ᠠᠷᠤᠤ ᠴᠡᠴᠡᠭ ᠲᠤ ᠵᠥᠪ ᠣᠨᠣᠪᠴᠢᠲᠠᠶ ᠪᠣᠷᠳᠣᠭᠤᠷ ᠣᠷᠣᠭᠤᠯᠬᠤ ᠠᠷᠭ᠎ᠠ
ᠨᠡᠶᠢᠲᠡᠯᠡᠭᠰᠡᠨ ᠴᠠᠭ᠄
2021/12/16
     ᠠᠷᠤᠤ ᠴᠡᠴᠡᠭ ᠨᠢ ᠦᠷᠪᠢᠰᠦᠯ ᠢ ᠳᠠᠷᠤᠵᠦ ᠪᠠᠺᠲ᠋ᠧᠷᠢ ᠶᠢ ᠡᠰᠡᠷᠭᠦᠴᠡᠬᠦ᠂ ᠠᠷᠠᠰᠤ ᠮᠢᠬᠠᠨ ᠤ ᠬᠠᠷᠢᠮᠠᠬᠠᠶ ᠴᠢᠨᠠᠷ ᠢ ᠴᠢᠩᠭᠠᠳᠬᠠᠬᠤ᠂ ᠠᠷᠠᠰᠤ ᠮᠢᠬᠠᠨ ᠤ ᠰᠠᠯᠢᠰᠤᠲᠤ ᠪᠦᠷᠬᠦᠪᠴᠢ ᠶᠢ ᠬᠠᠮᠠᠭᠠᠯᠠᠬᠤ᠂ ᠰᠡᠪᠬᠡ ᠶᠢ ᠰᠡᠷᠭᠡᠶᠢᠯᠡᠬᠦ᠂ ᠪᠦᠲᠦᠨ᠎ᠡ ᠴᠣᠬᠤᠷ ᠪᠠ ᠠᠲᠤᠷᠢᠶ᠎ᠠ ᠶᠢ ᠰᠡᠷᠭᠡᠶᠢᠯᠡᠬᠦ ᠦᠢᠯᠡᠳᠦᠯ ᠲᠠᠢ ᠤᠴᠢᠷ ᠠᠴᠠ ᠲᠡᠭᠦᠨ ᠢ ᠲᠠᠷᠢᠵᠦ ᠤᠷᠭᠤᠭᠤᠯᠬᠤ ᠨᠢ ᠤᠯᠠᠮ ᠠᠴᠠ ᠤᠯᠠᠮ ᠣᠯᠠᠰᠢᠷᠠᠵᠠᠢ᠂ ᠲᠡᠭᠡᠪᠡᠯ ᠶᠠᠭᠠᠬᠢᠪᠠᠯ ᠠᠷᠤᠤ ᠴᠡᠴᠡᠭ ᠤᠨ ᠤᠷᠭᠤᠯᠲᠠ ᠶᠢ ᠲᠦᠷᠭᠡᠳᠭᠡᠬᠦ ᠪᠣᠶ︖ ᠶᠠᠮᠠᠷ ᠪᠤᠷᠳᠤᠭᠤᠷ ᠨᠡᠮᠡᠪᠡᠯ ᠤᠷᠭᠤᠯᠲᠠ ᠨᠢ ᠬᠤᠷᠳᠤᠨ ᠪᠣᠢ︖ ᠥᠨᠥᠳᠦᠷ ᠪᠢᠳᠡ ᠠᠷᠤᠣ ᠴᠡᠴᠡᠭ ᠲᠤ ᠪᠣᠷᠳᠤᠭᠤᠷ ᠣᠷᠤᠭᠤᠯᠬᠤ ᠲᠤᠬᠠᠢ ᠬᠡᠳᠦᠨ ᠵᠦᠢᠯ ᠤᠨ ᠠᠷᠭ᠎ᠠ ᠶᠢ ᠲᠠᠨᠢᠯᠴᠠᠭᠤᠯᠤᠨ᠎ᠠ᠃      ᠠᠷᠤᠤ ᠴᠡᠴᠡᠭ ᠨᠢ ᠶᠡᠷᠦ ᠳᠡᠭᠡᠨ ᠪᠤᠷᠳᠤᠭᠤᠷ ᠣᠷᠣᠭᠤᠯᠬᠤ ᠦᠭᠡᠢ ᠴᠤ ᠬᠡᠪ ᠢᠶᠠᠷ ᠤᠷᠭᠤᠵᠤ ᠳᠡᠶᠢᠯᠳᠡᠭ᠃ ᠬᠡᠷᠪᠡ ᠠᠷᠤᠤ ᠴᠡᠴᠡᠭ ᠲᠤ ᠪᠤᠷᠳᠦᠭᠤᠷ ᠣᠷᠣᠭᠤᠯᠬᠤ ᠭᠡᠪᠡᠯ᠂ ᠬᠠᠪᠤᠷ ᠨᠠᠮᠤᠷ ᠬᠤᠶᠠᠷ ᠤᠯᠠᠷᠢᠯ ᠲᠤ ᠲᠡᠭᠦᠨ ᠤ ᠤᠷᠭᠤᠯᠲᠠ ᠶᠢᠨ ᠬᠤᠭᠤᠴᠠᠭᠠᠨ ᠳᠤ᠂ ᠬᠠᠭᠠᠰ ᠰᠠᠷ᠎ᠠ ᠪᠦᠷᠢ ᠠᠽᠣᠲ ᠪᠣᠷᠳᠣᠭᠤᠷ ᠢᠶᠠᠷ ᠭᠤᠤᠯᠯᠠᠭᠰᠠᠨ ᠰᠢᠩᠭᠡᠨ ᠪᠡᠶᠡᠲᠦ ᠪᠤᠷᠳᠤᠭᠤᠷ ᠨᠢᠭᠡ ᠤᠳᠠᠭ᠎ᠠ ᠨᠡᠮᠡᠵᠦ ᠪᠣᠯᠤᠨ᠎ᠠ᠃ ᠠᠽᠣᠲ ᠪᠤᠷᠳᠦᠭᠤᠷ ᠰᠤᠩᠭᠤᠬᠤ ᠳᠠᠭᠠᠨ᠄ ᠰᠢᠭᠡᠰᠦᠯᠢᠭ ᠡᠳ᠋᠂ ᠬᠦᠬᠦᠷ ᠬᠦᠴᠢᠯ ᠤᠨ ᠠᠮᠮᠣᠨᠢ ᠪᠤᠶᠤ ᠮᠦᠬᠦᠯᠢᠭᠲᠦ ᠨᠡᠶᠢᠯᠡᠮᠡᠯ ᠪᠣᠷᠳᠣᠭᠤᠷ ᠤᠨ ᠦᠢᠯᠡᠳᠦᠯ ᠨᠢ ᠨᠡᠯᠢᠶᠡᠳ ᠵᠦᠭᠡᠷ ᠲᠤᠯᠠ ᠰᠣᠩᠭᠤᠨ ᠬᠡᠷᠡᠭᠯᠡᠵᠦ ᠪᠤᠯᠤᠨ᠎ᠠ᠃ ᠡᠰᠡᠭᠦᠯ᠎ᠡ ᠢᠰᠬᠡᠭᠰᠡᠨ ᠠᠮᠢᠲᠠᠨ᠂ ᠭᠡᠷ ᠤᠨ ᠵᠢᠭᠦᠷᠲᠡᠨ ᠤ ᠢᠯᠭᠠᠳᠠᠰᠤ᠂ ᠢᠳᠡᠰᠢᠨ ᠨᠣᠭᠤᠭᠠᠨ ᠥᠭᠡᠳᠡᠰᠦ ᠵᠡᠷᠭᠡ᠃ ᠪᠤᠳᠠᠭ᠎ᠠ ᠤᠬᠢᠶᠠᠭᠰᠠᠨ ᠤᠰᠤ ᠪᠠᠨ ᠢᠰᠭᠡᠭᠡᠳ ᠴᠡᠪᠡᠷ ᠤᠰᠤ ᠬᠤᠯᠢᠵᠤ ᠤᠰᠤᠯᠠᠭᠰᠠᠨ ᠴᠦ ᠮᠠᠰᠢ ᠰᠠᠶᠢᠨ᠃ ᠪᠠᠰᠠ ᠳᠠᠬᠢᠪᠠᠯ ᠤᠤᠭᠤᠵᠤ ᠦᠯᠡᠳᠡᠭᠰᠡᠨ ᠦᠨᠢᠶᠡᠨ ᠰᠦ᠂ ᠪᠤᠷᠴᠠᠭ ᠤᠨ ᠡᠭᠡᠳᠡᠩ ᠵᠡᠷᠭᠡ ᠪᠠᠶᠢᠳᠠᠭ᠃ ᠰᠢᠩᠭᠡᠨ ᠪᠡᠶᠡᠲᠦ ᠪᠤᠷᠳᠤᠭᠤᠷ ᠢ ᠤᠷᠭᠤᠮᠠᠯ ᠤᠨ ᠨᠠᠪᠴᠢᠨ ᠳᠡᠭᠡᠷ᠎ᠡ ᠬᠦᠷᠭᠡᠵᠦ ᠪᠣᠯᠬᠤ ᠦᠭᠡᠢ᠃ ᠥᠳᠬᠡᠴᠡ ᠨᠢ ᠰᠢᠩᠭᠡᠨ ᠪᠠᠶᠢᠪᠠᠯ ᠳᠣᠬᠢᠷᠠᠮᠵᠢᠲᠠᠢ᠃ ᠬᠡᠷᠪᠡ ᠬᠠᠲᠠᠭᠤ ᠪᠡᠶᠡᠲᠦ ᠪᠤᠷᠳᠤᠭᠤᠷ ᠪᠣᠯ᠂ ᠫᠧᠩᠰᠡᠨ ᠳᠠᠬᠢ ᠬᠦᠷᠦᠰᠦᠨ ᠳᠤ ᠪᠠᠭ᠎ᠠ ᠬᠡᠮᠵᠢᠶ᠎ᠡ ᠪᠠᠷ ᠪᠤᠯᠠᠵᠤ ᠲᠠᠯᠪᠢᠨ᠎ᠠ᠂ ᠦᠨᠳᠦᠰᠦ ᠠᠴᠠ ᠨᠢ ᠬᠤᠯᠠ ᠪᠦᠭᠡᠳ ᠬᠡᠮᠵᠢᠶ᠎ᠡ ᠶᠢ ᠨᠢ ᠪᠠᠭ᠎ᠠ ᠪᠠᠶᠢᠯᠭᠠᠬᠤ ᠬᠡᠷᠡᠭᠲᠡᠢ᠃ ᠬᠡᠲᠦᠷᠡᠪᠡᠯ ᠦᠨᠳᠦᠰᠦ ᠶᠢ ᠨᠢ ᠭᠡᠮᠲᠦᠭᠡᠨ᠎ᠡ᠃      ᠠᠷᠤᠤ ᠴᠡᠴᠡᠭ ᠤᠨ ᠤᠷᠭᠤᠯᠲᠠ ᠶᠢᠨ ᠶᠠᠪᠤᠴᠠ ᠳᠤ ᠵᠥᠪᠬᠡᠨ ᠫᠧᠩᠰᠡ ᠲᠠᠢ ᠬᠥᠷᠥᠰᠥ ᠶᠢᠨ ᠰᠢᠮ᠎ᠡ ᠳᠤ ᠲᠦᠰᠢᠭᠯᠡᠭᠡᠳ ᠪᠣᠯᠬᠤ ᠦᠭᠡᠢ᠂ ᠵᠣᠬᠢᠰᠲᠠᠶ ᠪᠣᠷᠳᠣᠭᠤᠷ ᠨᠡᠮᠡᠪᠡᠯ ᠰᠠᠶ᠋ᠢ ᠤᠷᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠨ᠎ᠠ᠃ ᠡᠭᠦᠨ ᠳᠤ ᠤᠷᠭᠠᠨᠢᠭ ᠪᠣᠷᠳᠣᠭᠤᠷ ᠨᠡᠯᠢᠶᠡᠳ ᠰᠠᠶᠢᠨ ᠪᠠᠶᠢᠳᠠᠭ᠂ ᠵᠢᠱᠢᠶᠡᠯᠡᠪᠡᠯ᠂ ᠯᠣᠬᠠᠱᠧᠩ ᠤᠨ ᠠᠭᠠᠭ ︵ᠪᠣᠣᠪᠤ︶᠂ ᠪᠤᠷᠳᠤᠭᠤᠷ ᠤᠨ ᠠᠰᠢᠭᠯᠠᠮᠵᠢ ᠨᠢ ᠰᠠᠶᠢᠨ ᠪᠥᠭᠡᠳ ᠠᠷᠢᠭᠤᠨ ᠴᠡᠪᠡᠷ ᠪᠠᠶᠢᠳᠠᠭ᠃ ᠪᠤᠷᠳᠤᠭᠤᠷ ᠨᠡᠮᠡᠬᠦ ᠠᠴᠠ ᠪᠠᠨ ᠡᠮᠦᠨ᠎ᠡ᠂ ᠤᠰᠤᠨ ᠳᠤ ᠭᠦᠢᠴᠡᠳ ᠲᠡᠪᠲᠦᠭᠡᠨ ᠢᠰᠭᠡᠵᠦ᠂ ᠳᠠᠬᠢᠨ ᠤᠰᠤᠨ ᠳᠤ ᠰᠢᠩᠭᠡᠷᠡᠭᠦᠯᠵᠦ ᠤᠰᠤᠯᠠᠨ᠎ᠠ᠂ ᠬᠡᠷᠪᠡ ᠬᠢᠮᠢ ᠶᠢᠨ ᠪᠤᠷᠳᠤᠭᠤᠷ ᠨᠡᠮᠡᠪᠡᠯ 0.1%᠎ ᠶᠢᠨ ᠥᠳᠬᠡᠴᠡ ᠲᠠᠢ ᠪᠤᠷᠳᠤᠭᠤᠷ ᠢ ᠨᠡᠮᠡᠵᠦ᠂ ᠠᠷᠤᠤ ᠴᠡᠴᠡᠭ ᠤᠨ ᠤᠷᠭᠤᠯᠲᠠ ᠶᠢᠨ ᠪᠠᠶᠢᠳᠠᠯ ᠢ ᠦᠨᠳᠦᠰᠦᠯᠡᠨ ᠪᠤᠷᠳᠦᠭᠤᠷ ᠨᠡᠮᠡᠬᠦ ᠤᠳᠠᠭ᠎ᠠ ᠶᠢ ᠲᠣᠭᠲᠠᠭᠠᠨ᠎ᠠ᠃ ᠬᠡᠷᠪᠡ ᠦᠷᠭᠦᠯᠵᠢ ᠨᠠᠪᠴᠢ ᠶᠢ ᠨᠢ ᠬᠡᠷᠡᠭᠯᠡᠬᠦ ᠱᠠᠭᠠᠷᠳᠠᠯᠭ᠎ᠠ ᠲᠠᠢ ᠪᠣᠯ᠂ ᠨᠢᠭᠡ ᠰᠠᠷ᠎ᠠ ᠳᠤ ᠢᠯᠡᠭᠦᠦ ᠬᠡᠳᠦ ᠤᠳᠠᠭ᠎ᠠ ᠪᠣᠷᠳᠤᠭᠤᠷ ᠨᠡᠮᠡᠬᠦ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号