ᠰᠢᠨ᠎ᠡ ᠵᠡᠭᠡᠯᠢ ᠶᠢᠨ ᠡᠯᠡᠰᠦ ᠵᠠᠰᠠᠬᠤ ᠥᠷᠲᠡᠭᠡ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/12/23
       ᠴᠠᠭᠠᠨ ᠰᠠᠷ᠎ᠠ ᠣᠶᠢᠷᠠᠲᠤᠵᠤ ᠪᠠᠶᠢᠭ᠎ᠠ ᠦᠶ᠎ᠡ ᠳᠤ᠂ ᠰᠢᠨ᠎ᠡ ᠵᠡᠭᠡᠯᠢ ᠶᠢᠨ ᠡᠯᠡᠰᠦ ᠵᠠᠰᠠᠬᠤ ᠥᠷᠲᠡᠭᠡ ᠠᠵᠢᠯ ᠎ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠲᠥᠪᠯᠡᠷᠡᠭᠦᠯᠦᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠎ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ  ᠃      ᠣᠶᠢᠷ᠎ᠠ ᠳᠤ᠂ ᠰᠢᠨ᠎ᠡ ᠵᠡᠭᠡᠯᠢ ᠶᠢᠨ ᠡᠯᠡᠰᠦ ᠵᠠᠰᠠᠬᠤ ᠥᠷᠲᠡᠭᠡ ᠶᠢᠨ ᠳᠠᠷᠤᠭ᠎ᠠ ᠪᠠᠶ ᠽᠧᠩ ᠯᠢᠶᠠᠩ᠂ ᠳᠡᠳ᠋ ᠳᠠᠷᠤᠭ᠎ᠠ ᠶᠠᠩ ᠵᠠᠨ ᠵᠢᠶᠦ᠋ᠨ ᠲᠣᠬᠤᠨᠢᠭᠤᠯᠬᠤ ᠳᠤᠭᠤᠶᠢᠯᠠᠩ ᠳᠠᠭᠠᠭᠤᠯᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠬᠡᠷ ᠲᠤ ᠬᠦᠷᠴᠦ᠂ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠨ᠂ ᠲᠡᠳᠡᠨ ᠤ ᠣᠯᠠᠨ ᠵᠢᠯ ᠤᠨ ᠲᠤᠷᠰᠢ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠠᠵᠢᠯ ᠎ ᠠᠴᠠ ᠪᠠᠨ ᠠᠮᠠᠷᠠᠭᠰᠠᠨ ᠬᠥᠮᠦᠰ ᠤᠨ ᠠᠮᠢᠳᠤᠷᠠᠯ ᠤᠨ ᠬᠦᠴᠢᠷᠳᠡᠯ ᠢ ᠠᠰᠠᠭᠤᠨ ᠯᠠᠪᠯᠠᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠣᠶ ᠰᠢᠭᠤᠶ ᠶᠢᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠨᠳᠦᠰᠦᠨ ᠱᠠᠲᠤᠨ ᠤ ᠣᠶ ᠰᠢᠭᠤᠶ ᠶᠢᠨ ᠲᠠᠯᠠᠪᠠᠶ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠬᠤ ᠶᠢ ᠬᠦᠰᠡᠪᠡ  ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号