ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/23
     ᠮᠠᠨ ᠤ ᠬᠤᠰᠢᠭᠤᠨ ᠤ ᠬᠤᠲᠠ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶ ᠴᠢ ᠪᠢᠩ ᠲᠣᠪᠴᠢᠶᠠᠨ ᠳᠠᠷᠤᠭ᠎ᠠ ᠲᠣᠪᠴᠢᠶᠠᠨ ᠤ ᠶᠠᠪᠤᠳᠠᠯ ᠤᠨ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠳᠠᠬᠢ ᠮᠠᠨ ᠤ ᠬᠤᠰᠢᠭᠤᠨ ᠤ ᠬᠤᠲᠠ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠃      ᠬᠤᠷᠠᠯ ᠳᠡᠭᠡᠷ᠎ᠡ᠂ ᠪᠠᠶ ᠴᠢ ᠪᠢᠩ ᠲᠣᠪᠴᠢᠶᠠᠨ ᠳᠠᠷᠤᠭ᠎ᠠ ᠰᠠᠷᠠᠪᠴᠢᠨ ᠭᠡᠷ ᠤᠨ ᠲᠣᠭᠤᠷᠢᠭ ᠢ ᠶᠡᠷᠦᠩᠬᠡᠶᠢᠯᠡᠨ ᠵᠠᠰᠠᠬᠤ᠂ ᠬᠤᠳᠠᠯᠳᠤᠭᠠᠴᠢᠨ ᠤ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠢ ᠵᠠᠰᠠᠬᠤ᠂ ᠬᠠᠤᠯᠢ ᠪᠤᠰᠤ ᠵᠢᠵᠢᠭ ᠵᠠᠷ ᠮᠡᠳᠡᠭᠡ ᠶᠢ ᠴᠡᠪᠡᠷᠯᠡᠬᠦ᠂ ᠰᠥᠨᠢ ᠶᠢᠨ ᠭᠡᠷᠡᠯᠲᠦᠭᠦᠯᠭᠡ ᠶᠢ ᠵᠠᠰᠠᠬᠤ᠂ ᠲᠣᠮᠣ ᠬᠡᠯᠪᠡᠷᠢ ᠶᠢᠨ ᠪᠠᠷᠢᠯᠭ᠎ᠠ ᠶᠢᠨ ᠭᠠᠵᠠᠷ ᠤᠨ ᠬᠢᠨᠠᠯᠲᠠ ᠬᠠᠮᠢᠶᠠᠷᠤᠯᠲᠠ᠂ ᠰᠢᠭᠠᠷᠤ ᠰᠢᠷᠣᠶ ᠶᠢ ᠴᠡᠪᠡᠷᠯᠡᠨ ᠲᠡᠭᠡᠭᠡᠪᠦᠷᠢᠯᠡᠬᠦ ᠬᠠᠮᠢᠶᠠᠷᠤᠯᠲᠠ᠂ ᠲᠣᠭᠲᠠᠩᠭᠤᠶ ᠲᠡᠷᠭᠡ ᠬᠥᠰᠬᠡ ᠶᠢᠨ ᠬᠠᠮᠢᠶᠠᠷᠤᠯᠲᠠ᠂ ᠨᠡᠭᠦᠳᠡᠯ ᠬᠤᠳᠠᠯᠳᠤᠭᠠᠴᠢᠨ ᠤ ᠬᠠᠮᠢᠶᠠᠷᠤᠯᠲᠠ ᠵᠡᠷᠭᠡ ᠣᠯᠠᠨ ᠲᠠᠯ᠎ᠠ ᠠᠴᠠ ᠬᠤᠯᠪᠣᠭᠳᠠᠯ ᠪᠦᠬᠦᠢ ᠳᠤᠮᠳᠠ ᠠᠩᠭᠢ ᠶᠢᠨ ᠬᠠᠷᠢᠭᠤᠴᠠᠯᠭᠠᠲᠠᠨ ᠳᠤ ᠨᠠᠷᠢᠨ ᠨᠢᠭᠲᠠ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃      ᠪᠠᠶ ᠴᠢ ᠪᠢᠩ ᠲᠣᠪᠴᠢᠶᠠᠨ ᠳᠠᠷᠤᠭ᠎ᠠ ᠴᠢᠬᠤᠯᠠᠴᠢᠯᠠᠬᠤ ᠳᠠᠭᠠᠨ᠂ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠪᠠᠶᠢᠭᠤᠯᠭ᠎ᠠ ᠨᠢᠭᠡᠴᠢ ᠶᠢᠨ ᠬᠢᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠮᠠᠨ ᠤ ᠬᠤᠰᠢᠭᠤᠨ ᠤ ᠬᠤᠲᠠ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ ᠵᠠᠰᠠᠵᠤ᠂ ᠡᠨᠡ ᠪᠣᠯ ᠬᠤᠲᠠ ᠶᠢᠨ ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠪᠣᠯᠬᠤ ᠪᠥᠭᠡᠳ ᠪᠠᠰᠠ ᠴᠤ ᠥᠷᠭᠡᠨ ᠣᠯᠠᠨ ᠠᠷᠠᠳ ᠲᠦᠮᠡᠨ ᠤ ᠲᠤᠯᠭᠠᠮ᠎ᠠ ᠱᠠᠭᠠᠷᠳᠠᠯᠭ᠎ᠠ ᠮᠥᠨ᠂ ᠨᠠᠩ ᠴᠤ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠬᠠᠯᠬᠠᠪᠴᠢ ᠮᠥᠨ᠃ ᠪᠠᠶᠢᠭᠤᠯᠭ᠎ᠠ ᠨᠢᠭᠡᠴᠡ ᠨᠢᠬᠡᠴᠢ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠪᠥᠬᠦ ᠬᠤᠰᠢᠭᠤᠨ ᠤ ᠠᠷᠠᠳ ᠲᠦᠮᠡᠨ ᠤ ᠠᠷᠢᠭᠤᠨ ᠴᠡᠪᠡᠷ ᠲᠡᠷᠢ ᠲᠡᠭᠰᠢ᠂ ᠪᠠᠶᠠᠷ ᠪᠠᠶᠠᠰᠬᠤᠯᠠᠩᠲᠤ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠬᠡᠪᠡ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号