| ᠨᠢᠭᠡ ᠵᠢᠯ ᠤᠨ ᠲᠤᠷᠰᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ | ᠨᠥᠬᠦᠴᠡᠯ ᠳᠣᠤᠷ᠎ᠠ᠂ ᠡᠵᠡᠨ ᠬᠤᠷᠤᠭ᠎ᠠ ᠬᠤᠰᠢᠭᠤ ᠠᠵᠤ ᠠᠬᠤᠶ ᠶᠢᠨ ᠡᠷᠭᠢᠯᠲᠡ ᠶᠢᠨ ᠲᠣᠬᠢᠷᠠᠭᠤᠯᠤᠯᠲᠠ᠂ ᠲᠥᠷᠥᠯ | ᠵᠦᠶᠯ ᠤᠨ ᠨᠥᠭᠡᠴᠡᠯᠡᠯᠲᠡ ᠶᠢᠨ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠦᠨ | ᠵᠠᠷᠤᠯᠭ᠎ᠠ ᠶᠢ ᠪᠠᠭᠠᠰᠬᠠᠬᠤ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠪᠠᠲᠤᠯᠠᠭ᠎ᠠ ᠵᠡᠷᠭᠡ ᠠᠵᠢᠯ ᠢ ᠴᠢᠩᠭ᠎ᠠ | ᠠᠳᠬᠤᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ | ᠪᠠᠭᠤᠷᠠᠭᠤᠯᠪᠠ᠃ ᠪᠥᠬᠦ ᠵᠢᠯ ᠳᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 710.7 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.2% ᠢᠶᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠦ | ᠭᠤᠷᠪᠠᠨ ᠤᠯᠠᠷᠢᠯ ᠤᠨ ᠬᠢ ᠠᠴᠠ 5.2 ᠵᠠᠭᠤᠨ ᠤ ᠬᠤᠪᠢ ᠶᠢᠨ ᠴᠡᠭ ᠪᠠᠭᠠᠰᠴᠤ᠂ ᠪᠥᠬᠦ ᠵᠢᠯ ᠤᠨ ᠬᠠᠮᠤᠭ ᠤᠨ | ᠰᠠᠶᠢᠨ ᠲᠦᠪᠰᠢᠨ ᠳᠤ ᠬᠥᠷᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 85.3 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 5% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠤᠷᠤᠯᠠᠭᠤᠯᠤᠭᠰᠠᠨ ᠪᠦᠬᠦ ᠲᠤᠭ᠎ᠠ 6.1 % ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠦ ᠭᠤᠷᠪᠠᠨ | ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 3 ᠬᠤᠪᠢ ᠪᠠᠭᠠᠰᠴᠠᠢ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 75.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 0.7 % ᠨᠡᠮᠡᠭᠳᠡᠪᠡ︔ ᠬᠤᠲᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | ᠲᠣᠰ ᠲᠣᠰ 52132 ᠲᠥᠭᠦᠷᠢᠭ ᠪᠠ 21605 ᠲᠥᠭᠦᠷᠢᠭ ᠲᠤ ᠬᠦᠷᠴᠦ᠂ 1.5 % ᠪᠠ 7.7 % | ᠨᠡᠮᠡᠭᠳᠡᠪᠡ᠃ ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠪᠦᠬᠦ | ᠤᠯᠤᠰ ᠤᠨ ᠵᠠᠭᠤᠨ ᠬᠦᠴᠦᠷᠬᠡᠭ ᠰᠢᠶᠠᠨ ᠳᠤ 20 ᠳ᠋ᠤᠭᠠᠷ ᠲᠤ ᠪᠠᠶᠢᠬᠤ ᠶᠢ ᠪᠠᠳᠤᠯᠠᠪᠠ᠃ |