ᠡᠯᠧᠺᠲᠷᠤᠨ ᠫᠢᠶᠣᠣ ᠪᠠᠷᠢᠮᠲᠠ ᠪᠣᠯᠤᠨ ᠴᠠᠭᠠᠰᠤᠨ ᠤ ᠫᠢᠶᠣᠣ ᠪᠠᠷᠢᠮᠲᠠ ᠨᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ
ᠨᠡᠶᠢᠲᠡᠯᠡᠭᠰᠡᠨ ᠴᠠᠭ᠄
2021/12/16
       ᠣᠶᠢᠷ᠎ᠠ ᠳᠤ ᠡᠳ᠋ ᠤᠨ ᠵᠠᠰᠠᠭ ᠤᠨ ᠶᠠᠮᠤᠨ ᠲᠣᠭᠲᠠᠭᠠᠯ ᠭᠠᠷᠭᠠᠵᠤ᠂ ︽ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠳᠤ ᠵᠠᠰᠠᠪᠤᠷᠢ ᠤᠷᠤᠭᠤᠯᠪᠠ᠂ ᠡᠭᠦᠨ ᠳᠤ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠠᠭᠤᠯᠭ᠎ᠠ ᠶᠢ ᠨᠡᠮᠡᠭᠳᠡᠭᠦᠯᠦᠨ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠵᠤ᠂ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠪᠣᠯᠤᠨ ᠴᠠᠭᠠᠰᠤᠨ ᠫᠢᠶᠣᠣ ᠪᠠᠷᠢᠮᠲᠠ ᠨᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠠᠭᠤᠯᠭ᠎ᠠ ᠶᠢ ᠲᠣᠳᠣᠷᠬᠠᠶ ᠳᠤᠷᠠᠳᠴᠠᠢ᠃ ᠪᠦᠷᠢᠳᠬᠡᠯ ᠢ ᠦᠨᠳᠦᠰᠦᠯᠡᠪᠡᠯ᠂ 2020 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠤᠯᠤᠰ ᠲᠤ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢ ᠨᠡᠶᠢᠲᠡ 4 ᠳ᠋ᠦᠩᠰᠢᠭᠤᠷ ᠭᠠᠷᠤᠶ ᠬᠤᠪᠢ ᠭᠠᠷᠭᠠᠵᠤ᠂ ᠬᠤᠯᠪᠣᠭᠳᠠᠭᠰᠠᠨ ᠵᠣᠭᠤᠰᠣᠨ ᠤ ᠲᠤᠭ᠎ᠠ ᠲᠦᠮᠡᠨ ᠳ᠋ᠦᠩᠰᠢᠭᠤᠷ ᠲᠥᠭᠦᠷᠢᠭ ᠰᠢᠬᠠᠮ ᠳᠤ ᠬᠦᠷᠦᠨ᠂ ᠪᠤᠢ ᠪᠦᠬᠦᠢ ᠠᠵᠢᠯ ᠲᠥᠷᠥᠯ ᠪᠣᠯᠤᠨ ᠫᠢᠶᠣᠣ ᠪᠠᠷᠢᠮᠲᠠ ᠶᠢᠨ ᠲᠥᠷᠥᠯ ᠵᠦᠢᠯ ᠢ ᠬᠠᠮᠤᠷᠴᠠᠶ᠃      ᠡᠳ᠋ ᠤᠨ ᠵᠠᠰᠠᠭ ᠤᠨ ᠫᠢᠶᠣᠣ ᠪᠠᠷᠢᠮᠲᠠ ᠭᠡᠳᠡᠭ ᠨᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠢᠨᠠᠨ ︵ᠲᠠᠮᠠᠭ᠎ᠠ︶ ᠦᠢᠯᠡᠳᠴᠦ᠂ ᠲᠠᠷᠬᠠᠭᠠᠨ᠂ ᠬᠠᠮᠢᠶᠠᠷᠬᠤ᠂ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠣᠯᠠᠨ ᠨᠡᠶᠢᠲᠡ ᠶᠢᠨ ᠬᠠᠮᠢᠶᠠᠷᠤᠯᠲᠠ ᠪᠤᠶᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠦᠬᠦᠢ ᠨᠡᠶᠢᠭᠡᠮ ᠤᠨ ᠪᠦᠯᠬᠦᠮ ᠵᠢᠴᠢ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠬᠤ ᠪᠤᠶᠤ ᠠᠰᠢᠭ ᠬᠤᠨᠵᠢᠪᠤᠷᠢ ᠶᠢᠨ ᠪᠤᠰᠤ ᠠᠵᠢᠯᠯᠠᠭ᠎ᠠ ᠬᠢᠵᠦ ᠵᠣᠭᠤᠰ ᠮᠥᠩᠭᠦ ᠡᠳ᠋ ᠪᠣᠳᠠᠰ ᠬᠤᠷᠢᠶᠠᠬᠤ ᠦᠶ᠎ᠡ ᠳᠤ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠪᠢᠴᠢᠵᠦ ᠥᠭᠭᠦᠭᠰᠡᠨ ᠭᠡᠷᠡᠴᠢ ᠪᠠᠷᠢᠮᠲᠠ ᠪᠣᠯᠣᠨ᠎ᠠ᠃ ︽ᠥᠭᠡᠷᠡᠴᠢᠯᠡᠯᠲᠡ ᠶᠢᠨ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢᠨ ᠬᠠᠤᠯᠢ ᠴᠠᠭᠠᠵᠠ ᠶᠢᠨ ᠪᠠᠶᠢᠷᠢ ᠰᠠᠭᠤᠷᠢ ᠲᠣᠳᠣᠷᠬᠠᠶ ᠦᠭᠡᠢ ᠪᠠᠶᠢᠬᠤ ᠠᠰᠠᠭᠤᠳᠠᠯ ᠠᠯᠬᠤᠮ ᠠᠯᠬᠤᠮ ᠢᠶᠠᠷ ᠲᠤᠪᠤᠶᠢᠮ᠎ᠠ ᠪᠤᠯᠵᠤ᠂ ︿ᠠᠷᠭ᠎ᠠ﹀᠎ ᠳᠠᠬᠢ ᠬᠡᠰᠡᠭ ᠲᠣᠭᠲᠠᠭᠠᠯ ᠨᠢ ᠴᠦ ᠥᠭᠡᠷᠡᠴᠢᠯᠡᠯᠲᠡ ᠪᠠ ᠪᠣᠳᠠᠲᠤ ᠠᠵᠢᠯ ᠤᠨ ᠬᠡᠷᠡᠭᠴᠡᠭᠡ ᠳᠤ ᠤᠯᠠᠮ ᠢᠶᠠᠷ ᠵᠣᠬᠢᠴᠠᠵᠤ ᠴᠢᠳᠠᠬᠤ ᠦᠭᠡᠢ ᠪᠣᠯᠪᠠ︾᠃      ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠬᠦ ᠳᠡᠭᠡᠨ᠂ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠠᠴᠢᠯᠠᠭᠰᠠᠨ ᠳᠤᠮᠳᠠᠳᠤ ᠤᠯᠤᠰ᠂ ᠲᠣᠭᠠᠴᠢᠯᠠᠭᠰᠠᠨ ᠵᠠᠰᠠᠭ ᠤᠨ ᠣᠷᠳᠣᠨ ᠵᠢᠴᠢ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠵᠣᠬᠢᠴᠠᠭᠤᠯᠤᠨ᠂ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠷᠭ᠎ᠠ︾᠎ ᠳᠤ ᠵᠠᠰᠠᠪᠤᠷᠢ ᠣᠷᠣᠭᠤᠯᠬᠤ ᠴᠢᠬᠤᠯᠠᠲᠠᠶ ᠪᠣᠯᠵᠠᠢ ᠭᠡᠵᠡᠢ᠃ ᠠᠩᠬᠠᠷᠤᠭᠤᠰᠢᠲᠠᠶ ᠨᠢ᠂ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢᠨ ᠬᠠᠮᠢᠶᠠᠷᠤᠯᠲᠠ ᠶᠢ ᠵᠢᠷᠤᠮᠯᠠᠬᠤ ᠠᠴᠠ ᠬᠠᠤᠯᠢ ᠲᠠᠢ ᠪᠣᠯᠭᠠᠬᠤ ᠶᠢᠨ ᠲᠥᠯᠥᠭᠡ᠂ ᠰᠢᠨ᠎ᠡ ᠲᠣᠭᠲᠠᠭᠠᠯ ᠳᠤ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢᠨ ᠬᠤᠯᠪᠣᠭᠳᠠᠯ ᠪᠦᠬᠦᠢ ᠠᠭᠤᠯᠭ᠎ᠠ ᠶᠢ ᠨᠡᠮᠡᠵᠦ᠂ ᠡᠯᠧᠺᠲᠷᠤᠨ ᠫᠢᠶᠣᠣ ᠪᠠᠷᠢᠮᠲᠠ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠦᠬᠦ ᠶᠠᠪᠤᠴᠠ ᠶᠢ ᠵᠢᠷᠤᠮᠵᠢᠭᠤᠯᠪᠠ᠃      ᠰᠢᠨ᠎ᠡ ᠲᠣᠭᠲᠠᠭᠠᠯ ᠳᠤ ᠡᠯᠧᠺᠲᠷᠤᠨ ᠫᠢᠶᠣᠣ ᠪᠠᠷᠢᠮᠲᠠ ᠶᠢᠨ ᠬᠠᠤᠯᠢ ᠴᠠᠭᠠᠵᠠ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠵᠤ᠂ ︽ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠪᠠ ᠴᠠᠭᠠᠰᠤᠨ ᠫᠢᠶᠣᠣ ᠪᠠᠷᠢᠮᠲᠠ ᠨᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠂ ᠴᠦᠮ ᠡᠳ᠋ ᠤᠨ ᠶᠠᠪᠤᠳᠠᠯ ᠤᠨ ᠨᠢᠭᠲᠠᠯᠠᠨ ᠪᠣᠳᠣᠯᠲᠠ ᠳᠤ ᠬᠢᠨᠠᠯᠲᠠ ᠲᠠᠯᠪᠢᠬᠤ᠂ ᠬᠢᠨᠠᠨ ᠪᠣᠳᠣᠯᠲᠠ ᠳᠤ ᠬᠢᠨᠠᠯᠲᠠ ᠲᠠᠯᠪᠢᠬᠤ ᠵᠡᠷᠭᠡ ᠶᠢᠨ ᠴᠢᠬᠤᠯᠠ ᠦᠨᠳᠦᠰᠦ ᠪᠠᠷᠢᠮᠲᠠ ᠮᠥᠨ︾ ᠭᠡᠵᠦ ᠲᠣᠭᠲᠠᠭᠠᠵᠠᠶ᠃ ᠡᠯ᠎ᠡ ᠬᠤᠯᠪᠣᠭᠳᠠᠯ ᠪᠥᠬᠦᠶ ᠨᠢᠭᠡᠴᠡ ︵ᠵᠢᠱᠢᠶᠡᠯᠡᠪᠡᠯ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ᠂ ᠬᠤᠳᠠᠯᠳᠤᠭᠠᠨ ᠤ ᠳᠠᠭᠠᠳᠬᠠᠯ ᠤᠨ ᠨᠢᠭᠡᠴᠡ︶᠎ ᠨᠢ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢ ᠲᠠᠩᠰᠠ ᠲᠠᠶᠢᠯᠬᠤ ᠪᠠ ᠡᠯᠧᠺᠲᠷᠤᠨ ᠲᠠᠩᠰᠠ ᠡᠪᠬᠡᠮᠡᠯ ᠳᠤ ᠣᠷᠣᠭᠤᠯᠬᠤ ᠶᠢᠨ ᠬᠠᠤᠯᠢ ᠶᠣᠰᠣᠨ ᠤ ᠭᠡᠷᠡᠴᠢ ᠪᠠᠷᠢᠮᠲᠠ ᠪᠣᠯᠭᠠᠵᠤ ᠪᠣᠯᠤᠨ᠎ᠠ᠃ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠤ ᠵᠠᠳᠠᠯᠤᠭᠰᠠᠨ ᠢᠶᠠᠷ᠂ ᠢᠨᠲ᠋ᠧᠷ ᠰᠦᠯᠵᠢᠶ᠎ᠡ᠂ ᠰᠢᠯᠵᠢᠮᠡᠯ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠡᠳ᠋ ᠤᠨ ᠵᠠᠰᠠᠭ ᠤᠨ ᠡᠯᠧᠺᠲᠷᠤᠨ ᠫᠢᠶᠣᠣ ᠪᠠᠷᠢᠮᠲᠠ ᠶᠢ ᠳᠡᠯᠭᠡᠷᠡᠭᠦᠯᠦᠨ ᠬᠡᠷᠡᠭᠯᠡᠵᠦ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠲᠦᠯᠦᠪᠦᠷᠢ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ ᠡᠳ᠋ ᠤᠨ ᠵᠠᠰᠠᠭ ᠤᠨ ᠫᠢᠶᠣᠣ ᠪᠠᠷᠢᠮᠲᠠ ᠶᠢᠨ ᠨᠡᠶᠢᠭᠡᠮ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠠᠰᠢᠭᠲᠠᠢ ᠶᠤᠮ ᠭᠡᠵᠡᠢ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号