1᠂ ᠠᠯᠬᠤᠬᠤ ᠨᠢ ᠵᠢᠷᠤᠬᠡᠨ ᠤ ᠴᠢᠳᠠᠪᠬᠢ ᠶᠢ ᠰᠠᠶᠢᠵᠢᠷᠠᠭᠤᠯᠤᠨ᠎ᠠ᠃ | 2᠂ ᠠᠯᠬᠤᠬᠤ ᠨᠢ ᠴᠢᠰᠤᠨ ᠰᠤᠳᠠᠯ ᠤᠨ ᠬᠠᠷᠢᠮᠠᠬᠠᠢ ᠴᠢᠨᠠᠷ ᠢ ᠰᠠᠶᠢᠵᠢᠷᠠᠭᠤᠯᠤᠨ᠎ᠠ᠃ | 3᠂ ᠠᠯᠬᠤᠬᠤ ᠨᠢ ᠬᠦᠮᠦᠨ ᠤ ᠪᠡᠶ᠎ᠡ ᠶᠢᠨ ᠬᠡᠪᠡᠯᠢ ᠶᠢᠨ ᠬᠡᠰᠡᠭ ᠲᠠᠬᠢ ᠦᠭᠡᠬᠦᠨ ᠪᠦᠭᠡᠮᠨᠡᠷᠡᠯ ᠢ ᠪᠠᠭᠠᠰᠬᠠᠨ᠎ᠠ᠃ | | 4᠂ ᠠᠯᠬᠤᠬᠤ ᠨᠢ ᠴᠢᠰᠤᠨ ᠤ ᠨᠦᠵᠢᠡᠷᠯ ᠢ ᠪᠠᠭᠠᠰᠬᠠᠨ᠎ᠠ᠃ | 5᠂ ᠠᠯᠬᠤᠬᠤ ᠨᠢ ᠭᠤᠷᠪᠠᠴᠢ ᠭᠯᠢᠼᠧᠷᠢᠳ᠋ ᠪᠠ ᠺᠤᠯᠧᠰᠲ᠋ᠧᠷᠤᠯ ᠤᠨ ᠯᠤᠭᠰᠢᠭᠤᠨ ᠰᠤᠳᠠᠯ ᠤᠨ ᠬᠠᠨ᠎ᠠ | ᠲᠡᠭᠡᠷᠡᠬᠢ ᠪᠦᠭᠡᠮᠨᠡᠷᠡᠯ ᠢ ᠪᠠᠭᠠᠰᠬᠠᠬᠤ ᠪᠠᠷ ᠪᠠᠷᠠᠬᠤ ᠦᠭᠡᠢ ᠪᠠᠰᠠ ᠴᠢᠰᠤᠨ ᠰᠢᠬᠢᠷ ᠤᠨ ᠭᠤᠷᠪᠠᠴᠢ ᠭᠯᠢᠼᠧᠷᠢᠳ᠋ ᠪᠤᠯᠵᠦ | ᠬᠤᠪᠢᠷᠠᠬᠤ ᠪᠤᠯᠤᠮᠵᠢ ᠶᠢ ᠪᠠᠭᠠᠰᠬᠠᠨ᠎ᠠ᠃ | 6᠂ ᠠᠯᠬᠤᠬᠤ ᠨᠢ ᠬᠤᠷᠮᠤᠨ ᠤ ᠢᠯᠭᠠᠷᠠᠭᠤᠯᠤᠯᠳᠠ ᠶᠢ ᠨᠠᠮᠳᠠᠭᠤᠯᠵᠦ᠂ ᠪᠦᠭᠡᠷ᠎ᠡ ᠶᠢᠨ ᠲᠡᠭᠡᠳᠦ | ᠪᠤᠯᠴᠢᠷᠬᠠᠢ ᠶᠢᠨ ᠡᠳ᠋ ᠬᠡᠳᠦ ᠠᠷᠪᠢᠨ ᠢᠯᠭᠠᠷᠠᠭᠤᠯᠬᠤ ᠠᠴᠠ ᠰᠡᠷᠭᠡᠶᠢᠯᠡᠵᠦ ᠲᠡᠶᠢᠯᠦᠨ᠎ᠡ᠃ | 7᠂ ᠠᠯᠬᠤᠬᠤ ᠨᠢ ᠪᠤᠯᠴᠢᠩ ᠤᠨ ᠴᠢᠩᠭᠠᠷᠠᠯ ᠢ ᠰᠠᠶᠢᠵᠢᠷᠠᠭᠤᠯᠵᠦ᠂ ᠬᠦᠯ᠂ ᠶᠠᠰᠤ ᠰᠢᠷᠪᠤᠰᠤ ᠶᠢ | ᠴᠢᠩᠭᠠᠷᠠᠭᠤᠯᠬᠤ ᠪᠦᠭᠡᠳ ᠦᠶ᠎ᠡ ᠭᠡᠰᠢᠬᠦᠦ ᠶᠢ ᠬᠦᠮᠦᠨ ᠤ ᠪᠡᠶ᠎ᠡ ᠶᠢᠨ ᠴᠢᠰᠤᠨ ᠤ ᠡᠷᠬᠢᠯᠳᠡ ᠪᠠ ᠰᠢᠨ᠎ᠡ | ᠬᠠᠭᠤᠴᠢᠨ ᠤ ᠰᠤᠯᠢᠯᠴᠠᠭ᠎ᠠ ᠶᠢ ᠠᠬᠢᠭᠤᠯᠤᠨ᠎ᠠ᠃ | 8᠂ ᠴᠠᠭ ᠲᠤᠭᠳᠠᠭᠠᠵᠦ ᠠᠯᠬᠤᠬᠤ ᠶᠢ ᠪᠠᠷᠢᠮᠳᠠᠯᠠᠵᠦ᠂ ᠵᠢᠷᠤᠭᠡᠨ ᠴᠢᠰᠦ ᠲᠤᠳᠠᠬᠤ ᠴᠢᠨᠠᠷᠳᠠᠢ ᠡᠪᠡᠳᠴᠢᠨ ᠢ | ᠠᠷᠢᠯᠭᠠᠬᠤ ᠪᠤᠶᠤ ᠴᠢᠰᠤᠨ ᠲᠠᠷᠤᠯᠳᠠ ᠶᠢ ᠪᠠᠭᠤᠷᠠᠭᠤᠯᠤᠨ᠎ᠠ᠃ | 9᠂ ᠠᠯᠬᠤᠬᠤ ᠨᠢ ᠤᠷᠴᠢᠨ ᠠᠬᠤᠢ ᠶᠢ ᠬᠠᠮᠠᠭᠠᠯᠠᠨ᠂ ᠬᠠᠶᠠᠭᠳᠠᠮᠠᠯ ᠬᠡᠢ ᠶᠢᠨ ᠪᠤᠬᠢᠷᠳᠠᠯ ᠢ ᠠᠷᠢᠯᠭᠠᠵᠦ᠂ | ᠪᠡᠶ᠎ᠡ ᠮᠠᠬᠠᠪᠤᠳ ᠢ ᠴᠢᠬᠢᠷᠠᠭᠵᠢᠭᠤᠯᠤᠨ᠂ ᠡᠪᠡᠳᠴᠢᠨ ᠡᠰᠡᠷᠭᠦᠴᠡᠭᠦ ᠴᠢᠳᠠᠪᠤᠷᠢ ᠶᠢ ᠲᠡᠭᠡᠭᠰᠢᠯᠡᠬᠦᠯᠳᠡᠭ᠃ | 10᠂ ᠠᠯᠬᠤᠬᠤ ᠨᠢ ᠰᠢᠩᠭᠡᠭᠡᠯᠳᠡ ᠶᠢᠨ ᠪᠤᠯᠴᠢᠷᠬᠠᠢ ᠶᠢᠨ ᠱᠦᠬᠦᠷᠡᠭᠦᠯᠬᠦ ᠴᠢᠳᠠᠪᠬᠢ ᠶᠢ ᠰᠠᠶᠢᠵᠢᠷᠠᠭᠤᠯᠤᠨ᠂ | ᠬᠤᠳᠤᠭᠤᠳᠤ ᠭᠡᠳᠡᠰᠤᠨ ᠤ ᠵᠢᠮ᠎ᠡ ᠶᠤᠰᠤᠳᠠᠢ ᠬᠦᠳᠡᠯᠭᠡᠭᠡᠨ ᠢ ᠠᠬᠢᠭᠤᠯᠵᠦ᠂ ᠢᠳᠡᠰᠢᠨ ᠲᠤᠷᠠᠰᠢᠯ ᠢ ᠨᠡᠮᠡᠭᠳᠡᠭᠦᠯᠦᠨ᠂ | ᠴᠢᠰᠤᠨ ᠲᠠᠷᠦᠯᠳᠡ ᠦᠢᠳᠦᠷᠵᠢᠬᠦ᠂ ᠰᠢᠬᠢᠷ ᠰᠢᠵᠢᠩ ᠡᠪᠡᠳᠴᠢᠨ᠂ ᠲᠠᠳᠮᠠᠭᠠᠢ ᠴᠢᠨᠠᠷᠳᠦ ᠬᠤᠷᠭᠤᠰᠤᠯ ᠵᠡᠷᠭᠡ | ᠡᠪᠡᠳᠴᠢᠨ ᠢ ᠵᠠᠰᠠᠬᠤ ᠳᠤ ᠴᠦᠮ ᠶᠡᠭᠡ ᠰᠠᠶᠢᠨ ᠦᠢᠯᠡᠳᠦᠯ ᠲᠠᠢ ᠪᠠᠶᠢᠳᠠᠭ᠃ | 11᠂ ᠠᠯᠬᠤᠬᠤ ᠨᠢ ᠮᠡᠳᠡᠷᠡᠯ ᠤᠨ ᠪᠤᠯᠴᠢᠩ ᠤᠨ ᠴᠢᠩᠭᠠᠷᠠᠯ ᠢ ᠨᠠᠮᠳᠠᠭᠤᠯᠳᠠᠭ᠃ | 12᠂ ᠭᠠᠳᠠᠨᠠᠬᠢ ᠰᠢᠨ᠎ᠡ ᠰᠤᠷᠭᠤᠭ ᠠᠭᠠᠷ ᠲᠤᠮᠳᠠ ᠠᠯᠬᠤᠪᠠᠯ ᠲᠡᠷᠢᠬᠢᠨ ᠤ ᠰᠡᠳᠬᠢᠬᠦᠢ ᠶᠢᠨ ᠠᠵᠢᠯᠯᠠᠭ᠎ᠠ | ᠬᠤᠷᠴᠠ ᠰᠡᠷᠭᠡᠭ ᠮᠦᠷᠳᠡᠭᠡᠨ ᠠᠮᠢᠳᠤᠯᠢᠭ ᠪᠤᠯᠳᠠᠭ᠃ |