ ᠪᠣᠯᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠪᠣᠳᠠᠲᠤ ᠴᠣᠭᠴᠠᠲᠤ ᠠᠵᠤ ᠠᠬᠤᠶ ᠶᠢᠨ ᠣᠷᠭᠠᠨᠢᠭ ᠢᠶᠠᠷ | ᠠᠭᠤᠰᠤᠯᠴᠠᠬᠤ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠬᠤ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠲᠥᠪᠯᠡᠷᠡᠭᠦᠯᠦᠨ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ | ᠳᠡᠯᠭᠡᠭᠦᠷ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠵᠢᠭᠤ ᠬᠥᠭᠵᠢᠭᠰᠡᠨ ᠪᠠ ᠬᠥᠭᠡᠭᠡᠵᠦ ᠬᠦᠢᠴᠡᠨ | ᠳᠠᠪᠠᠭ᠋ᠤ᠂ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠦᠨ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠢ | ᠥᠷᠭᠡᠳᠬᠡᠬᠦ᠂ ᠪᠣᠷᠣᠯᠠᠭᠤᠯᠭ᠎ᠠ ᠶᠢ ᠠᠬᠢᠭᠤᠯᠬᠤ᠂ ᠠᠵᠢᠯ ᠣᠯᠭᠤᠯᠲᠠ ᠶᠢ ᠳᠠᠶᠢᠴᠢᠯᠠᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠦᠢᠯᠡᠳᠦᠯ ᠢ | ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠣᠬᠢᠴᠠᠭᠤᠯᠤᠨ ᠠᠬᠢᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ᠂ | ᠨᠢᠭᠡᠳᠦᠯᠲᠡᠶ ᠲᠥᠯᠥᠪᠵᠢᠭᠦᠯᠬᠦ᠂ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠲᠤᠯᠭᠠᠭᠤᠷᠢᠯᠠᠬᠤ ᠲᠥᠬᠦᠷ ᠰᠢᠰᠲ᠋ᠧᠮᠵᠢ ᠶᠢᠨ | ᠲᠦᠷᠭᠡᠨ ᠬᠥᠭᠵᠢᠬᠦ ᠶᠢ ᠠᠬᠢᠭᠤᠯᠤᠨ᠎ᠠ᠃ | ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠵᠤ᠂ ᠡᠵᠡᠨ | ᠬᠤᠷᠤᠭ᠎ᠠ ᠬᠤᠰᠢᠭᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠠ ᠳᠠᠪᠠᠭᠤᠯᠢᠭ ᠠᠵᠤ ᠦᠢᠯᠡᠰ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠪᠣᠳᠠᠲᠤ | ᠴᠣᠭᠴᠠ ᠶᠢᠨ ᠠᠵᠤ ᠠᠬᠤᠶ ᠬᠢᠭᠡᠳ ᠲᠤᠤᠷ ᠰᠦᠯᠵᠢᠶᠡᠨ ᠤ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠡᠷᠡᠭᠯᠡᠭᠡ ᠶᠢ ᠪᠣᠶ ᠪᠣᠯᠭᠠᠨ᠎ᠠ᠃ | ᠵᠢᠱᠢᠶ᠎ᠡ ᠦᠵᠡᠭᠦᠯᠦᠨ ᠳᠠᠶᠢᠴᠢᠯᠠᠵᠤ᠂ ᠭᠤᠤᠯᠳᠠᠯᠭ᠎ᠠ ᠶᠢ ᠳᠣᠪᠤᠶᠢᠯᠭᠠᠬᠤ᠃ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠡᠯ᠎ᠡ ᠠᠵᠢᠯ ᠲᠥᠷᠥᠯ ᠢ | ᠳᠠᠶᠢᠴᠢᠯᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠥᠷᠨᠢᠭᠦᠯᠵᠦ᠂ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ ᠤᠨ ᠴᠤᠭᠯᠠᠷᠠᠯ ᠢ ᠳᠠᠶᠢᠴᠢᠯᠠᠨ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ | ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠤᠯᠠᠮᠵᠢᠯᠠᠯᠲᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ︵ᠭᠤᠷᠪᠠ︶ ᠭᠤᠣᠯ ᠬᠠᠷᠠᠯᠲᠠ | ᠬᠥᠭᠵᠢᠯᠲᠡ ᠶᠢᠨ ᠭᠤᠤᠯᠳᠠᠯᠭ᠎ᠠ᠄ ᠡᠵᠡᠨ ᠬᠤᠷᠤᠭ᠎ᠠ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠲᠠᠪᠤᠨ ᠵᠢᠯ ᠤᠨ ᠳᠣᠲᠣᠷ᠎ᠠ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠡᠷᠡᠭᠯᠡᠯᠲᠡ ᠶᠢ ᠨᠠᠩ ᠥᠷᠭᠡᠨ ᠳᠡᠯᠭᠡᠷ᠂ ᠪᠠᠲᠤᠯᠠᠭ᠎ᠠ ᠶᠢᠨ ᠰᠢᠰᠲ᠋ᠧᠮᠵᠢ ᠶᠢ ᠨᠠᠩ ᠪᠦᠷᠢᠨ ᠲᠡᠭᠦᠯᠳᠡᠷ᠂ ᠲᠥᠬᠦᠷ | ᠦᠢᠯᠡᠴᠢᠯᠡᠭᠡ ᠶᠢ ᠨᠠᠩ ᠪᠦᠷᠢᠨ ᠲᠡᠭᠦᠯᠳᠡᠷ᠂ ᠠᠵᠤ ᠦᠢᠯᠡᠰ ᠤᠨ ᠬᠥᠭᠵᠢᠯᠲᠡ ᠶᠢ ᠨᠠᠩ ᠲᠥᠪᠯᠡᠷᠡᠭᠰᠡᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ | ᠪᠠᠶᠢᠷᠢᠰᠢᠯ ᠢ ᠪᠦᠷᠢᠯᠳᠦᠭᠦᠯᠦᠨ᠎ᠡ᠃ | ᠬᠥᠭᠵᠢᠯᠲᠡ ᠶᠢᠨ ᠬᠠᠷᠠᠯᠲᠠ᠄ 2024 ᠤᠨ ᠪᠣᠯᠬᠤ ᠳᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠬᠡᠮᠵᠢᠶ᠎ᠡ ᠶᠢ | 35 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠳᠠᠬᠢ ᠰᠦᠯᠵᠢᠶᠡᠨ ᠤ | ᠵᠢᠵᠢᠭᠯᠡᠨ ᠬᠤᠳᠠᠯᠳᠤᠭᠰᠠᠨ ᠲᠤᠭ᠎ᠠ ᠶᠢᠨ ᠡᠵᠡᠯᠡᠬᠦ ᠬᠠᠷᠢᠴᠠᠯ ᠢ 25 % ᠠᠴᠠ ᠳᠠᠪᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯᠯᠠᠭᠰᠠᠳ ᠢ | 20000 ᠪᠣᠯᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ | ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠣᠶ ᠪᠣᠯᠭᠠᠨ᠎ᠠ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭ᠎ᠠ ᠶᠢᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨ ᠪᠣᠯᠭᠠᠨ᠎ᠠ᠃ ᠲᠦᠷᠭᠡᠨ | ᠬᠦᠷᠭᠡᠯᠲᠡ ᠶᠢ ᠰᠢᠶᠠᠩ ᠪᠠᠯᠭᠠᠰᠤ᠂ ᠲᠣᠰᠬᠤᠨ ᠳᠤᠭᠤᠶᠢᠯᠠᠩ ᠳᠤ ᠬᠦᠷᠭᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠲᠤᠬᠢᠷᠠᠭᠤᠯᠤᠨ ᠬᠦᠷᠭᠡᠬᠦ ᠴᠢᠳᠠᠪᠤᠷᠢ ᠶᠢ | ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠦᠬᠦᠨ ᠢ ᠪᠦᠷᠬᠦᠬᠦᠯᠬᠦ ᠶᠢ ᠪᠡᠶᠡᠯᠡᠭᠦᠯᠬᠦ ᠶᠢᠨ ᠬᠠᠮᠲᠤ ᠪᠠᠷᠠᠭ᠎ᠠ ᠶᠢᠨ ᠬᠦᠢᠯᠭᠡᠭᠡᠨ ᠤ ᠥᠪᠡᠷ ᠤᠨ ᠥᠷᠲᠡᠭ ᠢ ᠵᠦᠶ | ᠵᠣᠬᠢᠰᠲᠠᠶ ᠪᠠᠭᠤᠷᠠᠭᠤᠯᠵᠤ᠂ ᠭᠦᠶ᠋ᠯᠭᠡᠭᠡᠨ ᠤ ᠦᠷ᠎ᠡ ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠭᠤᠷᠪᠠ᠂ ᠠᠵᠢᠯ ᠤᠨ ᠭᠤᠣᠯᠳᠠᠯᠭ᠎ᠠ ᠬᠢᠭᠡᠳ ᠪᠣᠳᠠᠲᠠᠶ ᠬᠢᠬᠦ ᠠᠷᠭ᠎ᠠ | ︵ᠨᠢᠭᠡ︶ ᠦᠢᠯᠡᠴᠢᠯᠡᠭᠡᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ | 1᠂ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ ᠪᠥᠲᠥᠭᠡᠨ | ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠃ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ ᠦᠶ᠋ᠯᠡᠰ ᠴᠣᠭᠴᠠᠯᠠᠬᠤ ᠪᠦᠯᠬᠦᠮ ᠨᠡᠶᠢᠲᠡ᠂ ᠤᠯᠤᠰ ᠠᠴᠠ ᠳᠣᠲᠣᠭᠠᠳᠤ ᠭᠠᠳᠠᠭᠠᠳᠤ ᠶᠢᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠪᠠ ᠲᠥᠬᠦᠷᠵᠢᠭᠦᠯᠦᠭᠰᠡᠨ ᠦᠶ᠋ᠯᠡᠴᠢᠯᠡᠭᠡᠨ ᠤ ᠠᠵᠤ ᠠᠬᠤᠶᠢᠯᠠᠯ ᠤᠨ ᠣᠷᠣᠵᠤ ᠰᠠᠭᠤᠬᠤ ᠶᠢ | ᠵᠣᠷᠢᠭᠵᠢᠭᠤᠯᠵᠤ᠂ ᠲᠠᠸᠠᠷ ᠤᠨ ᠠᠷᠠᠯᠵᠢᠶ᠎ᠠ᠂ ᠲᠠᠪᠴᠠᠩ ᠤᠨ ᠪᠠᠶᠢᠭᠤᠯᠤᠯᠲᠠ᠂ ᠪᠠᠷᠠᠭ᠎ᠠ ᠶᠢᠨ ᠭᠦᠶ᠋ᠯᠭᠡᠭᠡᠨ ᠤ ᠲᠤᠬᠢᠷᠠᠭᠤᠯᠤᠨ ᠬᠦᠷᠭᠡᠬᠦ᠂ ᠪᠠᠯᠠ ᠲᠣᠬᠢᠷᠠᠭᠤᠯᠭ᠎ᠠ ᠶᠢᠨ | ᠳᠡᠮᠵᠢᠯᠭᠡ᠂ ᠰᠣᠶᠣᠯ ᠤᠨ ᠪᠦᠲᠦᠭᠡᠯᠴᠢ ᠲᠥᠰᠦᠪᠯᠡᠯ᠂ ᠲᠤᠤᠷ ᠰᠦᠯᠵᠢᠶ᠎ᠡ ᠶᠢᠨ ᠰᠤᠷᠭᠠᠭᠤᠯᠢ᠂ ᠳᠠᠳᠤᠯᠭ᠎ᠠ ᠪᠣᠯᠪᠠᠰᠤᠷᠠᠭᠤᠯᠤᠯ ᠤᠨ ᠳᠠᠭᠤᠷᠢᠶᠠᠮᠠᠯ ᠵᠡᠷᠭᠡ ᠣᠯᠠᠨ | ᠴᠢᠳᠠᠮᠵᠢ᠂ ᠣᠯᠠᠨ ᠡᠵᠡᠩᠨᠡᠯᠲᠡ ᠶᠢᠨ ᠪᠠᠢᠳᠠᠯ ᠲᠥᠯᠥᠪ ᠢ ᠨᠢᠭᠡ ᠴᠣᠭᠴᠠᠵᠢᠭᠤᠯᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢᠨ ᠭᠠᠵᠠᠷ ᠢ ᠪᠤᠢ | ᠪᠣᠯᠭᠠᠵᠤ᠂ ᠠᠵᠤ ᠠᠬᠤᠶᠢᠯᠠᠯ ᠪᠠ ᠬᠤᠪᠢ ᠬᠥᠮᠦᠨ ᠳᠤ ᠲᠥᠷᠥ ᠶᠢᠨ ᠪᠣᠳᠣᠯᠭ᠎ᠠ ᠶᠢᠨ ᠶᠢᠨ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠮᠡᠳᠡᠭᠡ ᠵᠠᠩᠭᠢ ᠶᠢᠨ | ᠵᠣᠯᠭᠠᠭᠤᠯᠳᠠ᠂ ᠦᠢᠯᠡᠳᠬᠦᠨ ᠤ ᠲᠠᠨᠢᠯᠴᠠᠭᠤᠯᠭ᠎ᠠ᠂ ᠲᠦᠷᠭᠡᠨ ᠬᠦᠷᠭᠡᠬᠦ ᠪᠠᠷᠠᠭ᠎ᠠ ᠶᠢᠨ ᠬᠦᠢᠯᠬᠡᠬᠡᠨ᠂ ᠬᠠᠤᠯᠢ ᠴᠠᠭᠠᠵᠠ ᠶᠢᠨ ᠳᠡᠮᠵᠢᠯᠭᠡ ᠪᠠ ᠠᠵᠢᠯᠯᠠᠬᠤ ᠲᠠᠯᠠᠪᠤᠷ | ᠭᠠᠵᠠᠷ ᠵᠡᠷᠭᠡ ᠦᠢᠯᠡᠴᠢᠯᠡᠭᠡᠨ ᠤ ᠲᠥᠷᠥᠯ ᠵᠦᠶ᠋ᠯ ᠢ ᠲᠥᠪᠯᠡᠷᠡᠭᠦᠯᠦᠨ ᠬᠠᠩᠭᠠᠵᠤ᠂ ᠦᠢᠯᠡᠴᠢᠯᠡᠭᠡᠨ᠂ ᠲᠡᠳᠬᠦᠨ ᠲᠤᠰᠠᠯᠠᠬᠤ ᠴᠢᠳᠠᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠬᠦ ᠪᠠ ᠬᠦᠢᠴᠡᠳ ᠪᠠᠳᠠᠷᠠᠭᠤᠯᠤᠨ᠎ᠠ᠃ | 2᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠤᠶᠤᠨᠲᠤ ᠬᠤᠲᠠ︾ | ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠢᠶᠠᠨ ᠤ ᠬᠤᠲᠠ ᠶᠢᠨ ᠲᠣᠭᠤᠷᠢᠭ᠂ ᠪᠠᠯᠭᠠᠰᠤᠨ ᠤ ᠲᠥᠪ ᠲᠣᠭᠤᠷᠢᠭ ᠪᠠ ᠭᠤᠤᠯᠳᠠᠯᠭ᠎ᠠ ᠲᠠᠢ | ᠲᠣᠰᠬᠤᠨ ︵ᠨᠡᠶᠢᠭᠡᠮ ᠲᠣᠭᠤᠷᠢᠭ︶ ᠢᠶᠠᠷ ᠬᠦᠴᠦᠯᠡᠬᠦ ᠴᠡᠭ ᠪᠣᠯᠭᠠᠵᠤ᠂ ᠥᠷᠭᠡᠨ ᠪᠦᠰᠡᠲᠦ ᠰᠦᠯᠵᠢᠶ᠎ᠡ ᠶᠢ ᠲᠦᠷᠭᠡᠳᠬᠡᠨ ᠲᠠᠰ ᠳᠡᠪᠰᠢᠭᠦᠯᠬᠦ ᠢᠨᠵᠧᠨᠧᠷᠢᠩ ᠪᠠ | ᠭᠤᠤᠯᠳᠠᠯᠭ᠎ᠠ ᠲᠠᠢ ᠣᠯᠠᠨ ᠨᠡᠶᠢᠲᠡ ᠶᠢᠨ ᠣᠷᠣᠨ ᠪᠦᠰᠡ ᠶᠢᠨ WIFI ᠶᠢ ᠪᠦᠷᠢᠨ ᠪᠥᠷᠬᠦᠭᠦᠯᠬᠦ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠵᠦ᠂ ᠠᠵᠤ | ᠠᠬᠤᠶᠢᠯᠠᠯ ᠪᠠ ᠬᠤᠪᠢ ᠬᠥᠮᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠣᠷᠣᠯᠴᠠᠬᠤ ᠳᠤ ᠲᠥᠬᠦᠮ ᠦᠵᠡᠭᠦᠯᠦᠨ᠎ᠡ᠃ ︽ᠲᠦᠮᠡᠨ | ᠲᠣᠰᠬᠤᠨ ᠮᠢᠩᠭᠠᠨ ᠰᠢᠶᠠᠩ︾ ᠪᠠ ︽ᠠᠷᠠᠳ ᠲᠤ ᠲᠥᠬᠦᠮ ᠦᠵᠡᠭᠦᠯᠬᠦ ᠬᠡᠯᠬᠢᠶ᠎ᠡ ᠬᠡᠲᠦ ᠳᠡᠯᠭᠡᠭᠦᠷ︾ ᠤᠨ ᠵᠠᠬ᠎ᠠ ᠳᠡᠯᠭᠡᠭᠦᠷ ᠤᠨ ᠲᠤᠤᠷ ᠰᠦᠯᠵᠢᠶ᠎ᠡ ᠶᠢ ᠠᠰᠢᠭᠯᠠᠨ | ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠥᠬᠦ ᠬᠤᠰᠢᠭᠤᠨ ᠤ 70 | % ᠶᠢᠨ ᠵᠠᠰᠠᠭ ᠵᠠᠬᠢᠷᠭᠠᠨ ᠤ ᠲᠣᠰᠬᠤᠨ ᠳᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠲᠡᠭᠦᠨ ᠢ | ᠪᠥᠬᠦ ᠬᠤᠰᠢᠭᠤᠨ ᠤ ᠰᠦᠯᠵᠢᠶᠡᠨ ᠤ ᠪᠠᠷᠠᠭ᠎ᠠ ᠶᠢ ᠬᠥᠳᠡᠭᠡ ᠪᠠᠭᠤᠯᠭᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ ᠦᠨᠳᠦᠰᠦᠨ ᠱᠠᠲᠤᠨ ᠤ ︽ | ᠬᠠᠷᠢᠯᠴᠠᠭᠴᠢ︾ ᠪᠠ ︽ᠠᠵᠢᠯᠯᠠᠭᠴᠢ︾ ᠪᠣᠯᠭᠠᠨ᠎ᠠ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠲᠠᠷᠢᠵᠤ ᠲᠡᠵᠢᠭᠡᠨ ᠦᠷᠡᠵᠢᠭᠦᠯᠬᠦ ᠨᠡᠬᠡᠮᠵᠢᠯᠡᠬᠦ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ᠂ ᠬᠠᠮᠢᠶ᠎ᠠ ᠪᠦᠬᠦᠢ ᠠᠵᠤ ᠠᠬᠤᠶᠢᠯᠠᠯ ᠪᠠ | ᠬᠤᠷᠰᠢᠶ᠎ᠠ ᠶᠢ ᠵᠣᠬᠢᠶᠠᠨ ᠪᠠᠶᠢᠭᠤᠯᠤᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠵᠤ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠪᠢᠶᠠᠨ ᠪᠣᠷᠣᠯᠠᠭᠤᠯᠬᠤ ᠲᠠᠪᠴᠠᠩ ᠳᠤ ᠣᠷᠣᠭᠰᠠᠨ ᠪᠠᠷᠠᠭ᠎ᠠ ᠶᠢᠨ ᠢᠷᠡᠯᠲᠡ ᠶᠢ | ᠣᠷᠣᠭᠤᠯᠤᠯᠲᠠ ᠶᠢᠨ ᠡᠳ᠋᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ᠂ ᠪᠦᠲᠦᠭᠡᠭᠳᠡᠬᠦᠨ ᠤ | ᠪᠣᠭᠤᠳᠠᠯ ᠤᠨ ᠢᠯᠭᠠᠬᠤ ᠲᠡᠮᠳᠡᠭ ᠪᠠ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠪᠥᠬᠦ ᠶᠠᠪᠤᠴᠠ ᠠᠴᠠ ᠬᠢᠨᠠᠨ ᠬᠠᠮᠢᠶᠠᠷᠴᠤ ᠮᠥᠷᠳᠡᠨ᠂ ᠡᠵᠡᠨ ᠬᠤᠷᠤᠭ᠎ᠠ | ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠬᠤᠪᠢᠶᠠᠨ | ᠪᠣᠷᠣᠯᠠᠭᠤᠯᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠢᠷᠡᠯᠲᠡ ᠶᠢ ᠮᠥᠷᠳᠡᠵᠦ ᠪᠣᠯᠬᠤ᠂ ᠶᠠᠰᠤ ᠴᠢᠨᠠᠷ ᠢ ᠡᠵᠡᠮᠳᠡᠵᠦ ᠪᠣᠯᠬᠤ ᠶᠢ ᠦᠨᠡᠨᠬᠦ | ᠪᠠᠲᠤᠯᠠᠨ᠎ᠠ᠃ ᠪᠣᠷᠣᠯᠠᠭᠤᠯᠬᠤ ᠲᠠᠪᠴᠠᠩ ᠳᠤ ᠣᠷᠣᠭᠰᠠᠨ ᠠᠵᠤ ᠠᠬᠤᠶᠢᠯᠠᠯ ᠤᠨ ︽ᠭᠤᠷᠪᠠᠨ ᠪᠦᠲᠦᠭᠡᠭᠳᠡᠬᠦᠨ︾ ᠤ ᠭᠡᠷᠡᠴᠢᠯᠡᠯ ᠢ ᠭᠤᠶᠤᠴᠢᠯᠠᠨ ᠮᠡᠳᠡᠭᠦᠯᠬᠦ ᠶᠢ | ᠵᠣᠷᠢᠭᠵᠢᠭᠤᠯᠵᠤ᠂ ᠦᠢᠯᠡᠳᠬᠦᠨ ᠤ ᠠᠯᠳᠠᠷᠰᠢᠯ ᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠣᠨᠴᠠᠯᠢᠭᠲᠤ ᠨᠡᠷᠡᠲᠦ | ᠲᠥᠷᠥᠯ ᠲᠡᠮᠳᠡᠭᠲᠦ ᠶᠢ ᠪᠤᠢ ᠪᠣᠯᠭᠠᠨ᠎ᠠ᠃ | 3᠂ ᠠᠵᠢᠯ ᠶᠠᠪᠤᠳᠠᠯ ᠭᠦᠶ᠋ᠴᠡᠳᠬᠡᠬᠦ ᠶᠠᠪᠤᠴᠠ ᠪᠠ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠪᠠ ᠬᠤᠪᠢ ᠬᠥᠮᠦᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠬᠦ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠳᠡᠩᠰᠡᠯᠡᠨ ᠲᠡᠮᠳᠡᠭᠯᠡᠬᠦ᠂ ᠲᠠᠸᠠᠷ ᠤᠨ | ᠲᠡᠮᠳᠡᠭ ᠳᠠᠩᠰᠠᠯᠠᠬᠤ᠂ ᠭᠠᠶᠢᠯᠢ ᠲᠠᠲᠠᠪᠤᠷᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠬᠡᠷᠡᠭ ᠬᠦᠢᠴᠡᠳᠭᠡᠬᠦ ᠶᠠᠪᠤᠴᠠ ᠪᠠ ᠬᠦᠢᠴᠡᠳᠭᠡᠵᠦ ᠳᠠᠭᠤᠰᠬᠠᠬᠤ ᠴᠠᠭ ᠤᠨ | ᠬᠢᠵᠠᠭᠠᠷ ᠢ ᠢᠯᠡ ᠪᠣᠯᠭᠠᠵᠤ᠂ ᠠᠵᠢᠯ ᠬᠡᠷᠡᠭ ᠬᠦᠢᠴᠡᠳᠭᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠦᠶ ᠵᠣᠬᠢᠰᠲᠠᠶ ᠳᠥᠭᠦᠮᠴᠢᠯᠡᠵᠦ᠂ ᠬᠤᠯᠪᠣᠭᠳᠠᠯ ᠪᠥᠬᠦᠶ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠡᠷᠡᠶᠢᠳᠦᠯ ᠳᠡᠩᠰᠡᠯᠡᠨ ᠲᠡᠮᠳᠡᠭᠯᠡᠬᠦ ᠬᠢᠵᠠᠭᠠᠷᠯᠠᠯ᠂ ᠡᠵᠡᠩᠨᠡᠯᠲᠡ ᠶᠢᠨ ᠲᠠᠯᠠᠪᠤᠷ ᠭᠠᠵᠠᠷ ᠤᠨ | ᠬᠢᠵᠠᠭᠠᠷᠯᠠᠯ ᠪᠠ ᠡᠵᠡᠩᠨᠡᠯᠲᠡ ᠶᠢᠨ ᠬᠦᠷᠢᠶ᠎ᠡ ᠬᠡᠪᠴᠢᠶᠡᠨ ᠤ ᠬᠢᠵᠠᠭᠠᠷᠯᠠᠯ ᠢ ᠵᠣᠬᠢᠰᠲᠠᠶ ᠠᠭᠤᠵᠢᠭᠤ ᠪᠣᠯᠭᠠᠬᠤ ᠶᠢᠨ ᠬᠠᠮᠲᠤ᠂ ᠦᠢᠯᠡᠴᠢᠯᠡᠭᠡᠨ ︵ᠨᠡᠪᠴᠢᠭᠦᠯᠬᠦ︶ ᠳᠤ | ᠲᠦᠰᠢᠭᠯᠡᠨ ᠲᠤᠰᠬᠠᠶ ᠬᠥᠮᠦᠨ ᠢᠶᠠᠷ ᠬᠠᠷᠢᠭᠤᠴᠠᠭᠤᠯᠤᠭᠰᠠᠨ ᠲᠥᠪᠯᠡᠷᠡᠩᠭᠦᠶ ᠦᠢᠯᠡᠴᠢᠯᠡᠭᠡᠨ ᠢ ᠬᠡᠷᠡᠭᠵᠢᠭᠦᠯᠵᠦ᠂ ᠠᠵᠢᠯ ᠬᠡᠷᠡᠭ ᠬᠦᠢᠴᠡᠳᠭᠡᠬᠦ ᠦᠢᠯᠡᠴᠢᠯᠡᠭᠡᠨ ᠤ ︽ | ᠰᠠᠭᠠᠳ ᠥᠬᠡᠶ ᠨᠡᠪᠲᠡᠷᠡᠬᠦ ᠵᠠᠮ︾ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃ | 4᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠦᠢᠳᠡᠨ ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠡᠯᠳᠡᠪ | ᠠᠮᠤ᠂ ᠮᠠᠯ ᠠᠵᠤ ᠠᠬᠤᠶ ᠵᠡᠷᠭᠡ ᠣᠯᠠᠨ ᠠᠵᠤ ᠠᠬᠤᠶᠢᠯᠠᠯ ᠢᠶᠠᠷ ᠡᠵᠡᠨ ᠬᠤᠷᠤᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠢᠯ | ᠲᠥᠷᠥᠯ ᠤᠨ ᠨᠡᠶᠢᠭᠡᠮᠯᠢᠭ ᠢ ᠡᠭᠦᠰᠭᠡᠨ ᠪᠠᠶᠢᠭᠤᠯᠪᠠ᠃ ᠠᠵᠢᠯ ᠲᠥᠷᠥᠯ ᠤᠨ ᠨᠡᠶᠢᠭᠡᠮᠯᠢᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠵᠣᠷᠢᠭᠵᠢᠭᠤᠯᠤᠨ ᠳᠠᠮᠵᠢᠵᠤ᠂ | ᠨᠡᠶᠢᠭᠡᠮᠯᠢᠭ ᠤᠨ ᠵᠠᠰᠠᠭ ᠤᠨ ᠣᠷᠳᠣᠨ ᠨᠡᠪᠲᠡᠷᠡᠯᠴᠡᠬᠦ᠂ ᠠᠵᠤ ᠠᠬᠤᠶᠢᠯᠠᠯ ᠬᠠᠷᠢᠯᠴᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠵᠢᠷᠤᠮᠵᠢᠯ ᠲᠠᠢ | ᠡᠵᠡᠩᠨᠡᠬᠦ᠂ ᠤᠬᠠᠭᠤᠯᠤᠨ ᠳᠡᠯᠭᠡᠷᠡᠭᠦᠯᠬᠦ ᠵᠡᠷᠭᠡ ᠲᠠᠯ᠎ᠠ ᠶᠢᠨ ᠦᠢᠯᠡᠳᠦᠯ ᠢ ᠪᠠᠳᠠᠷᠠᠭᠤᠯᠤᠨ᠂ ᠰᠦᠯᠵᠢᠶᠡᠨ ᠭᠠᠳᠠᠨᠠᠬᠢ ᠦᠢᠯᠡᠳᠪᠦᠷᠢᠯᠡᠯ ᠪᠠ ᠰᠦᠯᠵᠢᠶᠡᠨ ᠳᠡᠭᠡᠷᠡᠬᠢ | ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠵᠣᠯᠭᠠᠭᠤᠯᠬᠤ᠂ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠲᠥᠷᠥᠯ ᠤᠨ ᠡᠵᠡᠩᠨᠡᠯᠲᠡ ᠶᠢᠨ | ᠥᠪᠡᠷ ᠢ ᠪᠠᠨ ᠬᠠᠮᠢᠶᠠᠷᠬᠤ ᠪᠠ ᠦᠶ᠋ᠯᠡᠴᠢᠯᠡᠬᠦ ᠴᠢᠳᠠᠪᠤᠷᠢ ᠶᠢ ᠭᠤᠤᠯᠴᠢᠯᠠᠨ ᠪᠤᠶᠢᠵᠢᠭᠤᠯᠵᠤ᠂ ᠴᠢᠯᠥᠭᠡᠲᠡᠶ ᠶᠠᠪᠤᠯᠴᠠᠬᠤ᠂ ᠬᠠᠮᠲᠤᠷᠠᠯᠴᠠᠬᠤ᠂ ᠬᠠᠮᠲᠤᠪᠠᠷ ᠠᠰᠢᠭ | ᠬᠦᠷᠲᠡᠬᠦ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃ ᠲᠤᠬᠠᠶ ᠶᠢᠨ ᠭᠠᠵᠠᠷ ᠤᠨ ᠨᠡᠯᠢᠶᠡᠳ ᠰᠠᠶᠢᠨ ᠡᠯᠧᠺᠲᠷᠣᠨ | ᠬᠤᠳᠠᠯᠳᠤᠭᠠᠨ ᠤ ᠺᠣᠮᠫᠠᠨᠢ ᠶᠢ ᠠᠰᠢᠭᠯᠠᠨ᠂ ᠦᠢᠯᠡᠳᠪᠦᠷᠢᠯᠡᠯ ᠤᠨ ᠡᠲᠡᠭᠡᠳ ︵ᠲᠠᠷᠢᠶᠠᠴᠢᠨ ᠡᠷᠦᠬᠡ᠂ ᠦᠢᠯᠡᠳᠪᠦᠷᠢᠯᠡᠯ ᠤᠨ ᠰᠠᠭᠤᠷᠢᠨ ᠭᠠᠵᠠᠷ᠂ ᠬᠤᠷᠰᠢᠶ᠎ᠠ ᠪᠤᠶᠤ | ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠠᠬᠤᠶᠢᠯᠠᠯ︶ ᠤᠨ ᠦᠢᠯᠡᠳᠬᠦᠨ ︵ᠡᠯᠳᠡᠪ ᠠᠮᠤ᠂ ᠲᠥᠮᠥᠰᠥ᠂ ᠤᠨᠴᠠᠯᠢᠭᠳᠤ ᠵᠢᠮᠢᠰ ᠢᠳᠡᠰᠢᠨ | ᠨᠣᠭᠤᠭ᠎ᠠ︶ ᠢ ᠲᠤᠤ ᠪᠦᠦ᠂ ᠵᠢᠩ ᠳ᠋ᠦᠩ ᠵᠡᠷᠭᠡ ᠲᠠᠪᠴᠠᠩ ᠢᠶᠠᠷ ᠳᠠᠮᠵᠢᠭᠤᠯᠤᠨ ᠪᠣᠷᠣᠯᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠳᠤ ᠨᠢᠭᠡᠳᠦᠯᠲᠡᠶ | ᠨᠠᠷᠠᠲᠤ ᠲᠡᠮᠳᠡᠭᠲᠦ ᠳᠠᠩᠰᠠᠯᠠᠭᠤᠯᠵᠤ᠂ ᠨᠢᠭᠡᠳᠦᠯᠲᠡᠶ ᠪᠣᠭᠤᠳᠠᠯᠯᠠᠵᠤ᠂ ᠨᠢᠭᠡᠳᠦᠯᠲᠡᠶ ᠪᠣᠷᠣᠯᠠᠭᠤᠯᠬᠤ ᠪᠠ ᠦᠢᠯᠡᠴᠢᠯᠡᠨ᠎ᠡ᠃ ᠨᠢᠭᠡ ᠬᠤᠲᠠ ᠶᠢᠨ ᠳᠣᠲᠣᠷ᠎ᠠ ᠪᠠᠷᠠᠭ᠎ᠠ | ᠬᠤᠳᠠᠯᠳᠤᠨ ᠠᠪᠬᠤ᠂ ᠠᠮᠲᠠᠲᠤ ᠢᠳᠡᠭᠡᠨ᠂ ᠵᠤᠭ᠎ᠠ ᠴᠡᠩᠭᠡᠯ᠂ ᠵᠢᠭᠤᠯᠴᠢᠯᠠᠯ᠂ ᠭᠡᠷ ᠤᠨ ᠶᠠᠪᠤᠳᠠᠯ᠂ ᠪᠢᠯᠧᠲ ᠤᠨ ᠶᠠᠪᠤᠳᠠᠯ᠂ ᠢᠳᠡᠰᠢᠨ ᠨᠣᠭᠤᠭ᠎ᠠ ᠵᠡᠷᠭᠡ | ᠰᠢᠨ᠎ᠡ ᠪᠠᠷ ᠪᠤᠢ ᠪᠣᠯᠤᠭᠰᠠᠨ ᠠᠷᠠᠯᠵᠢᠶ᠎ᠠ ᠬᠤᠳᠠᠯᠳᠤᠭᠠᠨ ᠤ ᠠᠵᠤ ᠦᠢᠯᠡᠰ ᠤᠨ ᠲᠠᠰᠤᠷᠠᠯᠲᠠ ᠦᠭᠡᠢ ᠬᠥᠭᠵᠢᠨ ᠮᠠᠨᠳᠤᠬᠤ ᠶᠢ ᠠᠬᠢᠭᠤᠯᠵᠤ᠂ ᠠᠵᠢᠯ ᠲᠥᠷᠥᠯ ᠤᠨ | ᠬᠢᠵᠠᠭᠠᠷᠯᠠᠯ ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠢ ᠳᠠᠭᠠᠭᠤᠯᠬᠤ᠂ ᠮᠸᠢ ᠲᠤᠸᠠᠨ ᠢᠶᠠᠷ ᠬᠤᠳᠠᠯᠳᠤᠨ ᠠᠪᠬᠤ᠂ 58 ᠨᠢᠭᠡ ᠬᠤᠲᠠ ᠶᠢᠨ ᠬᠢᠨ | ᠵᠡᠷᠭᠡ ᠥᠪᠡᠰᠦᠪᠡᠨ ᠪᠠᠶᠢᠭᠤᠯᠤᠭᠰᠠᠨ ᠪᠤᠶᠤ ᠭᠤᠷᠪᠠᠳᠠᠬᠢ ᠡᠲᠡᠭᠡᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠶᠢᠨ ᠡᠵᠡᠩᠨᠡᠨ ᠪᠣᠷᠣᠯᠠᠭᠤᠯᠬᠤ | ᠲᠠᠪᠴᠠᠩ ᠳᠤ ᠲᠦᠰᠢᠭᠯᠡᠨ᠂ 2024 ᠣᠨ ᠠᠴᠠ ᠡᠮᠦᠨ᠎ᠡ ᠣᠷᠣᠵᠤ ᠰᠠᠭᠤᠭᠰᠠᠨ ᠠᠵᠤ ᠠᠬᠤᠶᠢᠯᠠᠯ ᠪᠤᠶᠤ ᠬᠤᠯᠪᠣᠭᠠᠨ ᠳᠤ ᠣᠷᠣᠯᠴᠠᠭᠰᠠᠨ ᠬᠤᠳᠠᠯᠳᠤᠭᠠᠴᠢᠨ | 300 ᠪᠣᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠨᠢᠭᠡ ᠬᠤᠲᠠ ᠶᠢᠨ ᠦᠢᠯᠡᠴᠢᠯᠡᠭᠡ ᠪᠠᠷ ᠪᠦᠬᠦ ᠬᠤᠰᠢᠭᠤ ᠶᠢ ᠪᠦᠲᠦᠮᠵᠢᠲᠡᠢ ᠪᠦᠷᠬᠦᠭᠦᠯᠬᠦ ᠪᠠᠷ | ᠴᠢᠷᠮᠠᠶᠢᠨ᠎ᠠ᠃ | ︵ᠬᠤᠶᠠᠷ︶ ᠬᠥᠭᠵᠢᠯᠲᠡ ᠶᠢᠨ ᠭᠤᠤᠯ ᠴᠣᠭᠴᠠ ᠶᠢ ᠪᠤᠶᠢᠵᠢᠭᠤᠯᠵᠤ᠂ ᠪᠠᠯᠠ ᠮᠥᠩᠭᠦ ᠪᠠᠷ ᠲᠡᠳᠬᠦᠨ ᠳᠡᠮᠵᠢᠬᠦ ᠶᠢ ᠴᠢᠩᠭᠠᠷᠠᠭᠤᠯᠤᠨ᠎ᠠ᠃ | 1᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠡᠳᠬᠦᠬᠦ ᠪᠠᠯᠠ ᠮᠥᠩᠭᠦ ᠶᠢ ᠪᠠᠶᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ᠂ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ ᠨᠢᠭᠡ ᠪᠦᠯᠦᠭ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ | ᠲᠡᠳᠬᠦᠬᠦ ᠪᠠᠯᠠ ᠮᠥᠩᠭᠦ ᠳᠣᠭᠢᠷᠠᠭᠤᠯᠬᠤ ᠶᠢᠨ ᠬᠠᠮᠲᠤ ᠤᠶᠤᠲᠠᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ ᠶᠢ ᠲᠡᠳᠬᠦᠬᠦ ᠲᠥᠷᠥ ᠶᠢᠨ ᠪᠣᠳᠣᠯᠭ᠎ᠠ | ᠶᠣᠰᠣᠭᠠᠷ᠂ ᠠᠵᠤ ᠠᠬᠤᠶᠢᠯᠠᠯ᠂ ᠬᠤᠪᠢ ᠬᠥᠮᠦᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠥᠬᠦᠶ ᠬᠦᠷᠢᠶᠡᠨ ᠳᠠᠬᠢ ᠦᠢᠯᠡᠳᠪᠦᠷᠢᠯᠡᠯ | ᠡᠵᠡᠩᠨᠡᠯᠲᠡ ᠬᠢᠬᠦ ᠶᠢ ᠳᠡᠮᠵᠢᠨ᠎ᠡ᠃ | 2᠂ ᠪᠡᠯᠡ ᠮᠥᠩᠭᠦ ᠪᠠᠷ ᠲᠡᠳᠬᠦᠬᠦ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃ ︽ᠪᠠᠭ᠎ᠠ ᠶᠢ ᠨᠢ ᠲᠤᠰᠠᠯᠠᠵᠤ ᠶᠡᠭᠡ ᠶᠢ ᠨᠢ ᠲᠡᠳᠬᠦᠬᠦ᠂ ᠡᠷᠬᠡ | ᠲᠡᠭᠰᠢ ᠪᠠᠷ ᠨᠡᠶᠢᠳᠡᠮ ᠠᠰᠢᠭ ᠬᠦᠷᠲᠡᠭᠡᠬᠦ︾ ᠵᠠᠷᠴᠢᠮ ᠶᠣᠰᠣᠭᠠᠷ᠂ ᠠᠵᠤ ᠠᠬᠤᠶᠢᠯᠠᠯ ︵ ᠦᠢᠯᠡᠳᠪᠦᠷᠢᠯᠡᠯ ᠤᠨ ᠴᠢᠨᠠᠷᠲᠠᠶ ᠠᠵᠤ ᠠᠬᠤᠶᠢᠯᠠᠯ ᠪᠠᠭᠲᠠᠨ᠎ᠠ︶ ᠪᠠ | ᠬᠤᠪᠢ ᠬᠥᠮᠦᠨ ᠤ ᠡᠷᠭᠢᠯᠡᠭᠰᠡᠨ ᠰᠦᠯᠵᠢᠶᠡᠨ ᠳᠡᠯᠭᠡᠭᠦᠷ ᠲᠤ᠂ ᠲᠡᠭᠦᠨ ᠤ ᠪᠣᠷᠣᠯᠠᠭᠤᠯᠭ᠎ᠠ ᠶᠢᠨ ᠬᠡᠪᠴᠢᠶ᠎ᠡ᠂ ᠭᠠᠶᠢᠯᠢ ᠲᠤᠰᠢᠶᠠᠭᠰᠠᠨ ᠬᠤᠪᠢ ᠨᠡᠮᠡᠷᠢ ᠪᠠ | ᠪᠤᠶᠢᠵᠢᠯᠲᠠ ᠶᠢᠨ ᠴᠢᠨᠠᠷ ᠵᠡᠷᠭᠡ ᠬᠦᠴᠦᠨ ᠵᠦᠶ᠋ᠯ ᠢ ᠨᠢ ᠦᠨᠳᠦᠰᠦᠯᠡᠨ᠂ ᠲᠣᠰ ᠲᠣᠰ ᠦᠢᠯᠡᠳᠬᠦᠨ ᠢ ᠨᠡᠭᠡᠭᠡᠨ ᠬᠥᠭᠵᠢᠭᠦᠯᠬᠦ ︵ᠦᠢᠯᠡᠳᠬᠦᠨ ᠢ ᠡᠮᠬᠢᠯᠡᠵᠦ | ᠪᠣᠭᠤᠳᠠᠯᠯᠠᠬᠤ ᠪᠠᠭᠲᠠᠨ᠎ᠠ︶᠂ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ᠂ ᠲᠠᠯᠠᠪᠤᠷ ᠭᠠᠵᠠᠷ ᠢ ᠲᠦᠷᠢᠶᠡᠰᠦᠯᠡᠬᠦ᠂ ᠪᠠᠷᠠᠭᠠᠨ ᠤ ᠬᠦᠢᠯᠭᠡᠭᠡᠨ ᠤ ᠲᠦᠷᠭᠡᠨ | ᠢᠯᠡᠭᠡᠯᠲᠡ ᠵᠡᠷᠭᠡ ᠲᠠᠯ᠎ᠠ ᠪᠠᠷ ᠱᠠᠩᠨᠠᠬᠤ ᠪᠤᠶᠤ ᠨᠥᠬᠦᠪᠥᠷᠢ ᠥᠭᠬᠦ ᠶᠢᠨ ᠬᠠᠮᠲᠤ᠂ ᠬᠠᠮᠢᠶ᠎ᠠ ᠪᠥᠬᠦᠶ ᠲᠥᠬᠦᠷᠵᠢᠭᠦᠯᠬᠦ ᠠᠷᠭ᠎ᠠ ᠶᠢ ᠲᠦᠷᠭᠡᠳᠬᠡᠨ ᠲᠣᠭᠲᠠᠭᠠᠬᠤ ᠪᠠ | ᠲᠡᠭᠦᠯᠳᠡᠷᠵᠢᠭᠦᠯᠵᠦ᠂ ᠪᠠᠯᠠ ᠮᠥᠩᠭᠦ ᠪᠠᠷ ᠲᠡᠳᠬᠦᠨ ᠲᠤᠰᠠᠯᠠᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | 3᠂ ᠮᠥᠩᠭᠦᠨ ᠬᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠠᠵᠢᠯ ᠣᠯᠬᠤ ᠪᠠᠷ ᠪᠠᠶᠢᠭ᠎ᠠ ᠤᠶᠤᠲᠠᠳ᠂ ᠬᠥᠳᠡᠭᠡ | ᠲᠣᠰᠬᠤᠨ ᠤ ᠵᠠᠯᠠᠭᠤᠴᠤᠳ ᠵᠡᠷᠭᠡ ᠨᠡᠶᠢᠲᠡ ᠴᠣᠭᠴᠠ ᠶᠢᠨ ᠰᠦᠯᠵᠢᠶᠡᠨ ᠳᠡᠭᠡᠷ᠎ᠡ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ | ᠬᠠᠮᠲᠤ᠂ ᠤᠯᠤᠰ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠳᠠᠮ ᠬᠦᠦ ᠲᠠᠢ ᠵᠢᠭᠡᠯᠡᠯᠭᠡ ᠶᠢᠨ ᠲᠡᠳᠬᠦᠨ ᠳᠡᠮᠵᠢᠬᠦ ᠬᠡᠪᠴᠢᠶᠡᠨ ᠳᠤ ᠡᠩ ᠲᠡᠷᠢᠭᠦᠨ ᠳᠤ | ᠣᠷᠣᠭᠤᠯᠤᠨ᠎ᠠ᠃ ᠬᠤᠰᠢᠭᠤᠨ ᠤ ᠬᠡᠪᠴᠢᠶᠡᠨ ᠳᠠᠬᠢ ᠡᠯ᠎ᠡ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠠᠬᠢ ᠠᠵᠤ ᠠᠬᠤᠶᠢᠯᠠᠯ ᠪᠠ ᠬᠤᠪᠢ ᠬᠥᠮᠦᠨ ᠳᠤ ᠢᠲᠡᠭᠡᠮᠵᠢ ᠶᠢᠨ ᠬᠠᠮᠠᠭᠠᠯᠠᠯᠲᠠ ᠶᠢᠨ ᠪᠣᠯᠪᠠᠰᠤᠷᠠᠯ ᠢ ᠲᠥᠪᠯᠡᠷᠡᠭᠦᠯᠦᠨ ᠥᠷᠨᠢᠭᠦᠯᠵᠦ᠂ | ᠢᠲᠡᠭᠡᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠠ ᠦᠢᠯᠡᠴᠢᠯᠡᠭᠡᠨ ᠤ ᠵᠠᠮ ᠢ ᠰᠢᠯᠤᠭᠤᠳᠬᠠᠨ᠎ᠠ᠃ | 4᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠷᠥᠯ ᠵᠦᠢᠯ ᠢ ᠲᠡᠳᠬᠦᠬᠦ ᠪᠠᠨ ᠨᠡᠮᠡᠭᠳᠡᠭᠦᠯᠦᠨ᠎ᠡ᠃ ᠬᠦᠢᠳᠡᠨ ᠰᠡᠷᠢᠭᠦᠨ ᠢᠳᠡᠰᠢᠨ ᠨᠣᠭᠤᠭ᠎ᠠ᠂ | ᠲᠥᠮᠥᠰᠥ᠂ ᠡᠯᠳᠡᠪ ᠠᠮᠤ᠂ ᠬᠤᠨᠢ ᠲᠡᠵᠢᠭᠡᠬᠦ᠂ ᠭᠠᠭ᠋ᠠᠶ᠂ ᠢᠳᠡᠰᠢᠨ ᠲᠠᠬᠢᠶ᠎ᠠ ᠵᠡᠷᠭᠡ ᠠᠵᠤ ᠦᠢᠯᠡᠰ ᠲᠤ ᠨᠢᠭᠡ ᠪᠦᠯᠦᠭ ᠠᠷᠠᠯᠵᠢᠶᠠᠯᠠᠬᠤ᠂ ᠪᠠᠷᠠᠭᠠᠨ ᠤ ᠬᠦᠢᠯᠭᠡᠭᠡ | ᠂ ᠲᠣᠭᠠᠴᠠᠭ᠎ᠠ ᠬᠢᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠠᠵᠢᠯ ᠲᠥᠷᠥᠯ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠢ ᠭᠤᠤᠯᠳᠠᠯᠭ᠎ᠠ ᠲᠠᠢ | ᠪᠤᠶᠢᠵᠢᠭᠤᠯᠤᠨ᠎ᠠ︔ ᠨᠥᠬᠦᠴᠡᠯ ᠲᠠᠢ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠬᠦᠯᠬᠦ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠶᠡᠭᠡ ᠬᠡᠮᠵᠢᠶᠡᠨ ᠤ ᠲᠠᠸᠠᠷ ᠤᠨ ᠰᠦᠯᠵᠢᠶᠡᠨ ᠳᠡᠭᠡᠷ᠎ᠡ ᠪᠡᠯᠡᠨ ᠪᠠᠷᠠᠭᠠᠨ ᠤ ᠠᠷᠠᠯᠵᠢᠶ᠎ᠠ ᠬᠢᠯᠭᠡᠬᠦ ᠬᠡᠷᠡᠭᠲᠡᠶ︔ | ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠬᠦ᠂ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠭᠰᠠᠨ ᠪᠣᠳᠠᠲᠤ ᠴᠣᠭᠴᠠᠲᠤ ᠳᠡᠯᠭᠡᠭᠦᠷ ᠪᠠ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠲᠤᠤᠷ ᠰᠦᠯᠵᠢᠶ᠎ᠡ + ᠪᠣᠳᠠᠲᠤ ᠴᠣᠭᠴᠠ | + ᠨᠡᠶᠢᠭᠡᠮᠯᠢᠭ + ᠰᠢᠶᠠᠩ ᠪᠠᠯᠭᠠᠰᠤ ᠶᠢᠨ ᠱᠠᠲᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ + ᠡᠯᠧᠺᠲᠷᠣᠨ ᠬᠤᠳᠠᠯᠳᠤᠭᠠᠨ ᠤ ᠭᠡᠰᠢᠭᠦᠨ | + ᠬᠥᠲᠥᠴᠢ ᠠᠵᠤ ᠠᠬᠤᠶᠢᠯᠠᠯ + ᠲᠤᠰᠬᠠᠶ ᠬᠤᠷᠰᠢᠶ᠎ᠠ + ᠠᠳᠠᠯ ᠦᠢᠯᠡᠰ ᠴᠣᠭᠴᠠᠯᠠᠬᠤ ᠲᠠᠷᠢᠶᠠᠴᠢᠨ︾ ᠤ ᠵᠠᠭᠪᠤᠷ ᠶᠣᠰᠣᠭᠠᠷ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠭᠵᠢᠭᠦᠯᠦᠨ᠎ᠡ︔ ︽ ᠭᠦᠸᠧ ᠴᠢ ᠴᠢ᠂ ᠢ ᠮᠢ ᠡᠯ︾ ᠵᠡᠷᠭᠡ ᠨᠡᠷᠡᠲᠦ ᠲᠡᠮᠳᠡᠭᠲᠦ ᠶᠢᠨ ᠵᠢᠩ ᠳ᠋ᠦᠩ᠂ ᠲᠤᠤ ᠪᠦᠦ ᠰᠦᠯᠵᠢᠶ᠎ᠡ ᠳᠤ ᠨᠡᠭᠡᠭᠡᠭᠰᠡᠨ | ᠲᠠᠷᠢᠶᠠᠯᠠᠩ ᠤᠨ ᠣᠨᠴᠠᠭᠠᠢ ᠪᠦᠲᠦᠭᠡᠭᠳᠡᠬᠦᠨ ᠤ ᠬᠤᠰᠢᠭᠤᠴᠢ ᠵᠢᠴᠢ ᠲᠤᠰᠬᠠᠢ ᠡᠵᠡᠩᠨᠡᠯᠲᠡ ᠶᠢᠨ ᠳᠡᠯᠭᠡᠭᠦᠷ ᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ | ᠲᠠᠷᠢᠶᠠᠯᠠᠩ ᠤᠨ ᠣᠨᠴᠠᠭᠠᠢ ᠪᠦᠲᠦᠭᠡᠭᠳᠡᠬᠦᠨ ᠢ ᠲᠠᠰᠤᠷᠠᠯᠲᠠ ᠦᠭᠡᠢ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠬᠡᠷᠡᠭᠲᠡᠢ︔ ᠲᠠᠷᠢᠶᠠᠯᠠᠩ ᠤᠨ ᠪᠦᠲᠦᠭᠡᠭᠳᠡᠬᠦᠨ | ᠠᠷᠠᠯᠵᠢᠶᠠᠯᠠᠬᠤ ᠵᠠᠬ᠎ᠠ ᠳᠡᠯᠭᠡᠭᠦᠷ ᠢ ᠪᠠᠶᠢᠭᠤᠯᠵᠤ᠂ ᠨᠡᠶᠢᠭᠡᠮᠯᠢᠭ ᠪᠣᠯᠤᠨ ᠭᠡᠰᠢᠭᠦᠳ ᠲᠤ ᠨᠢᠭᠡᠳᠦᠯᠲᠡᠶ ᠬᠥᠮᠥᠷᠭᠡᠯᠡᠨ ᠬᠠᠳᠠᠭᠠᠯᠠᠬᠤ ᠪᠠ ᠪᠠᠷᠠᠭ᠎ᠠ ᠣᠷᠣᠯᠠᠨ ᠶᠠᠪᠤᠭᠤᠯᠬᠤ | ᠦᠢᠯᠡᠴᠢᠯᠡᠭᠡᠨ ᠬᠠᠩᠭᠠᠵᠤ᠂ ᠬᠤᠪᠢᠶᠠᠨ ᠪᠣᠷᠣᠯᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠬᠦ ᠬᠡᠷᠡᠭᠲᠡᠶ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠶᠢ ᠪᠦᠬᠦ ᠬᠤᠰᠢᠭᠤᠨ ᠤ ᠲᠥᠷᠥᠯ ᠵᠦᠢᠯ ᠤᠨ ᠲᠥᠯᠥᠪᠯᠡᠭᠡ ᠳᠤ ᠣᠷᠣᠭᠤᠯᠵᠤ᠂ | ᠲᠥᠯᠥᠪᠵᠢᠭᠦᠯᠦᠨ ᠪᠠᠶᠢᠷᠢᠯᠠᠭᠤᠯᠬᠤ ᠠᠵᠢᠯ ᠢ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠥᠷᠥ ᠶᠢᠨ ᠪᠣᠳᠣᠯᠭ᠎ᠠ᠂ ᠲᠥᠷᠥᠯ ᠵᠦᠢᠯ | ᠂ ᠪᠡᠯᠡ ᠮᠥᠩᠭᠦᠨ ᠤ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ | ︵ᠭᠤᠷᠪᠠ︶ ᠬᠥᠭᠵᠢᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠨ᠂ ᠲᠡᠳᠬᠦᠬᠦ ᠭᠤᠣᠯᠳᠠᠯᠭ᠎ᠠ ᠪᠠᠨ ᠲᠣᠪᠤᠶᠢᠯᠭᠠᠨ᠎ᠠ | 1᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠠᠭᠤᠷᠢ ᠨᠡᠭᠡᠭᠡᠨ ᠬᠥᠭᠵᠢᠭᠦᠯᠬᠦ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠨ᠎ᠠ᠃ ︽ | ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠠᠵᠤ ᠠᠬᠤᠶᠢᠯᠠᠯ ᠭᠤᠣᠯᠯᠠᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ | ᠵᠠᠷᠴᠢᠮ ᠤᠨ ᠶᠣᠰᠣᠭᠠᠷ᠂ ᠠᠵᠤ ᠠᠬᠤᠶᠢᠯᠠᠯ ᠪᠣᠯᠤᠨ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠰᠠᠨᠠᠭᠠᠴᠢᠯᠠᠨ᠂ ᠣᠷᠣᠭᠤᠯᠵᠤ ᠢᠷᠡᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠪᠠᠶᠢᠳᠠᠯ ᠤᠨ ᠲᠣᠭᠤᠷᠢᠨ ᠳᠤ᠂ ᠠᠯᠪᠠᠨ ᠠᠰᠠᠷ᠂ ᠪᠣᠯᠪᠠᠰᠤᠷᠠᠭᠤᠯᠬᠤ ᠦᠢᠯᠡᠳᠪᠦᠷᠢ ᠶᠢᠨ ᠭᠡᠷ᠂ ᠬᠥᠯᠳᠡᠭᠡᠵᠦ | ᠬᠡᠯᠬᠢᠶᠡᠵᠢᠭᠦᠯᠦᠭᠰᠡᠨ ᠪᠠᠷᠠᠭᠠᠨ ᠤ ᠭᠦᠢᠯᠭᠡᠭᠡᠨ ᠵᠡᠷᠭᠡ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠨ᠎ᠠ᠃ ᠲᠥᠷᠥᠯ ᠵᠦᠶ᠋ᠯ ᠤᠨ ᠪᠠᠯᠠ | ᠣᠷᠣᠭᠤᠯᠤᠭᠴᠢ ᠶᠢᠨ ᠪᠠᠯᠠ ᠣᠷᠣᠭᠤᠯᠬᠤ ᠠᠭᠤᠯᠭ᠎ᠠ ᠪᠠ ᠬᠡᠪᠴᠢᠶ᠎ᠡ ᠶᠢ ᠦᠨᠳᠦᠰᠦᠯᠡᠨ᠂ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠪᠠᠷ ᠳᠠᠮᠵᠢᠭᠤᠯᠤᠨ᠂ ᠡᠵᠡᠨ | ᠬᠤᠷᠤᠭ᠎ᠠ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ | 2᠂ ︽ᠡᠯᠧᠺᠲᠷᠣᠨ ᠬᠤᠳᠠᠯᠳᠤᠭᠠᠨ ᠤ ᠲᠣᠰᠬᠤᠨ︾ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠦᠨ᠎ᠡ᠃ ᠰᠦᠯᠵᠢᠶᠡᠨ ᠳᠡᠯᠭᠡᠭᠦᠷ ᠤᠨ ᠲᠥᠪᠯᠡᠷᠡᠨ | ᠬᠥᠭᠵᠢᠬᠦ ᠶᠢ ᠳᠡᠮᠵᠢᠵᠦ᠂ ᠠᠵᠤ ᠠᠬᠤᠶᠢᠯᠠᠯ᠂ ᠬᠤᠪᠢ ᠬᠥᠮᠦᠨ ᠪᠤᠶᠤ ᠰᠢᠶᠠᠩ ᠪᠠᠯᠭᠠᠰᠤ ᠲᠣᠰᠬᠤᠨ ︵ᠨᠡᠶᠢᠭᠡᠮ ᠲᠣᠭᠤᠷᠢᠭ︶ ᠤ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠪᠦᠯᠬᠦᠮ ᠵᠡᠷᠭᠡ ᠨᠢ ᠨᠢᠭᠡ ᠲᠣᠰᠬᠤᠨ ᠪᠤᠶᠤ ᠨᠢᠭᠡ ᠨᠡᠶᠢᠭᠡᠮ ᠲᠣᠭᠤᠷᠢᠭ ᠤᠨ ᠳᠣᠲᠣᠷ᠎ᠠ 10 ᠠᠴᠠ ᠳᠡᠭᠡᠭᠰᠢ ᠰᠦᠯᠵᠢᠶᠡᠨ ᠳᠡᠯᠭᠡᠭᠦᠷ ᠢ ᠵᠣᠬᠢᠶᠠᠨ | ᠪᠠᠶᠢᠭᠤᠯᠵᠤ᠂ ᠪᠤᠶᠢᠵᠢᠭᠤᠯᠵᠤ᠂ ᠲᠥᠪᠯᠡᠷᠡᠭᠦᠯᠦᠭᠰᠡᠨ ᠮᠥᠷᠲᠡᠭᠡᠨ ᠣᠨ ᠤ ᠰᠦᠯᠵᠢᠶᠡᠨ ᠳᠡᠭᠡᠷ᠎ᠡ ᠪᠣᠷᠣᠯᠠᠭᠤᠯᠬᠤ ᠬᠡᠪᠴᠢᠶ᠎ᠡ ᠨᠢ 200 ᠲᠦᠮᠡᠨ ᠲᠥᠭᠦᠷᠢᠭ ᠢ | ᠳᠠᠪᠠᠭᠰᠠᠨ ᠪᠠᠶᠢᠪᠠᠯ᠂ ᠰᠦᠯᠵᠢᠶᠡᠨ ᠳᠡᠯᠭᠡᠭᠦᠷ ᠤᠨ ᠡᠵᠡᠩᠨᠡᠭᠴᠢᠳ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ᠂ ᠨᠢᠭᠡ ᠯᠡ | ᠤᠳᠠᠭ᠎ᠠ ᠶᠢᠨ ᠴᠢᠨᠠᠷᠲᠠᠶ ᠪᠠᠷ ᠵᠣᠬᠢᠶᠠᠨ ᠪᠠᠶᠢᠭᠤᠯᠤᠨ ᠪᠤᠶᠢᠵᠢᠭᠤᠯᠤᠭᠴᠢ ᠶᠢ 3 ᠲᠦᠮᠡᠨ ᠲᠥᠭᠦᠷᠢᠭ ᠢᠶᠠᠷ ᠱᠠᠩᠨᠠᠨ᠎ᠠ︔ ᠲᠥᠪᠯᠡᠷᠡᠭᠰᠡᠨ ᠰᠦᠯᠵᠢᠶᠡᠨ ᠳᠡᠯᠭᠡᠭᠦᠷ ᠤᠨ | ᠲᠤᠭ᠎ᠠ ᠬᠡᠮᠵᠢᠶ᠎ᠡ ᠨᠢ 20 ᠶᠢ ᠳᠠᠪᠠᠭᠰᠠᠨ ᠮᠥᠷᠲᠡᠭᠡᠨ ᠪᠣᠷᠣᠯᠠᠭᠤᠯᠤᠭᠰᠠᠨ ᠬᠡᠪᠴᠢᠶ᠎ᠡ ᠨᠢ 500 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠵᠣᠬᠢᠶᠠᠨ | ᠪᠠᠶᠢᠭᠤᠯᠵᠤ ᠪᠤᠶᠢᠵᠢᠭᠤᠯᠤᠭᠴᠢ ᠶᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ | 3᠂ ᠰᠠᠭᠤᠷᠢ ᠪᠣᠯᠪᠠᠰᠤᠷᠠᠭᠤᠯᠤᠯ ᠢ ᠴᠢᠬᠤᠯᠠᠴᠢᠯᠠᠨ ᠰᠠᠶᠢᠲᠤᠷ ᠬᠢᠬᠦ ᠬᠡᠷᠡᠭᠲᠡᠶ᠃ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠬᠤᠰᠢᠭᠤᠨ ᠤ | ᠳᠣᠲᠣᠷᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠪᠣᠯᠪᠠᠰᠤᠷᠠᠯ ᠤᠨ ᠠᠩᠭᠢ ᠶᠢ ᠡᠷᠭᠢᠯᠡᠨ᠂ ᠭᠤᠤᠯᠳᠠᠭᠤ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠬᠤ ᠵᠠᠯᠠᠭᠤᠴᠤᠳ᠂ ᠬᠤᠲᠠ ᠪᠠᠯᠭᠠᠰᠤᠨ ᠤ ᠠᠵᠢᠯ ᠤᠯᠬᠤ | ᠭᠡᠵᠦ ᠪᠠᠶᠢᠭ᠎ᠠ ᠵᠠᠯᠠᠭᠤᠴᠤᠳ᠂ ᠵᠠᠯᠠᠭᠤ ᠰᠤᠷᠤᠭᠴᠢᠳ ᠪᠠ ᠦᠢᠯᠡᠳᠪᠦᠷᠢᠯᠡᠯ᠂ ᠬᠦᠢᠯᠭᠡᠭᠡᠨ ᠤ ᠬᠦᠷᠢᠶᠡᠨ ᠳᠠᠬᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ | ᠬᠠᠨᠳᠤᠭᠤᠯᠤᠨ᠂ ᠲᠤᠰᠬᠠᠶ ᠮᠡᠷᠭᠡᠵᠢᠯ ᠤᠨ ᠪᠣᠯᠪᠠᠰᠤᠷᠠᠯ ᠬᠠᠩᠭᠠᠵᠤ᠂ ᠰᠦᠯᠵᠢᠶ᠎ᠡ ᠪᠠᠷ ᠡᠵᠡᠩᠨᠡᠬᠦ ᠴᠢᠳᠠᠪᠤᠷᠢᠲᠠᠨ ᠢ ᠬᠥᠮᠦᠵᠢᠭᠦᠯᠦᠨ᠎ᠡ᠃ | ︵ᠳᠥᠷᠪᠡ︶ ᠬᠢᠵᠠᠭᠠᠷᠯᠠᠬᠤ ᠪᠣᠭᠤᠮᠢ ᠳᠤ ᠴᠢᠭᠯᠡᠭᠦᠯᠦᠨ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ | 1᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠪᠠᠷ ᠢᠶᠠᠨ ᠬᠤᠯᠪᠣᠭᠠᠯᠠᠬᠤ ᠶᠢ ᠵᠣᠷᠢᠭᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠵᠠᠭᠪᠤᠷ ᠲᠤ ᠰᠢᠨ᠎ᠡ ᠶᠢ | ᠡᠭᠦᠳᠦᠨ ᠬᠥᠭᠵᠢᠭᠦᠯᠦᠨ᠎ᠡ᠃ ᠵᠢᠵᠢᠭ ᠠᠵᠤ ᠠᠬᠤᠶᠢᠯᠠᠯ᠂ ᠬᠤᠪᠢ ᠬᠥᠮᠦᠨ ᠤ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠦᠨ ᠪᠠᠭᠤᠷᠠᠶ᠂ ᠬᠡᠪᠴᠢᠶ᠎ᠡ | ᠪᠠᠭ᠎ᠠ᠂ ᠵᠢᠷᠤᠮᠵᠢᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠬᠦᠴᠢᠷᠲᠡᠶ ᠵᠡᠷᠭᠡ ᠠᠰᠠᠭᠤᠳᠠᠯ ᠳᠤ ᠴᠢᠭᠯᠡᠭᠦᠯᠦᠨ᠂ ᠠᠳᠠᠯᠢ ᠠᠵᠢᠯ ᠲᠥᠷᠥᠯ᠂ ᠠᠳᠠᠯᠢ ᠬᠦᠷᠢᠶ᠎ᠡ | ᠴᠠᠷᠠᠭ᠎ᠠ ᠶᠢᠨ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ︽ᠨᠢᠭᠡᠳᠦᠯᠲᠡᠶ ᠵᠢᠷᠤᠮᠵᠢᠭᠤᠯᠬᠤ᠂ ᠪᠡᠶ᠎ᠡ ᠪᠠᠨ ᠳᠠᠭᠠᠭᠠᠨ ᠡᠵᠡᠩᠨᠡᠬᠦ᠂ | ᠲᠥᠪᠯᠡᠷᠡᠭᠦᠯᠦᠨ ᠬᠥᠭᠵᠢᠭᠦᠯᠬᠦ᠂ ᠬᠠᠮᠲᠤᠪᠠᠷ ᠭᠥᠷᠳᠡᠬᠦ ᠳᠠᠪᠠᠭᠤᠯᠢᠭ︾ ᠵᠠᠷᠴᠢᠮ ᠶᠣᠰᠣᠭᠠᠷ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ᠭᠠᠵᠠᠷ ᠰᠢᠷᠣᠶ ᠶᠢ | ᠠᠰᠢᠭᠯᠠᠬᠤ᠂ ᠪᠠᠯᠠ ᠮᠥᠩᠭᠦ ᠪᠠᠷ ᠲᠡᠳᠬᠦᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠯᠤᠭ᠎ᠠ ᠠᠳᠠᠯᠢ ᠣᠯᠭᠤᠮᠵᠢ ᠬᠦᠷᠲᠡᠭᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠳᠤ ᠦᠢᠯᠡᠳᠪᠦᠷᠢᠯᠡᠯ ᠤᠨ ᠰᠠᠭᠤᠷᠢ ᠶᠢ ᠳᠡᠯᠪᠢᠨ | ᠥᠭᠴᠦ᠂ ᠦᠢᠯᠡᠳᠬᠦᠨ ᠤ ᠲᠥᠷᠥᠯ ᠵᠦᠢᠯ ᠢ ᠪᠠᠶᠠᠯᠢᠭᠵᠢᠭᠤᠯᠤᠨ᠎ᠠ᠃ | 2᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠵᠤ ᠠᠬᠤᠶᠢᠯᠠᠯ᠂ ᠬᠤᠪᠢ ᠪᠠᠷ ᠢᠶᠠᠨ ᠬᠤᠯᠪᠣᠭᠠᠯᠠᠬᠤ ᠶᠢ ᠵᠣᠷᠢᠭᠵᠢᠭᠤᠯᠵᠤ᠂ | ᠬᠥᠭᠵᠢᠯᠲᠡ ᠶᠢᠨ ᠥᠪᠡᠰᠦᠪᠡᠨ ᠦᠢᠯᠡᠴᠢᠯᠡᠬᠦ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠤᠨ᠎ᠠ᠃ ᠠᠵᠤ ᠠᠬᠤᠶᠢᠯᠠᠯ᠂ ᠬᠤᠪᠢ ᠬᠥᠮᠦᠨ ᠤ ᠲᠤᠰ ᠪᠡᠶ᠎ᠡ ᠶᠢᠨ | ᠬᠡᠪᠴᠢᠶ᠎ᠡ ᠨᠢ ᠪᠠᠭ᠎ᠠ᠂ ᠵᠢᠭᠡᠯᠡᠯᠭᠡ ᠵᠢᠭᠡᠯᠡᠬᠦ ᠳᠤ ᠬᠦᠴᠢᠷᠲᠡᠶ ᠪᠠᠶᠢᠭ᠎ᠠ ᠪᠣᠳᠠᠲᠤ ᠠᠰᠠᠭᠤᠳᠠᠯ ᠳᠤ ᠴᠢᠭᠯᠡᠭᠦᠯᠦᠨ᠂ ︽ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ | ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠡᠵᠡᠩᠨᠡᠯᠲᠡ ᠳᠤ ᠬᠢᠵᠠᠭᠠᠷᠯᠠᠯ ᠭᠠᠷᠭᠠᠬᠤ︾ ᠵᠠᠷᠴᠢᠮ ᠤᠨ ᠶᠣᠰᠣᠭᠠᠷ᠂ ᠵᠣᠬᠢᠬᠤ ᠭᠠᠵᠠᠷ | ᠣᠷᠣᠨ ᠪᠤᠶᠤ ᠠᠵᠢᠯ ᠲᠥᠷᠥᠯ ᠤᠨ ᠬᠡᠪᠴᠢᠶᠡᠨ ᠳᠤ ᠨᠡᠶᠢᠭᠡᠮ ᠤᠨ ᠬᠥᠷᠥᠩᠭᠡ ᠶᠢ ᠳᠠᠶᠢᠴᠢᠯᠠᠨ ᠣᠷᠣᠯᠴᠠᠭᠤᠯᠬᠤ ᠶᠢ ᠲᠤᠷᠰᠢᠵᠤ᠂ ᠥᠪᠡᠷ ᠲᠡᠭᠡᠨ ᠦᠢᠯᠡᠴᠢᠯᠡᠬᠦ | ᠰᠠᠭᠤᠷᠢ ᠮᠥᠩᠭᠦ ᠶᠢ ᠪᠠᠶᠢᠭᠤᠯᠤᠨ ᠬᠥᠭᠵᠢᠭᠦᠯᠵᠦ᠂ ᠠᠵᠤ ᠠᠬᠤᠶᠢᠯᠠᠯ᠂ ᠬᠤᠪᠢ ᠬᠥᠮᠦᠨ ᠤ ᠦᠢᠯᠡᠳᠪᠦᠷᠢᠯᠡᠯ ᠡᠵᠡᠩᠨᠡᠯᠲᠡ ᠳᠤ ᠲᠥᠯᠥᠪᠦᠷᠢ ᠲᠠᠢ ᠪᠠᠷ ᠪᠠᠭ᠎ᠠ | ᠲᠣᠭᠠᠨ ᠤ ᠪᠡᠯᠡ ᠮᠥᠩᠭᠦ ᠶᠢᠨ ᠲᠤᠰᠠᠯᠠᠮᠵᠢ ᠬᠠᠩᠭᠠᠬᠤ ᠬᠡᠷᠡᠭᠲᠡᠶ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 1᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠰᠢᠭᠤᠨ ᠤ ᠭᠤᠤᠯ ᠤᠳᠤᠷᠢᠳᠤᠯᠭ᠎ᠠ ᠳᠤᠭᠤᠶᠢᠯᠠᠩ ᠤᠨ ᠳᠠᠷᠤᠭ᠎ᠠ ᠪᠣᠯᠵᠣ | ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤᠭᠤᠶᠢᠯᠠᠩ ᠤᠨ ᠳᠡᠳ᠋ ᠳᠠᠷᠤᠭ᠎ᠠ ᠪᠣᠯᠵᠣ᠂ ᠬᠠᠮᠢᠶ᠎ᠠ ᠪᠥᠬᠦᠶ ᠰᠠᠯᠠᠭ᠎ᠠ ᠮᠥᠴᠢᠷ ᠭᠡᠰᠢᠭᠦᠨ ᠪᠣᠯᠵᠣ᠂ ᠠᠵᠢᠯ ᠢ | ᠬᠠᠷᠢᠭᠤᠴᠠᠨ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠᠶᠢᠭᠤᠯᠵᠤ᠂ | ᠠᠵᠢᠯᠲᠠᠨ ᠢ ᠨᠠᠶᠢᠳᠠᠪᠤᠷᠢᠵᠢᠭᠤᠯᠤᠨ᠂ ᠡᠭᠦᠷᠭᠡ ᠴᠢᠳᠠᠪᠤᠷᠢ ᠶᠢ ᠨᠢ ᠲᠣᠳᠣᠷᠬᠠᠶᠢᠯᠠᠨ᠎ᠠ᠃ ᠡᠯ᠎ᠡ ᠰᠢᠶᠠᠩ ᠪᠠᠯᠭᠠᠰᠤ ︵ᠨᠡᠶᠢᠭᠡᠮ ᠲᠣᠭᠤᠷᠢᠭ︶ ᠨᠢ ᠪᠣᠳᠠᠲᠠᠶ ᠲᠠᠢ ᠪᠠᠨ | ᠤᠶᠠᠯᠳᠤᠭᠤᠯᠤᠨ᠂ ᠵᠣᠬᠢᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠤᠰ ᠭᠠᠵᠠᠷ | ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠵᠦ ᠪᠣᠯᠤᠨ᠎ᠠ᠃ | 2᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠣᠭᠤᠳᠤᠨ᠎ᠠ᠃ ᠡᠯᠧᠺᠲᠷᠣᠨ ᠬᠤᠳᠠᠯᠳᠤᠭ᠎ᠠ ᠪᠠᠷ ᠭᠤᠤᠯ ᠴᠣᠭᠴᠠ ᠪᠣᠯᠭᠠᠭᠰᠠᠨ | ᠠᠵᠢᠯ ᠲᠥᠷᠥᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠨᠡᠶᠢᠭᠡᠮᠯᠢᠭ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠦᠵᠢᠭᠦᠯᠬᠦ᠂ ᠥᠪᠡᠷ ᠤᠨ ᠪᠡᠶ᠎ᠡ ᠳᠡᠭᠡᠨ | ᠦᠢᠯᠡᠴᠢᠯᠡᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠳᠠᠪᠠᠭᠤᠯᠢᠭ ᠪᠠ ᠴᠢᠳᠠᠮᠵᠢ ᠶᠢ ᠪᠠᠳᠠᠷᠠᠭᠤᠯᠵᠤ᠂ ᠲᠣᠰ ᠬᠤᠰᠢᠭᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠬᠡᠪ ᠤᠨ ᠡᠮᠬᠢ ᠳᠢᠭᠯᠢᠮ ᠢ ᠬᠠᠮᠠᠭᠠᠯᠠᠵᠤ᠂ ᠠᠵᠢᠯ ᠲᠥᠷᠥᠯ ᠬᠢᠭᠡᠳ ᠵᠠᠰᠠᠭ ᠤᠨ ᠣᠷᠳᠣᠨ᠂ ᠡᠯᠧᠺᠲᠷᠣᠨ | ᠬᠤᠳᠠᠯᠳᠤᠭ᠎ᠠ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠡᠷᠡᠭᠯᠡᠭᠡᠨ ᠤ ᠮᠡᠳᠡᠯᠭᠡ ᠶᠢ ᠲᠦᠭᠡᠮᠡᠯᠵᠢᠭᠦᠯᠦᠨ᠎ᠡ᠃ | 3᠂ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠠᠷᠠᠯᠵᠢᠶᠠᠨ ᠤ | ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠰᠦᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ᠂ ᠣᠨᠴᠣᠭᠤᠶ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠡᠵᠡᠩᠨᠡᠯᠲᠡ ᠶᠢᠨ ᠪᠠᠶᠢᠳᠠᠯ ᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠪᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠷᠤᠮᠵᠢᠯ ᠲᠠᠢ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ ᠤᠯᠠᠨ ᠰᠠᠯᠠᠭ᠎ᠠ ᠮᠥᠴᠢᠷ | ᠬᠠᠮᠲᠤᠷᠠᠨ ᠬᠥᠳᠡᠯᠦᠯᠴᠡᠵᠦ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠤ ᠠᠵᠤ ᠠᠬᠤᠢ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ | ᠡᠷᠴᠢᠮ ᠢᠶᠠᠨ ᠴᠢᠩᠭᠠᠷᠠᠭᠤᠯᠤᠨ᠎ᠠ᠃ ᠰᠦᠯᠵᠢᠶᠡᠨ ᠳᠡᠭᠡᠷ᠎ᠡ ᠡᠵᠡᠩᠨᠡᠬᠦ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠠᠬᠢᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠬᠠᠮᠢᠶᠠᠷᠤᠯᠲᠠ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | 4᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠲᠧᠯᠸᠢᠰ᠂ ᠰᠣᠨᠢᠨ᠂ ᠰᠦᠯᠵᠢᠶ᠎ᠡ ᠵᠡᠷᠭᠡ ᠣᠯᠠᠨ ᠵᠦᠢᠯ ᠤᠨ ᠪᠦᠲᠦᠮᠵᠢᠲᠡᠶ | ᠬᠡᠯᠪᠡᠷᠢ ᠶᠢ ᠠᠪᠴᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠤᠬᠠᠶᠢᠯᠠᠭᠰᠠᠨ ᠠᠵᠢᠯ ᠤᠨ ᠮᠡᠳᠡᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠤᠬᠠᠭᠤᠯᠤᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠂ ᠪᠥᠬᠦ ᠠᠷᠠᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠦᠵᠡᠯ ᠤᠬᠠᠮᠰᠠᠷ ᠢ | ᠳᠡᠭᠡᠭᠰᠢᠯᠡᠭᠦᠯᠵᠦ᠂ ᠠᠷᠠᠳ ᠣᠯᠠᠨ ᠤ ᠠᠳᠠᠯ ᠦᠢᠯᠡᠰ ᠴᠣᠭᠴᠠᠯᠠᠬᠤ ᠦᠵᠡᠯ ᠤᠬᠠᠮᠰᠠᠷ ᠪᠠ ᠬᠠᠯᠠᠭᠤᠨ ᠰᠡᠳᠬᠢᠯᠭᠡ ᠶᠢ ᠬᠥᠭᠵᠢᠭᠡᠨ᠎ᠡ᠃ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠳᠤ ᠠᠮᠵᠢᠯᠲᠠ ᠣᠯᠤᠭᠰᠠᠨ ᠠᠵᠤ ᠠᠬᠤᠶᠢᠯᠠᠯ ᠪᠣᠯᠤᠨ ᠬᠤᠪᠢ ᠬᠥᠮᠦᠨ ᠤ ᠨᠡᠶᠢᠲᠡᠯᠢᠭ ᠵᠢᠱᠢᠶ᠎ᠡ ᠶᠢ ᠤᠬᠠᠭᠤᠯᠵᠤ᠂ | ᠵᠢᠱᠢᠶ᠎ᠡ ᠦᠵᠡᠭᠦᠯᠬᠦ ᠨᠥᠯᠥᠭᠡᠯᠡᠯ ᠢ ᠲᠠᠰᠤᠷᠠᠯᠲᠠ ᠤᠢᠭᠡᠢ ᠥᠷᠭᠡᠳᠬᠡᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠣᠯᠭᠠᠨ᠎ᠠ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 5 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | | | | | | | |