| | ᠤᠳᠠᠰᠤ ᠪᠠᠷ ᠮᠡᠭᠡᠯᠡᠬᠦ᠄ 1᠂ ᠦᠷ᠎ᠡ ᠬᠡᠦᠬᠡᠳ ᠨᠢ ᠤᠤᠯᠭᠠᠯᠠᠭᠳᠠᠵᠤ᠂ ᠳ᠋ᠢᠶᠠᠩᠬᠤᠸᠠ ᠳᠠᠭᠤ ᠰᠢᠩᠭᠡᠭᠡᠯᠲᠡ ᠶᠢ | ᠠᠰᠢᠭᠯᠠᠨ ᠭᠡᠷ ᠤᠨ ᠬᠥᠮᠦᠰ ᠢ ᠨᠢ ᠠᠶᠤᠯᠭᠠᠨ ᠭᠡᠯᠮᠡᠭᠳᠡᠬᠦᠯᠵᠦ᠂ ᠪᠠᠷᠢᠴᠠᠭᠠᠯᠠᠭᠳᠠᠭᠰᠠᠨ ᠬᠥᠮᠦᠨ ᠳᠤ ᠵᠣᠭᠤᠰ | ᠭᠤᠪᠢᠭᠤᠯᠬᠤ ᠶᠢ ᠱᠠᠭᠠᠷᠳᠠᠳᠠᠭ᠃ 2᠂ ᠲᠥᠷᠥᠯ ᠰᠠᠳᠤᠨ ᠨᠠᠶᠢᠵᠠ ᠨᠥᠬᠦᠳ ᠢᠶᠠᠷ ᠣᠪᠯᠠᠵᠤ᠂ ᠲᠡᠷᠭᠡᠨ ᠠᠳᠡᠯ᠂ | ᠡᠪᠡᠳᠴᠢᠯᠡᠭᠰᠡᠨ᠂ ᠬᠠᠤᠯᠢ ᠠᠴᠠ ᠵᠥᠷᠢᠴᠡᠵᠦ ᠵᠣᠭᠤᠰ ᠲᠤᠰᠢᠶᠠᠬᠤ ᠴᠢᠬᠤᠯᠠᠲᠠᠶ ᠵᠡᠷᠭᠡ ᠰᠢᠯᠲᠠᠭ ᠢᠶᠠᠷ ᠮᠡᠬᠡᠯᠡᠬᠦ | ᠠᠵᠢᠯᠯᠠᠭ᠎ᠠ ᠬᠢᠬᠦ᠃ 3᠂ ᠴᠠᠬᠢᠯᠭᠠᠨ ᠬᠤᠯᠪᠣᠭᠠᠨ ᠤ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠤᠲᠠᠰᠤᠨ ᠤ | ᠰᠦᠢᠳᠬᠡᠯ ᠥᠷᠢᠲᠦᠬᠦ ᠵᠡᠷᠭᠡ ᠨᠡᠷ᠎ᠡ ᠪᠠᠷ ᠮᠡᠬᠡᠯᠡᠯ ᠬᠢᠬᠦ᠃ 4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ | ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠵᠡᠷᠭᠡ ᠲᠥᠷᠥ ᠶᠢᠨ | ᠪᠠᠶᠢᠭᠤᠯᠭ᠎ᠠ ᠶᠢᠨ ᠠᠵᠢᠯᠲᠠᠨ ᠢᠶᠠᠷ ᠣᠪᠯᠠᠵᠤ᠂ ᠬᠡᠨ ᠬᠡᠨ ᠵᠣᠭᠤᠰ ᠤᠬᠢᠶᠠᠬᠤ᠂ ᠮᠡᠬᠡᠯᠡᠬᠦ ᠵᠡᠷᠭᠡ ᠶᠠᠯᠠᠲᠤ | ᠠᠵᠢᠯᠯᠠᠭ᠎ᠠ ᠳᠤ ᠬᠤᠯᠪᠣᠭᠳᠠᠭᠰᠠᠨ ᠢᠶᠠᠷ ᠰᠢᠯᠲᠠᠭ ᠪᠣᠯᠭᠠᠵᠤ ᠮᠡᠬᠡᠯᠡᠬᠦ ᠠᠵᠢᠯᠯᠠᠭ᠎ᠠ ᠬᠢᠬᠦ᠃ 5᠂ ᠭᠠᠶᠢᠯᠢ ᠶᠢᠨ | ᠶᠠᠪᠤᠳᠠᠯ ᠤᠨ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠭᠠᠶᠢᠯᠢ ᠪᠤᠴᠠᠭᠠᠬᠤ ᠪᠠᠷ ᠰᠢᠯᠲᠠᠭ ᠪᠣᠯᠭᠠᠨ ᠬᠦᠮᠦᠰ ᠢ | ATM ᠳᠡᠭᠡᠷ᠎ᠡ ᠠᠵᠢᠯᠯᠠᠭᠤᠯᠬᠤ ᠪᠠᠷ ᠱᠠᠭᠠᠷᠳᠠᠵᠤ ᠮᠡᠬᠡᠯᠡᠬᠦ ᠠᠵᠢᠯᠯᠠᠭ᠎ᠠ ᠬᠢᠬᠦ᠃ 6᠂ ᠬᠡᠨ ᠬᠡᠨ ᠱᠠᠩᠨᠠᠯ | ᠣᠯᠤᠭᠰᠠᠨ ᠭᠡᠵᠦ ᠬᠤᠳᠠᠯ ᠬᠡᠯᠡᠭᠡᠳ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠦᠢᠯᠡᠴᠢᠯᠡᠭᠡᠨ ᠤ | ᠰᠦᠢᠳᠬᠡᠯ ᠪᠠ ᠭᠠᠷ ᠭᠦᠢᠴᠡᠳᠬᠡᠯ ᠤᠨ ᠰᠦᠢᠳᠬᠡᠯ ᠵᠡᠷᠭᠡ ᠶᠢ ᠲᠤᠰᠢᠶᠠᠬᠤ ᠪᠠᠷ ᠮᠡᠬᠡᠯᠡᠬᠦ ᠡᠵᠢᠯᠯᠠᠭ᠎ᠠ ᠬᠢᠬᠦ᠃ | ᠣᠬᠤᠷ ᠴᠢᠮᠡᠭᠡ ᠪᠠᠷ ᠮᠡᠬᠡᠯᠡᠬᠦ᠄ 1᠂ ᠬᠦᠮᠦᠰ ᠲᠤ ᠣᠬᠤᠷ ᠮᠡᠳᠡᠭᠡ ᠶᠠᠪᠤᠭᠤᠯᠵᠤ ᠪᠠᠩᠬᠢ ᠶᠢᠨ ᠺᠠᠷᠲ ᠢ ᠴᠢᠨᠢ | ᠥᠭᠡᠷ᠎ᠡ ᠭᠠᠵᠠᠷ ᠲᠤ ᠬᠡᠷᠡᠭᠯᠡᠵᠦ ᠪᠠᠶᠢᠨ᠎ᠠ ᠭᠡᠮᠡᠨ ᠮᠡᠬᠡᠯᠡᠵᠦ᠂ ᠬᠠᠷᠢᠭᠤ ᠤᠲᠠᠰᠤ ᠶᠠᠪᠤᠭᠤᠯᠬᠤ ᠦᠶ᠎ᠡ ᠳᠤ ᠬᠠᠤᠯᠢ | ᠪᠤᠰᠤ ᠡᠲᠡᠭᠡᠳ ᠪᠠᠩᠬᠢ ᠶᠢᠨ ᠠᠵᠢᠯᠲᠠᠨ ᠢᠶᠠᠷ ᠬᠠᠭᠤᠷᠮᠠᠭᠯᠠᠨ ᠮᠡᠬᠡᠯᠡᠵᠦ ᠪᠠᠶᠢᠨ᠎ᠠ᠃ 2᠂ ᠣᠬᠤᠷ ᠴᠢᠮᠡᠭᠡ ᠪᠠᠷ | ᠪᠠᠩᠬᠢ ᠶᠢᠨ ᠲᠠᠩᠰᠠᠨ ᠨᠣᠮᠧᠷ ᠵᠢᠴᠢ ︽ᠲᠦᠷᠭᠡᠨ ᠭᠤᠪᠢᠭᠤᠯᠤᠭᠰᠠᠨ ᠵᠣᠭᠤᠰ︾ ᠵᠡᠷᠭᠡ ᠮᠡᠳᠡᠭᠡ ᠵᠠᠩᠭᠢ ᠶᠢ | ᠶᠠᠪᠤᠭᠤᠯᠵᠤ ᠮᠡᠬᠡᠯᠡᠬᠦ᠃ ᠰᠦᠯᠵᠢᠶᠡᠨ ᠤ ᠮᠡᠬᠡᠯᠡᠯ᠄ 1᠂ ᠰᠦᠯᠵᠢᠶᠡᠨ ᠳᠡᠭᠡᠷ᠎ᠡ ᠰᠲ᠋ᠣᠺ ᠢ ᠰᠣᠩᠭᠤᠬᠤ ᠪᠤᠶᠤ | ᠬᠤᠳᠠᠯᠳᠤᠨ ᠠᠪᠬᠤ ᠳᠤ ᠬᠠᠪᠰᠤᠷᠬᠤ ᠮᠡᠳᠡᠭᠡ ᠵᠠᠩᠭᠢ ᠨᠡᠶᠢᠲᠡᠯᠡᠵᠦ ᠮᠡᠬᠡᠯᠡᠬᠦ᠃ 2᠂ ᠱᠠᠩᠨᠠᠯ ᠣᠯᠤᠭᠰᠠᠨ ᠬᠤᠳᠠᠯ | ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠵᠦ ᠮᠡᠬᠡᠯᠡᠭᠳᠡᠭᠴᠢ ᠰᠦᠯᠵᠢᠶᠡᠨ ᠳᠤ ᠭᠠᠷᠬᠤ ᠳᠠᠭᠠᠨ QQ ᠶᠢᠨ ᠱᠠᠩᠨᠠᠯ | ᠣᠯᠤᠭᠰᠠᠨ ᠪᠤᠶᠤ ᠰᠦᠯᠵᠢᠶᠡᠨ ᠤ ᠲᠣᠭᠯᠠᠭᠠᠮ ᠤᠨ ᠱᠠᠩᠨᠠᠯ ᠣᠯᠤᠭᠰᠠᠨ ᠢ ᠣᠯᠵᠤ ᠮᠡᠳᠡᠨ᠎ᠡ᠂ ᠭᠡᠪᠡᠴᠦ ᠡᠷᠬᠡᠪᠰᠢ | ᠤᠷᠢᠳᠠᠪᠠᠷ ᠭᠠᠷ ᠭᠦᠶ᠋ᠴᠡᠳᠬᠡᠯ ᠤᠨ ᠰᠦᠢᠳᠬᠡᠯ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠡᠷᠭᠡ ᠶᠢ | ᠲᠤᠰᠢᠶᠠᠵᠤ᠂ ᠬᠠᠤᠯᠢ ᠪᠤᠰᠤ ᠡᠲᠡᠭᠡᠳ ᠡᠭᠦᠨ ᠢᠶᠠᠷ ᠵᠣᠭᠤᠰ ᠢ ᠮᠡᠬᠡᠯᠡᠨ ᠠᠪᠳᠠᠭ᠃ | | |