ᠡᠵᠡᠨ ᠬᠤᠷᠤᠭ᠎ᠠ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠠᠴᠠ ᠶᠠᠳᠠᠭᠤ ᠬᠦᠴᠢᠷᠳᠡᠯᠲᠡᠶ ᠲᠥᠯᠥᠪᠯᠡᠭᠡᠲᠦ ᠦᠷᠡᠵᠢᠯ ᠤᠨ ᠬᠡᠷ ᠪᠦᠯᠢ ᠳᠤ ᠨᠡᠶᠢᠲᠡ ᠶᠢᠨ ᠠᠰᠠᠷᠠᠮᠵᠢ ᠶᠢᠨ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2021/12/23
     ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ ᠦᠶᠯᠡᠳᠪᠦᠷᠢᠯᠡᠯ᠂ ᠠᠮᠢᠳᠤᠷᠠᠯ᠂ ᠦᠷᠡᠵᠢᠯ ᠤᠨ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠶᠳᠪᠦᠷᠢᠯᠡᠵᠦ᠂ ᠲᠥᠯᠥᠪᠯᠡᠭᠡᠲᠦ ᠦᠷᠡᠵᠢᠯ ᠤᠨ ᠬᠦᠴᠢᠷᠳᠡᠯᠲᠡᠶ ᠬᠡᠷ ᠪᠦᠯᠢ ᠳᠤ ᠪᠤᠶᠠᠨ ᠦᠶᠯᠡᠳᠴᠤ᠂ ᠵᠣᠯ ᠵᠢᠷᠭᠠᠯᠲᠤ ᠡᠵᠡᠨ ᠬᠤᠷᠤᠭ᠎ᠠ ᠬᠤᠰᠢᠭᠤ ᠶᠢ ᠪᠥᠲᠥᠭᠡᠨ ᠪᠠᠶᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠠᠴᠠ ︽2020 ᠣᠨ ᠤ ᠡᠵᠡᠨ ᠬᠤᠷᠤᠭ᠎ᠠ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠤᠨ ︿ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ᠂ ᠶᠠᠳᠠᠭᠤ ᠬᠦᠴᠢᠷᠳᠡᠯᠲᠡᠶ ᠤᠶᠤᠲᠠᠳ ᠢ ᠲᠤᠰᠠᠯᠠᠬᠤ ᠠᠵᠢᠯᠯᠠᠭ᠎ᠠ ᠪᠠ ᠥᠬᠢᠨ ᠢ ᠬᠠᠯᠠᠮᠵᠢᠯᠠᠬᠤ᠂ ᠠᠨᠴᠢᠯ ᠠᠪᠤᠷᠠᠨ ᠲᠤᠰᠠᠯᠠᠬᠤ ᠢᠨᠵᠧᠨᠧᠷᠢᠩ ᠤᠨ ᠠᠵᠢᠯᠯᠠᠭ᠎ᠠ﹀᠎ ᠶᠢ ᠬᠡᠷᠡᠭᠵᠢᠭᠦᠯᠬᠦ︾ ᠨᠡᠶᠢᠲᠡ ᠶᠢᠨ ᠠᠰᠠᠷᠠᠮᠵᠢ ᠶᠢᠨ ᠮᠥᠩᠭᠦ ᠣᠯᠭᠤᠬᠤ ᠠᠵᠢᠯᠯᠠᠭ᠎ᠠ ᠶᠢ ᠥᠷᠨᠢᠭᠦᠯᠪᠡ᠃      ᠲᠣᠰ ᠤᠳᠠᠭᠠᠨ ᠤ ᠲᠤᠰᠠᠯᠠᠬᠤ ᠠᠵᠢᠯᠯᠠᠭ᠎ᠠ ᠨᠢ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠬᠡᠰᠡᠭ ᠶᠠᠳᠠᠭᠤ ᠬᠦᠴᠢᠷᠳᠡᠯᠲᠡᠶ ᠬᠡᠷ ᠪᠦᠯᠢ ᠶᠢᠨ ᠦᠷ᠎ᠡ ᠬᠡᠦᠬᠡᠳ ᠢᠶᠠᠨ ᠰᠤᠷᠭᠠᠭᠤᠯᠢ ᠳᠤ ᠰᠠᠭᠤᠯᠭᠠᠬᠤ᠂ ᠡᠪᠡᠳᠴᠢᠨ ᠡᠮᠭᠡᠭ ᠢ ᠨᠢ ᠡᠮᠨᠡᠨ ᠵᠠᠰᠠᠬᠤ᠂ ᠦᠨᠳᠦᠰᠦᠨ ᠠᠮᠢᠳᠤᠷᠠᠯ ᠢ ᠨᠢ ᠪᠠᠲᠤᠯᠠᠬᠤ ᠵᠡᠷᠭᠡ ᠲᠠᠯ᠎ᠠ ᠪᠠᠷ ᠬᠢ ᠬᠦᠴᠢᠷᠳᠡᠯ ᠢ ᠰᠢᠶᠳᠪᠦᠷᠢᠯᠡᠬᠦ ᠎ ᠶᠢᠨ ᠬᠠᠮᠲᠤ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠡᠵᠡᠨ ᠬᠤᠷᠤᠭ᠎ᠠ ᠬᠤᠰᠢᠭᠤᠨ ᠤ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠨᠢ ᠵᠢᠯ ᠪᠦᠷᠢ ᠴᠥᠮ ᠦᠷᠡᠵᠢᠯ ᠤᠨ ᠬᠠᠯᠠᠮᠵᠢᠯᠠᠯ ᠪᠠ ᠠᠪᠤᠷᠠᠨ ᠲᠤᠰᠠᠯᠠᠬᠤ ᠠᠵᠢᠯᠯᠠᠭ᠎ᠠ ᠪᠠᠷ ᠳᠠᠮᠵᠢᠭᠤᠯᠤᠨ᠂ ᠲᠥᠯᠥᠪᠯᠡᠭᠡᠲᠦ ᠦᠷᠡᠵᠢᠯ ᠤᠨ ᠶᠠᠳᠠᠭᠤ ᠬᠦᠴᠢᠷᠳᠡᠯᠲᠡᠶ ᠬᠡᠷ ᠪᠦᠯᠢ ᠳᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠨᠡᠶᠢᠭᠡᠮ ᠳᠠᠶᠠᠭᠠᠷ ᠲᠤ ᠥᠬᠢᠨ ᠢ ᠬᠠᠯᠠᠮᠵᠢᠯᠠᠬᠤ᠂ ᠲᠥᠯᠥᠪᠯᠡᠭᠡᠲᠦ ᠦᠷᠡᠵᠢᠯ ᠤᠨ ᠶᠠᠳᠠᠭᠤ ᠬᠦᠴᠢᠷᠳᠡᠯᠲᠡᠶ ᠬᠡᠷ ᠪᠦᠯᠢ ᠶᠢ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号