ᠡᠵᠡᠨ ᠵᠠᠰᠠᠭ ᠲᠠᠷᠬᠠᠭᠠᠭᠰᠠᠨ ﹇2021﹈ 28 ᠳ᠋ᠤᠭᠠᠷ ᠲᠣᠭᠠᠲᠤ | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ ︵ | ᠰᠠᠭᠤᠷᠢᠨ ᠭᠠᠵᠠᠷ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠢᠭᠤᠳ ᠬᠠᠷᠢᠶ᠎ᠠ ᠨᠢᠬᠡᠴᠢ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠲᠡᠦᠬᠡ ᠰᠣᠶᠣᠯ ᠤᠨ ᠥᠪ ᠢ ᠬᠠᠮᠠᠭᠠᠯᠠᠬᠤ᠂ ᠬᠠᠮᠢᠶᠠᠷᠬᠤ ᠪᠠ ᠠᠰᠢᠭᠯᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ | ᠲᠥᠯᠥᠭᠡ᠂ ᠮᠠᠨ ᠤ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠨᠵᠢᠯᠡᠬᠦ ᠤᠬᠠᠭᠠᠨᠴᠢ ᠦᠨ᠎ᠡ ᠥᠷᠲᠡᠭ ᠪᠠ | ᠣᠳᠣᠬᠢ ᠪᠠᠶᠢᠳᠠᠯ ᠲᠠᠢ ᠤᠶᠠᠯᠳᠤᠭᠤᠯᠤᠨ᠂ ᠰᠢᠷ᠎ᠠ ᠲᠠᠯ᠎ᠠ ᠶᠢᠨ ᠪᠠᠭᠤᠷᠢ᠂ ᠬᠤᠨᠢᠴᠢᠨᠭᠤᠯ ᠤᠨ ᠡᠷᠲᠡᠨ ᠤ ᠣᠩᠭᠤᠨ ᠤ ᠰᠦᠷᠦᠭᠵᠢᠯ᠂ ᠲᠤᠯᠤᠤᠳᠠᠢ ᠶᠢᠨ ᠣᠩᠭᠤᠨ᠂ | ᠰᠢᠨ᠎ᠡ ᠵᠡᠭᠡᠯᠢ ᠶᠢᠨ ᠠᠮᠤ ᠪᠤᠳᠠᠭᠠᠨ ᠤ ᠥᠷᠲᠡᠭᠡ ᠵᠡᠷᠭᠡ ᠰᠢᠯᠵᠢᠭᠦᠯᠵᠦ ᠪᠣᠯᠤᠰᠢ ᠥᠬᠡᠶ 4 ᠲᠡᠦᠬᠡ ᠶᠢᠨ ᠳᠤᠷᠠᠰᠬᠠᠯᠲᠤ ᠵᠦᠢᠯᠡᠰ ᠢ ᠪᠥᠬᠦ ᠬᠤᠰᠢᠭᠤᠨ ᠤ | ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠲᠣᠭᠲᠠᠭᠠᠪᠠ᠂ ᠣᠲᠣ ᠨᠡᠶᠢᠲᠡᠯᠡᠶ᠎ᠡ᠃ | ᠨᠢᠭᠡ᠂ ᠰᠢᠷ᠎ᠠ ᠲᠠᠯ᠎ᠠ ᠶᠢᠨ ᠪᠠᠭᠤᠷᠢ | ᠡᠵᠡᠨ ᠬᠤᠷᠤᠭ᠎ᠠ ᠪᠠᠯᠭᠠᠰᠤᠨ ᠤ ᠰᠢᠷ᠎ᠠ ᠲᠠᠯ᠎ᠠ ᠲᠣᠰᠬᠤᠨ ᠤ ᠬᠢᠯᠢ ᠳᠤ ᠪᠠᠶᠢᠷᠢᠯᠠᠵᠤ᠂ ᠪᠠᠭᠤᠷᠢ ᠶᠢᠨ ᠶᠡᠷᠦᠩᠬᠡᠶ ᠲᠠᠯᠠᠪᠠᠶ ᠨᠢ ᠪᠠᠷᠤᠭ 50 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ ᠰᠢᠨ᠎ᠡ ᠴᠢᠯᠠᠭᠤᠨ ᠵᠡᠪᠰᠡᠭ ᠤᠨ ᠰᠡᠭᠦᠯᠴᠢ ᠶᠢᠨ ᠬᠤᠭᠤᠴᠠᠭ᠎ᠠ ᠠᠴᠠ ᠡᠷᠳᠡᠨ ᠤ ᠱᠠᠩ ᠤᠯᠤᠰ ᠤᠨ ᠦᠶ᠎ᠡ ᠶᠢᠨ ᠡᠷᠲᠡᠨ ᠤ ᠬᠥᠮᠦᠨ | ᠲᠥᠷᠥᠯᠬᠢᠲᠡᠨ ᠤ ᠠᠵᠢᠯᠯᠠᠭᠠᠨ ᠤ ᠪᠠᠭᠤᠷᠢ ᠪᠣᠯᠤᠨ᠎ᠠ᠃ ᠲᠤᠰ ᠪᠠᠭᠤᠷᠢ ᠶᠢᠨ ᠳᠥᠷᠪᠡᠨ ᠵᠠᠬ᠎ᠠ ᠶᠢᠨ ᠵᠠᠭᠠᠭ ᠢ ᠲᠦᠷ ᠬᠤᠪᠢᠶᠠᠷᠢᠯᠠᠨ ᠲᠣᠭᠲᠠᠭᠠᠵᠤ ᠭᠠᠳᠠᠭᠰᠢ 100 | ᠮᠧᠲᠷ ᠤᠷᠲᠤᠳᠬᠠᠬᠤ ᠶᠢ ᠬᠠᠮᠠᠭᠠᠯᠠᠯᠲᠠ ᠶᠢᠨ ᠬᠡᠪᠴᠢᠶ᠎ᠡ ᠪᠣᠯᠭᠠᠵᠤ᠂ ᠳᠠᠬᠢᠨ 100 ᠮᠧᠲᠷ ᠤᠷᠲᠤᠳᠬᠠᠬᠤ ᠶᠢ ᠪᠦᠲᠦᠭᠡᠨ ᠪᠠᠶᠢᠭᠤᠯᠤᠯᠲᠠ ᠶᠢᠨ ᠡᠵᠡᠮᠳᠡᠬᠦ ᠣᠷᠣᠨ | ᠪᠦᠰᠡ ᠪᠣᠯᠭᠠᠨ᠎ᠠ᠃ | ᠬᠤᠶᠠᠷ᠂ ᠬᠤᠨᠢᠴᠢᠨᠭᠤᠯ ᠤᠨ ᠡᠷᠲᠡᠨ ᠤ ᠣᠩᠭᠤᠨ ᠤ ᠰᠦᠷᠦᠭᠵᠢᠯ | ᠬᠤᠨᠢᠴᠢᠨᠭᠤᠯ ᠪᠠᠯᠭᠠᠰᠤᠨ ᠤ ᠴᠢᠯᠠᠭᠤᠲᠤ ᠲᠣᠰᠬᠤᠨ ᠤ ᠬᠢᠯᠢ ᠳᠤ ᠪᠠᠶᠢᠷᠢᠯᠠᠵᠤ᠂ ᠪᠥᠬᠦ ᠲᠠᠯᠠᠪᠠᠶ ᠨᠢ ᠪᠠᠷᠤᠭ 13 ᠲᠦᠮᠡᠨ ᠲᠡᠭᠰᠢ ᠳᠥᠷᠪᠡᠯᠵᠢᠨ ᠮᠧᠲᠷ | ᠪᠠᠶᠢᠵᠤ᠂ ᠬᠠᠨ ᠤᠯᠤᠰ ᠤᠨ ᠦᠶ᠎ᠡ ᠶᠢᠨ ᠡᠷᠲᠡᠨ ᠤ ᠣᠩᠭᠤᠨ ᠤ ᠰᠦᠷᠦᠭ ᠪᠣᠯᠤᠨ᠎ᠠ᠃ ᠲᠣᠰ ᠣᠩᠭᠤᠨ ᠤ ᠰᠦᠷᠦᠭᠯᠡᠯ ᠢ ᠳᠥᠷᠪᠡᠨ ᠵᠠᠬ᠎ᠠ ᠶᠢᠨ ᠵᠠᠭᠠᠭ ᠠᠴᠠ | ᠭᠠᠳᠠᠭᠰᠢ 100 ᠮᠧᠲᠷ ᠤᠷᠲᠤᠳᠬᠠᠬᠤ ᠪᠠᠷ ᠬᠠᠮᠠᠭᠠᠯᠠᠬᠤ ᠬᠡᠪᠴᠢᠶ᠎ᠡ ᠪᠣᠯᠭᠠᠵᠤ᠂ ᠳᠠᠬᠢᠨ 100 ᠮᠧᠲᠷ ᠤᠷᠲᠤᠳᠬᠠᠬᠤ ᠪᠠᠷ ᠬᠢᠵᠠᠭᠠᠷᠯᠠᠬᠤ ᠣᠷᠣᠨ ᠪᠣᠯᠭᠠᠨ᠎ᠠ᠃ | ᠭᠤᠷᠪᠠ᠂ ᠲᠤᠯᠤᠤᠳᠠᠢ ᠶᠢᠨ ᠤᠡᠭᠭᠤᠨ | ᠰᠤᠪᠤᠷᠭ᠎ᠠ ᠪᠠᠯᠭᠠᠰᠤᠨ ᠤ ᠲᠤᠯᠤᠤᠳᠠᠢ ᠲᠣᠰᠬᠤᠨ ᠤ ᠬᠢᠯᠢ ᠳᠤ ᠪᠠᠶᠢᠷᠢᠯᠠᠵᠤ᠂ ᠲᠠᠯᠠᠪᠠᠶ ᠨᠢ ᠪᠠᠷᠤᠭ 1 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠠᠨ | ᠤᠯᠤᠰ ᠤᠨ ᠦᠶ᠎ᠡ ᠶᠢᠨ ᠣᠩᠭᠤᠨ ᠤ ᠰᠦᠷᠦᠭ ᠪᠣᠯᠤᠨ᠎ᠠ᠃ ᠲᠣᠰ ᠣᠩᠭᠤᠨ ᠤ ᠰᠦᠷᠦᠭᠯᠡᠯ ᠢ ᠳᠥᠷᠪᠡᠨ ᠵᠠᠬ᠎ᠠ ᠶᠢᠨ ᠵᠠᠭᠠᠭ ᠠᠴᠠ ᠭᠠᠳᠠᠭᠰᠢ 100 ᠮᠧᠲᠷ | ᠤᠷᠲᠤᠳᠬᠠᠬᠤ ᠪᠠᠷ ᠬᠠᠮᠠᠭᠠᠯᠠᠬᠤ ᠬᠡᠪᠴᠢᠶ᠎ᠡ ᠪᠣᠯᠭᠠᠵᠤ᠂ ᠳᠠᠬᠢᠨ 100 ᠮᠧᠲᠷ ᠤᠷᠲᠤᠳᠬᠠᠬᠤ ᠪᠠᠷ ᠬᠢᠵᠠᠭᠠᠷᠯᠠᠬᠤ ᠣᠷᠣᠨ ᠪᠣᠯᠭᠠᠨ᠎ᠠ᠃ | ᠳᠥᠷᠪᠡ᠂ ᠰᠢᠨ᠎ᠡ ᠵᠡᠭᠡᠯᠢ ᠶᠢᠨ ᠠᠮᠤ ᠪᠤᠳᠠᠭᠠᠨ ᠤ ᠥᠷᠲᠡᠭᠡ | ᠰᠢᠨ᠎ᠡ ᠵᠡᠭᠡᠯᠢ ᠶᠢᠨ ᠠᠮᠤ ᠪᠤᠳᠠᠭᠠᠨ ᠤ ᠥᠷᠲᠡᠭᠡ ᠶᠢ 1950 ᠣᠨ ᠳᠤ ᠡᠬᠢᠯᠡᠨ ᠪᠠᠶᠢᠭᠤᠯᠵᠤ᠂ ᠠᠮᠤ ᠪᠤᠳᠠᠭᠠᠨ ᠤ ᠬᠥᠮᠥᠷᠭᠡ ᠶᠢᠨ ᠣᠷᠣᠨ ᠤ ᠡᠵᠡᠯᠡᠬᠦ | ᠲᠠᠯᠠᠪᠠᠶ ᠨᠢ 16927. 59 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 5309. 89 ᠲᠡᠭᠰᠢ ᠳᠥᠷᠪᠡᠯᠵᠢᠨ ᠮᠧᠲᠷ ᠪᠠᠶᠢᠵᠤ᠂ ᠥᠪᠡᠷᠲᠡᠭᠡᠨ | ᠵᠠᠰᠠᠬᠤ ᠣᠷᠣᠨ ᠤ ᠬᠠᠮᠤᠭ ᠤᠨ ᠪᠦᠷᠢᠨ ᠪᠦᠲᠦᠨ ᠠᠮᠤ ᠪᠤᠳᠠᠭᠠᠨ ᠤ ᠥᠷᠲᠡᠭᠡ ᠪᠣᠯᠵᠠᠶ᠃ ᠲᠣᠰ ᠪᠠᠭᠤᠷᠢ ᠶᠢᠨ ᠳᠥᠷᠪᠡᠨ ᠵᠠᠬ᠎ᠠ ᠶᠢᠨ ᠵᠠᠭᠠᠭ ᠢ ᠲᠦᠷ ᠵᠠᠭᠠᠭᠯᠠᠨ | ᠲᠣᠭᠲᠠᠭᠠᠵᠤ ᠭᠠᠳᠠᠭᠰᠢ 50 ᠮᠧᠲᠷ ᠤᠷᠲᠤᠳᠬᠠᠬᠤ ᠶᠢ ᠬᠠᠮᠠᠭᠠᠯᠠᠬᠤ ᠬᠦᠷᠢᠶ᠎ᠡ ᠬᠡᠪᠴᠢᠶ᠎ᠡ ᠪᠣᠯᠭᠠᠵᠤ᠂ ᠳᠠᠬᠢᠨ 50 ᠮᠧᠲᠷ ᠤᠷᠲᠤᠳᠬᠠᠬᠤ ᠶᠢ ᠪᠥᠲᠥᠭᠡᠨ | ᠪᠠᠶᠢᠭᠤᠯᠤᠯᠲᠠ ᠶᠢᠨ ᠡᠵᠡᠮᠳᠡᠬᠦ ᠣᠷᠣᠨ ᠪᠦᠰᠡ ᠪᠣᠯᠭᠠᠨ᠎ᠠ᠃ | ᠳᠡᠭᠡᠷᠡᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠴᠢᠭ ᠢ ᠢᠯᠭᠠᠨ ᠲᠣᠭᠲᠠᠭᠠᠬᠤ ᠠᠵᠢᠯ ᠢ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠭ᠎ᠠ ᠭᠠᠵᠠᠷ ᠤᠨ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠬᠠᠮᠲᠤ ᠪᠠᠷ ᠬᠠᠷᠢᠭᠤᠴᠠᠵᠤ᠂ ᠱᠠᠭᠠᠷᠳᠠᠯᠭ᠎ᠠ ᠶᠣᠰᠣᠭᠠᠷ ᠲᠡᠮᠳᠡᠭ ᠤᠨ ᠲᠣᠳᠣᠷᠬᠠᠶᠢᠯᠠᠯᠲᠠ ᠶᠢ ᠰᠠᠶᠢᠲᠤᠷ ᠬᠢᠵᠦ᠂ ᠲᠡᠮᠳᠡᠭᠯᠡᠯ ᠤᠨ ᠲᠠᠩᠰᠠ ᠡᠪᠬᠡᠮᠡᠯ | ᠪᠠᠶᠢᠭᠤᠯᠤᠨ᠎ᠠ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 7 ᠳ᠋ᠤᠭᠠᠷ ᠰᠠᠷ᠎ᠠ ᠶᠢᠨ 1 ᠤ ᠡᠳᠦᠷ | | | | |