ᠡᠵᠡᠨ ᠬᠤᠷᠤᠭ᠎ᠠ ᠬᠤᠰᠢᠭᠤᠨ ᠤ 6 ᠡᠷᠦᠬᠡ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠎ ᠤᠨ ᠲᠠᠯᠠᠪᠠᠶ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2021/12/23
       ᠣᠶᠢᠷ᠎ᠠ ᠳᠤ᠂ ︽2020 ᠣᠨ ᠤ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠪᠠ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠡᠷᠡᠰ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠬᠠᠮᠲᠤᠷᠠᠨ ᠲᠠᠷᠬᠠᠭᠠᠭᠰᠠᠨ〔2020〕431 ᠳ᠋ᠦ᠋ᠭᠡᠷ ᠲᠣᠭᠠᠲᠤ︶᠎ ᠠᠴᠠ ᠣᠶᠢᠯᠠᠭᠠᠭᠰᠠᠨ ᠢᠶᠠᠷ᠂ ᠡᠵᠡᠨ ᠬᠤᠷᠤᠭ᠎ᠠ ᠬᠤᠰᠢᠭᠤᠨ ᠤ ᠬᠢᠯᠢ ᠳᠣᠲᠣᠷᠠᠬᠢ ᠮᠠᠯᠴᠢᠨ ᠲᠠᠷᠢᠶᠠᠴᠢᠨ ᠤ ᠬᠡᠷ ᠪᠦᠯᠢ ᠶᠢᠨ ᠲᠠᠷᠢᠶᠠᠯᠠᠩ ᠮᠠᠯᠵᠢᠯ ᠎ ᠤᠨ ᠲᠠᠯᠠᠪᠠᠶ᠂ ᠴᠢᠶᠣᠤ ᠱᠤ᠋ ᠬᠤᠸᠠᠢ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠧᠩ ᠰᠢᠶᠠᠩ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠸᠠᠩ ᠷᠦᠢ ᠵᠢᠶᠦ᠋ᠨ ᠤ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠾᠧ ᠮᠥ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠸᠠᠩ ᠵᠢᠶᠠᠨ ᠵᠢᠶᠦ᠋ᠨ ᠤ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ 6 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠢᠷᠠᠭᠤ ᠠᠯᠳᠠᠷ ᠢ ᠬᠦᠷᠳᠡᠪᠡ᠃      ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ 6 ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠎ ᠤᠨ ᠲᠠᠯᠠᠪᠠᠶ ᠠᠴᠠ ᠬᠥᠭᠵᠢᠯᠲᠡ ᠶᠢᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠵᠠᠮ ᠢ ᠪᠥᠬᠦ ᠲᠠᠯ᠎ᠠ ᠪᠠᠷ ᠳ᠋ᠦᠩᠨᠡᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠰᠡᠳᠬᠢᠮᠵᠢ ᠶᠢᠨ ᠰᠢᠨ᠎ᠡ ᠶᠢ ᠡᠭᠦᠳᠬᠦ ᠠᠷᠭ᠎ᠠ ᠶᠢ ᠥᠷᠭᠡᠳᠬᠡᠨ᠎ᠡ  ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号