ᠡᠵᠡᠨ ᠬᠤᠷᠤᠭ᠎ᠠ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠪᠢᠯᠧᠲ ᠥᠭᠬᠦ ᠲᠦᠷᠢᠮ ᠤᠨ ᠲᠥᠷᠥᠯ ᠵᠦᠶᠯ ᠤᠨ 10 ᠰᠠᠷ᠎ᠠ ᠶᠢᠨ ᠰᠡᠭᠦᠯᠴᠢ ᠶᠢᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2021/12/20
       2021 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠪᠢᠯᠧᠲ ᠥᠭᠬᠦ ᠲᠦᠷᠢᠮ ᠤᠨ 8 ᠲᠥᠷᠥᠯ ᠵᠦᠶᠯ ᠢ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 1.49 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 1.17 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠪᠡ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠎ ᠢᠶᠠᠷ ᠲᠣᠭᠲᠠᠭᠠᠬᠤ 8 ᠲᠥᠷᠥᠯ ᠵᠦᠶᠯ ᠢ ᠴᠥᠮ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠂ ᠣᠶᠤᠨᠴᠢ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠠᠷᠠᠳ ᠲᠤ ᠲᠥᠬᠦᠮ ᠦᠵᠡᠬᠦᠯᠦᠨ ᠲᠣᠬᠢᠷᠠᠭᠤᠯᠤᠨ ᠬᠦᠷᠭᠡᠬᠦ ᠲᠥᠷᠥᠯ ᠵᠦᠶᠯ᠂ ᠠᠯᠳᠠᠨᠰᠢᠷᠡᠭᠡ ᠪᠠᠯᠭᠠᠰᠤ ᠶᠢᠨ ᠬᠤᠲᠠ ᠶᠢᠨ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠰᠢᠨ᠎ᠡ ᠪᠠᠷ ᠨᠡᠮᠡᠭᠳᠡᠭᠰᠡᠨ ᠠᠷᠠᠳ ᠲᠤ ᠲᠥᠬᠦᠮ ᠦᠵᠡᠭᠦᠯᠬᠦ ᠲᠡᠷᠭᠡᠨ ᠵᠣᠭᠰᠣᠭᠠᠯ ᠤᠨ ᠲᠥᠷᠥᠯ ᠵᠦᠶᠯ᠂ ᠬᠠᠭᠤᠴᠢᠨ ᠬᠤᠲᠠ ᠶᠢᠨ ᠲᠣᠭᠤᠷᠢᠭ ᠤᠨ ᠵᠣᠷᠯᠣᠩ ᠤᠨ ᠬᠤᠪᠢᠰᠬᠠᠯ ᠤᠨ ᠲᠥᠰᠦᠯ᠂ ᠠᠯᠳᠠᠨᠰᠢᠷᠡᠭᠡ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠠᠮᠤᠷ ᠲᠦᠪᠰᠢᠨ ᠤᠤᠭᠤᠬᠤ ᠤᠰᠤ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶᠯ᠂ ᠠᠯᠳᠠᠨᠰᠢᠷᠡᠭᠡ ᠪᠠᠯᠭᠠᠰᠤᠨ ᠤ ᠠᠷᠠᠳ ᠲᠤ ᠲᠥᠬᠦᠮ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠥᠲᠥᠭᠡᠨ ᠪᠠᠶᠢᠭᠤᠯᠤᠯᠲᠠ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠰᠣᠷᠣᠭᠴᠢ ᠶᠢᠨ ᠰᠢᠭᠤᠳ ᠤᠤᠭᠤᠬᠤ ᠤᠰᠤᠨ ᠤ ᠲᠥᠷᠥᠯ ᠵᠦᠶᠯ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠮᠡᠯ ᠳᠣᠬᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠶᠯ᠂ ᠱᠦᠶ ᠠᠨ ᠰᠢᠨ᠎ᠡ ᠬᠤᠲᠠ ᠶᠢᠨ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠶᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ 4535.5 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠤ᠂ ᠡᠭᠦᠨ ᠳᠤ᠂ ᠠᠯᠳᠠᠨᠰᠢᠷᠡᠭᠡ ᠪᠠᠯᠭᠠᠰᠤ ᠶᠢᠨ ᠬᠤᠲᠠ ᠶᠢᠨ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ ᠰᠢᠨ᠎ᠡ ᠪᠠᠷ ᠨᠡᠮᠡᠭᠳᠡᠭᠰᠡᠨ ᠠᠷᠠᠳ ᠲᠤ ᠲᠥᠬᠦᠮ ᠦᠵᠡᠭᠦᠯᠬᠦ ᠲᠡᠷᠭᠡᠨ ᠵᠣᠭᠰᠣᠭᠠᠯ ᠤᠨ ᠲᠥᠷᠥᠯ ᠵᠦᠶᠯ᠂ ᠬᠠᠭᠤᠴᠢᠨ ᠬᠤᠲᠠ ᠎ ᠶᠢᠨ ᠲᠣᠭᠤᠷᠢᠭ ᠤᠨ ᠵᠣᠷᠯᠣᠩ ᠤᠨ ᠬᠤᠪᠢᠰᠬᠠᠯ ᠤᠨ ᠲᠥᠷᠥᠯ ᠵᠦᠶᠯ ᠪᠠ ᠣᠶᠤᠨᠴᠢ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠠᠷᠠᠳ ᠲᠤ ᠲᠥᠬᠦᠮ  ᠦᠵᠡᠬᠦᠯᠦᠨ ᠲᠣᠬᠢᠷᠠᠭᠤᠯᠤᠨ ᠬᠦᠷᠭᠡᠬᠦ ᠲᠥᠷᠥᠯ ᠵᠦᠶᠯ ᠨᠢ ᠨᠢᠭᠡᠨᠲᠡ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号