ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ ᠲᠠᠶᠢᠴᠢᠯᠠᠬᠤ ᠦᠢᠯᠡᠳᠦᠯ ᠢ ᠪᠠᠳᠠᠷᠠᠭᠤᠯᠵᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠠᠬᠢᠭᠤᠯᠤᠶ᠎ᠠ
ᠨᠡᠶᠢᠲᠡᠯᠡᠭᠰᠡᠨ ᠴᠠᠭ᠄
2021/12/23
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠎ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽4 + 8 + N︾ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠠᠬᠢᠭᠤᠯᠤᠨ᠂ ᠮᠠᠨ ᠤ ᠬᠤᠰᠢᠭᠤᠨ ᠤ ᠠᠵᠤ ᠠᠬᠤᠶᠢᠯᠠᠯ ᠪᠠ ᠬᠥᠭᠵᠢᠭᠰᠡᠨ ᠭᠠᠵᠠᠷ ᠣᠷᠣᠨ᠂ ᠨᠠᠷᠠᠲᠤ ᠳᠡᠭᠡᠳᠦ ᠰᠤᠷᠭᠠᠭᠤᠯᠢ ᠳᠤ ᠦᠶᠯᠡᠳᠪᠦᠷᠢᠯᠡᠯ ᠵᠢᠭᠠᠬᠤ ᠰᠤᠷᠭᠠᠯᠳᠠ ᠬᠠᠮᠲᠤᠷᠠᠯᠴᠠᠭ᠎ᠠ ᠪᠠᠶᠢᠭᠤᠯᠬᠤ ᠶᠢ ᠴᠢᠩᠭᠠᠳᠬᠠᠨ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽︿ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠎ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠰᠤᠳᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠠᠵᠢᠯ ᠢᠶᠠᠨ ᠥᠷᠨᠢᠭᠦᠯᠵᠤ᠂ ᠪᠡᠭᠡᠵᠢᠩ ᠤᠨ ᠵᠦᠩ ᠺᠧ ᠲᠠᠢ ᠯᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠤᠰᠬᠠᠶ ᠮᠡᠷᠭᠡᠵᠢᠯᠲᠡᠨ ᠲᠠᠢ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ᠂ ᠲᠥᠬᠦᠭᠡᠷᠦᠮᠵᠢ ᠦᠢᠯᠡᠳᠬᠦ᠂ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠎ ᠤᠨ ᠬᠡᠯᠪᠡᠷᠢ ᠶᠢᠨ ᠠᠵᠤ ᠠᠬᠤᠶᠢᠯᠠᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠣᠶᠢᠯᠠᠭᠠᠬᠤ ᠠᠵᠢᠯ ᠢ ᠦᠷᠨᠢᠬᠦᠯᠪᠡ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号