2020 ᠣᠨ ᠳᠤ ᠡᠵᠡᠨ ᠬᠤᠷᠤᠭ᠎ᠠ ᠬᠤᠰᠢᠭᠤᠨ ᠤ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 0.7%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠦᠷᠭᠦᠯᠵᠢᠯᠡᠨ ᠪᠠᠭᠠᠰᠪᠠ
ᠨᠡᠶᠢᠲᠡᠯᠡᠭᠰᠡᠨ ᠴᠠᠭ᠄
2021/12/20
       2020 ᠣᠨ ᠤ ᠡᠬᠢ ᠪᠠᠷ ᠬᠢᠵᠢᠭ ᠤᠨ ᠨᠥᠯᠥᠭᠡ ᠠᠴᠠ ᠪᠣᠯᠵᠣ᠂ ᠪᠥᠬᠦ ᠬᠤᠰᠢᠭᠤᠨ ᠤ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠭᠠᠬᠠᠨ ᠪᠠᠭᠤᠷᠠᠵᠤ᠂ ᠨᠢᠭᠡᠳᠦᠭᠡᠷ ᠤᠯᠠᠷᠢᠯ ᠳᠤ ᠠᠳᠠᠯᠢ ᠬᠤᠭᠤᠴᠠᠭᠠᠨ ᠤ ᠎ ᠬᠢ ᠠᠴᠠ 9.9 %᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠣᠶᠢᠷ᠎ᠠ ᠶᠢᠨ ᠵᠢᠯ ᠤᠨ ᠲᠤᠷᠰᠢᠬᠢ ᠬᠠᠮᠤᠭ ᠎ ᠤᠨ ᠳᠣᠤᠷ᠎ᠠ ᠬᠡᠮᠵᠢᠶᠡᠨ ᠳᠤ ᠬᠦᠷᠴᠡᠶ  ᠃ ᠬᠢᠵᠢᠭ ᠤᠨ ᠪᠠᠶᠢᠳᠠᠯ ᠢ ᠪᠦᠲᠦᠮᠵᠢᠲᠡᠶ ᠡᠵᠡᠮᠳᠡᠬᠦ ᠶᠢ ᠳᠠᠭᠠᠯᠳᠤᠨ᠂ ᠠᠵᠤ ᠠᠬᠤᠶᠢᠯᠠᠯ ᠤᠨ ᠦᠶᠯᠡᠳᠪᠦᠷᠢᠯᠡᠯ ᠠᠯᠬᠤᠮ ᠠᠯᠬᠤᠮ ᠢᠶᠠᠷ ᠲᠣᠭᠲᠠᠪᠤᠷᠢᠵᠢᠵᠤ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠲᠠᠰᠤᠷᠠᠯᠲᠠ ᠥᠬᠡᠶ ᠳᠡᠭᠡᠭᠰᠢᠯᠡᠵᠦ᠂ ᠳᠡᠭᠡᠷ᠎ᠡ ᠬᠠᠭᠠᠰ ᠵᠢᠯ ᠳᠤ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9.5 %᠎ ᠪᠠᠷ ᠪᠠᠭᠤᠷᠠᠵᠤ᠂ ᠲᠦᠷᠦᠭᠦᠦ ᠭᠤᠷᠪᠠᠨ ᠤᠯᠠᠷᠢᠯ ᠳᠤ 3.1 %᠎ ᠪᠠᠷ ᠪᠠᠭᠤᠷᠠᠪᠠ᠃ 2020 ᠣᠨ ᠳᠤ ᠪᠥᠬᠦ ᠵᠢᠯ ᠤᠨ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 14239 ᠲᠦᠮᠡᠨ ᠲᠣᠨ ᠳᠤ ᠬᠦᠷᠴᠦ᠂ 0.7 %᠎ ᠪᠠᠷ ᠪᠠᠭᠤᠷᠠᠵᠤ᠂ ᠪᠠᠭᠤᠷᠠᠯᠲᠠ ᠎ ᠶᠢᠨ ᠬᠡᠮᠵᠢᠶ᠎ᠡ ᠨᠢ ᠦᠷᠭᠦᠯᠵᠢᠯᠡᠨ ᠪᠠᠭᠠᠰᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号