ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠡᠷᠡᠰ ᠢ ᠮᠠᠭᠠᠳᠯᠠᠨ ᠲᠣᠭᠲᠠᠭᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/12/23
     ︽ᠡᠵᠡᠨ ᠬᠤᠷᠤᠭ᠎ᠠ ᠬᠤᠰᠢᠭᠤᠨ ᠤ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠮᠠᠭᠠᠳᠯᠠᠨ ᠲᠣᠭᠲᠠᠭᠠᠬᠤ ᠠᠷᠭ᠎ᠠ︾ ︵ᠡᠵᠡᠨ ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ〔2019〕136 ᠳ᠋ᠤᠭᠠᠷ ᠲᠣᠭᠠᠲᠤ︶᠎ ᠶᠢᠨ ᠲᠣᠭᠲᠠᠭᠠᠯ ᠢ ᠦᠨᠳᠦᠰᠦᠯᠡᠪᠡᠯ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠡᠯ᠎ᠡ ᠪᠠᠯᠭᠠᠰᠤ ᠪᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠠᠴᠠ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠵᠤ ᠪᠠᠲᠤᠯᠠᠨ ᠲᠠᠪᠰᠢᠬᠦᠯᠵᠦ᠂ ᠮᠠᠨ ᠤ ᠲᠣᠪᠴᠢᠶ᠎ᠠ ᠠᠴᠠ ᠶᠡᠷᠦᠩᠬᠡᠶᠢᠯᠡᠨ ᠬᠢᠨᠠᠨ ᠲᠣᠭᠲᠠᠭᠠᠬᠤ ᠪᠠᠷ ᠳᠡᠮᠵᠢᠨ᠂ ᠵᠧᠩ ᠶᠠᠩ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ 12 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠡᠵᠡᠨ ᠬᠤᠷᠤᠭ᠎ᠠ ᠬᠤᠰᠢᠭᠤᠨ ᠤ ᠠᠩᠬᠠᠳᠤᠭᠠᠷ ᠪᠦᠯᠦᠭ ᠬᠤᠰᠢᠭᠤ ᠲᠠᠰ ᠤᠨ ᠬᠡᠷ ᠪᠦᠯᠢ ᠶᠢᠨ ᠲᠠᠷᠢᠶᠠᠯᠠᠩ ᠮᠠᠯᠵᠢᠯ ᠎ ᠤᠨ ᠲᠠᠯᠠᠪᠠᠶ ᠪᠠᠷ ᠮᠠᠭᠠᠳᠯᠠᠨ ᠲᠣᠭᠲᠠᠭᠠᠬᠤ ᠪᠠᠷ ᠪᠠᠶᠢᠨ᠎ᠠ︔ ᠵᠠᠩ ᠬᠤᠸᠠ ᠽᠧ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ 283 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠣᠯ ᠬᠤᠶᠠᠳᠤᠭᠠᠷ ᠪᠦᠯᠦᠭ ᠎ ᠤᠨ ᠬᠤᠰᠢᠭᠤ ᠲᠡᠰ ᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠣᠯᠤᠨ᠎ᠠ᠃ ᠣᠳᠣ ᠵᠠᠷᠯᠠᠶ᠎ᠠ᠂ ᠨᠡᠶᠢᠲᠡᠯᠡᠬᠦ ᠬᠤᠭᠤᠴᠠᠭ᠎ᠠ ᠨᠢ 5 ᠠᠵᠢᠯ ᠤᠨ ᠡᠳᠦᠷ ᠪᠣᠯᠤᠨ᠎ᠠ  ᠃ ᠢᠯᠡ ᠨᠡᠶᠢᠲᠡᠯᠡᠬᠦ ᠬᠤᠭᠤᠴᠠᠭᠠᠨ ᠳᠤ᠂ ᠬᠤᠰᠢᠭᠤᠨ ᠤ ᠲᠠᠰ ᠤᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠰᠡᠵᠢᠭᠯᠡᠯᠲᠡᠶ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠲᠠᠰᠤ᠂ ᠵᠠᠬᠢᠳᠠᠯ᠂ ᠰᠤᠷᠪᠤᠯᠵᠢᠯᠠᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠠᠰᠠᠭᠤᠳᠠᠯ ᠢ ᠲᠤᠰᠬᠠᠵᠤ ᠪᠣᠯᠤᠨ᠎ᠠ᠃ ᠠᠰᠠᠭᠤᠳᠠᠯ ᠢ ᠲᠤᠰᠬᠠᠬᠤ ᠱᠠᠭᠠᠷᠳᠠᠯᠭ᠎ᠠ ᠨᠢ ᠦᠨᠡᠨ ᠪᠣᠳᠠᠲᠠᠢ ᠪᠥᠭᠡᠳ ᠦᠨᠳᠦᠰᠦᠯᠡᠯ ᠲᠠᠢ ᠪᠠᠶᠢᠬᠤ ᠶᠢᠨ ᠬᠠᠮᠲᠤ ᠪᠢᠴᠢᠭ ᠤᠨ ᠮᠠᠲ᠋ᠧᠷᠢᠶᠠᠯ᠂ ᠦᠨᠡᠨ ᠪᠣᠳᠠᠲᠠᠢ ᠤᠪᠤᠭ ᠨᠡᠷ᠎ᠡ᠂ ᠬᠠᠷᠢᠯᠴᠠᠬᠤ ᠤᠲᠠᠰᠤ ᠶᠢ ᠳᠠᠭᠠᠯᠳᠤᠭᠤᠯᠵᠤ᠂ ᠲᠠᠷᠠᠭᠠᠴᠢ ᠶᠢᠨ ᠠᠯᠬᠤᠮ ᠳᠤ ᠬᠢᠨᠠᠨ ᠬᠠᠷᠭᠤᠭᠤᠯᠬᠤ ᠪᠠ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠲᠦᠬᠦᠮ ᠪᠣᠯᠭᠠᠬᠤ ᠬᠡᠷᠡᠭᠲᠡᠢ᠃ ᠵᠠᠷᠯᠠᠯ ᠳᠤ ᠬᠡᠷᠪᠡ ᠪᠤᠷᠤᠭᠤ ᠲᠠᠢ ᠪᠣᠯ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠯᠪᠠᠨ ᠬᠡᠷ ᠲᠠᠢ ᠬᠠᠷᠢᠯᠴᠠᠵᠤ ᠵᠠᠰᠠᠪᠤᠷᠢ ᠣᠷᠣᠭᠤᠯᠤᠨ᠎ᠠ᠃      ᠢᠯᠡ ᠨᠡᠶᠢᠲᠡᠯᠡᠬᠦ ᠴᠠᠭ᠄ 2021 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ ᠠᠴᠠ 20᠎ ᠤ ᠡᠳᠦᠷ ᠪᠣᠯᠲᠠᠯ᠎ᠠ      ᠬᠠᠷᠢᠯᠴᠠᠬᠤ ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠶᠢᠨ ᠬᠤᠶ ᠲᠣᠮᠣ ᠠᠰᠠᠷ ᠤᠨ 9 ᠳ᠋ᠣᠬᠡᠷ ᠠᠰᠠᠷ ᠎ ᠤᠨ 906 ᠳ᠋ᠤᠭᠠᠷ ᠥᠷᠥᠭᠡ      ᠬᠠᠷᠢᠯᠴᠠᠬᠤ ᠤᠲᠠᠰᠤ᠄ 0477 - 8965035  8965040  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号