ᠰᠢᠪᠡᠵᠢ ᠠᠯᠠᠬᠤ ᠳ᠋ᠧᠩ ᠢ ᠠᠰᠢᠭᠯᠠᠨ ᠬᠦᠨᠦᠭᠡᠯᠲᠦ ᠰᠢᠪᠡᠵᠢ ᠶᠢ ᠬᠡᠷᠬᠢᠨ ᠦᠳᠦᠭᠡᠵᠦ ᠠᠯᠠᠬᠤ ᠪᠣᠢ
ᠨᠡᠶᠢᠲᠡᠯᠡᠭᠰᠡᠨ ᠴᠠᠭ᠄
2021/12/16
     ᠳᠠᠬᠢᠨ ᠳᠠᠪᠲᠠᠨ ᠬᠡᠯᠪᠡᠯᠵᠡᠬᠦ ᠮᠠᠶ᠋ᠢᠭ ᠤᠨ ᠰᠢᠪᠡᠵᠢ ᠠᠯᠠᠬᠤ ᠳ᠋ᠧᠩ ᠢ ᠪᠠᠬᠢᠯᠢᠭ᠌ ᠶᠠᠭᠤᠮᠠᠨ ᠳᠡᠭᠡᠷ᠎ᠡ ᠲᠣᠭᠲᠠᠭᠠᠭᠠᠳ ᠲᠠᠷᠢᠶᠠᠨ ᠳᠤᠮᠳᠠ ᠪᠠᠨ ᠲᠠᠯᠪᠢᠨ᠎ᠠ᠂ ᠡᠯᠬᠦᠬᠦ ᠦᠨᠳᠦᠷ ᠨᠢ ᠲᠦᠭᠦᠭᠡᠷᠦᠮᠵᠢᠲᠦ ᠲᠠᠷᠢᠶᠠᠯᠠᠩ ᠳᠤ 1.2m ᠪᠣᠯ ᠵᠣᠬᠢᠮᠵᠢᠲᠠᠢ᠃ ᠵᠠᠳᠠᠭᠠᠢ ᠭᠠᠵᠠᠷ ᠲᠠᠷᠢᠭᠰᠠᠨ ᠨᠦᠬᠦᠴᠡᠯ ᠳᠣᠣᠷ᠎ᠠ᠂ ᠭᠤᠣᠯ ᠲᠠᠷᠢᠮᠠᠯ ᠨᠢ ᠨᠠᠪᠴᠢᠯᠢᠭ ᠨᠣᠭᠤᠭᠠᠨ ᠤ ᠵᠦᠢᠯ ᠪᠣᠯ ᠶᠡᠷᠦ ᠳᠡᠭᠡᠨ 0.7m ᠪᠣᠯ ᠵᠣᠬᠢᠮᠵᠢᠲᠠᠢ᠂ ᠬᠠᠰᠢ ᠵᠢᠮᠢᠰ ᠤᠨ ᠵᠦᠢᠯ ᠪᠣᠯ 0.8 ~ 1m ᠪᠣᠯ ᠵᠤᠬᠢᠮᠵᠢᠲᠠᠢ᠃ 4 ᠰᠠᠷ᠎ᠠ ᠶᠢᠨ ᠰᠡᠭᠦᠯᠴᠢ ᠠᠴᠠ 5 ᠰᠠᠷ᠎ᠠ ᠶᠢᠨ ᠡᠬᠢ ᠪᠠᠷ ᠳ᠋ᠧᠩ ᠢᠶᠠᠨ ᠡᠯᠭᠦᠨ᠎ᠡ᠂ ᠬᠤᠷᠤᠬᠠᠢ ᠰᠢᠪᠡᠵᠢ ᠶᠢᠨ ᠬᠦᠳᠡᠯᠭᠡᠭᠡᠨ ᠤ ᠳᠠᠳᠬᠠᠯ ᠨᠢ ᠠᠳᠠᠯᠢ ᠪᠤᠰᠤ ᠲᠤᠯᠠ ᠬᠦᠨᠦᠭᠡᠯᠲᠦ ᠰᠢᠪᠡᠵᠢ ᠶᠢᠨ ᠡᠳᠦᠷ ᠪᠦᠷᠢ ᠶᠢᠨ ᠠᠳᠠᠯᠢ ᠪᠤᠰᠤ ᠴᠠᠭ ᠲᠠᠬᠢ ᠳ᠋ᠧᠩ ᠦᠭᠡᠳᠡ ᠢᠷᠡᠬᠦ ᠬᠡᠮᠵᠢᠶ᠎ᠡ ᠨᠢ ᠨᠡᠯᠢᠶᠡᠳ ᠶᠡᠭᠡ ᠵᠦᠷᠢᠶ᠎ᠡ ᠲᠠᠢ ᠪᠠᠶᠢᠳᠠᠭ᠂ ᠡᠳᠦᠷ ᠪᠦᠷᠢ ᠶᠢᠨ ᠳ᠋ᠧᠩ ᠠᠰᠠᠭᠠᠬᠤ ᠴᠠᠭ ᠨᠢ 19 ᠴᠠᠭ ᠠᠴᠠ ᠳᠠᠷᠠᠭ᠎ᠠ ᠡᠳᠦᠷ ᠤᠨ ᠬᠢᠨᠢ ᠦᠷᠯᠦᠭᠡᠨ ᠤ 4 ᠴᠠᠭ᠂ ᠦᠳᠦᠭᠡᠵᠦ ᠠᠯᠠᠬᠤ ᠣᠷᠭᠢᠯ ᠤᠨ ᠬᠤᠭᠤᠴᠠᠭ᠎ᠠ ᠨᠢ 21 ~ 23 ᠴᠠᠭ᠃ ᠳ᠋ᠧᠩ ᠢᠶᠠᠨ ᠲᠠᠷᠢᠶᠠᠨ ᠳᠤᠮᠳᠠ ᠰᠢᠳᠡᠷ᠎ᠡ ᠶᠢᠨ ᠬᠦᠯᠬᠡ ᠮᠡᠲᠦ ᠪᠠᠷ ᠪᠠᠶᠢᠷᠢᠯᠠᠭᠤᠯᠵᠤ᠂ ᠳ᠋ᠧᠩ ᠤᠨ ᠬᠤᠭᠤᠷᠤᠨᠳᠤᠬᠢ ᠵᠠᠢ ᠶᠢ 100 ~ 150 m ᠪᠠᠶᠢᠯᠭᠠᠨ᠂ ᠳ᠋ᠧᠩ ᠪᠦᠷᠢ ᠶᠢᠨ ᠡᠵᠡᠮᠳᠡᠬᠦ ᠲᠠᠯᠠᠪᠠᠢ ᠶᠢ 4 ~ 5hm2 ᠪᠠᠶᠢᠯᠭᠠᠨ᠎ᠠ᠃ ᠠᠳᠠᠯᠢᠬᠠᠨ ᠦᠨᠳᠦᠷ ᠲᠤ ᠡᠯᠭᠦᠬᠦ ᠪᠠ ᠠᠳᠠᠯᠢᠬᠠᠨ ᠵᠠᠪᠰᠠᠷ ᠤᠨ ᠬᠤᠭᠤᠴᠠᠭᠠᠨ ᠳᠤ ᠲᠣᠣᠷ ᠢ ᠴᠡᠪᠡᠷᠯᠡᠨ ᠱᠣᠸᠠᠰᠠᠳᠠᠬᠤ ᠪᠠ ᠱᠤᠸᠠᠰᠠᠳᠠᠬᠤ ᠦᠭᠡᠢ ᠶᠢᠨ ᠰᠢᠪᠡᠵᠢ ᠪᠠᠷᠢᠬᠤ ᠬᠡᠮᠵᠢᠶ᠎ᠡ ᠨᠢ ᠲᠤᠩ ᠶᠡᠭᠡ ᠵᠦᠷᠢᠳᠡᠭ᠃ ᠠᠵᠢᠭᠯᠠᠨ ᠬᠡᠮᠵᠢᠭᠰᠡᠨ ᠢᠶᠠᠷ 1 ~ 2 ᠬᠤᠨᠤᠭ ᠲᠤ ᠨᠢᠭᠡ ᠤᠳᠠᠭ᠎ᠠ ᠱᠤᠸᠠᠰᠠᠳᠠᠬᠤ ᠨᠢ 5 ᠬᠤᠨᠤᠭ ᠲᠤ ᠨᠢᠭᠡ ᠤᠳᠠᠭ᠎ᠠ ᠱᠤᠸᠠᠰᠠᠳᠠᠬᠤ ᠠᠴᠠ ᠰᠢᠪᠡᠵᠢ ᠪᠠᠷᠢᠬᠤ ᠬᠡᠮᠵᠢᠶ᠎ᠡ ᠨᠢ 20% ᠣᠷᠴᠢᠮ ᠨᠡᠮᠡᠭᠳᠡᠳᠡᠭ᠃
 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号