ᠭᠤᠣᠯᠳᠠᠯᠭ᠎ᠠ ᠲᠠᠢ ᠣᠷᠣᠨ ᠪᠦᠰᠡ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2021/12/23
     ︽ᠭᠤᠷᠪᠠᠨ ᠳᠤᠷ᠎ᠠ ᠪᠠᠷ ᠢᠶᠠᠨ ᠭᠤᠷᠪᠠ ᠵᠠᠪᠳᠤᠬᠤ ᠠᠵᠢᠯᠯᠠᠭ᠎ᠠ︾ ︵ᠲᠤᠬᠠᠶᠢᠯᠠᠪᠠᠯ ᠳᠤᠷ᠎ᠠ ᠪᠠᠷ ᠢᠶᠠᠨ ᠵᠠᠶᠢᠯᠠᠬᠤ ᠳᠤᠷ᠎ᠠ ᠪᠠᠷ ᠢᠶᠠᠨ ᠲᠠᠷᠢᠵᠤ ᠳᠤᠷ᠎ᠠ ᠪᠠᠷ ᠢᠶᠠᠨ ᠪᠠᠷᠢᠬᠤ᠂ ᠵᠠᠪᠳᠤᠵᠤ ᠵᠠᠶᠢᠯᠠᠬᠤ ᠵᠠᠪᠳᠤᠵᠤ ᠲᠠᠷᠢᠵᠤ ᠵᠠᠪᠳᠤᠨ ᠪᠠᠶᠢᠭᠤᠯᠬᠤ︶ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠬᠤ ᠪᠠ ᠴᠢᠩᠭ᠎ᠠ ᠴᠣᠬᠢᠯᠲᠠ ᠥᠭᠴᠦ᠂ ᠭᠠᠵᠠᠷ ᠰᠢᠷᠣᠶ ᠲᠠᠲᠠᠪᠤᠷᠢᠯᠠᠬᠤ ᠠᠵᠢᠯ ᠤᠨ ᠬᠡᠪ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠣᠶᠢᠷ᠎ᠠ ᠳᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠤᠤᠯᠳᠠᠯᠭ᠎ᠠ ᠲᠠᠢ ᠣᠷᠣᠨ ᠪᠦᠰᠡ ᠶᠢᠨ  ︽ᠭᠤᠷᠪᠠᠨ ᠳᠤᠷ᠎ᠠ ᠪᠠᠷ ᠢᠶᠠᠨ ᠭᠤᠷᠪᠠ ᠵᠠᠪᠳᠤᠬᠤ ᠠᠵᠢᠯᠯᠠᠭ᠎ᠠ︾ ᠵᠡᠷᠭᠡ ᠬᠠᠤᠯᠢ ᠠᠴᠠ ᠵᠥᠷᠢᠴᠡᠭᠰᠡᠨ ᠦᠵᠡᠭᠳᠡᠯ ᠢ ᠲᠥᠪᠯᠡᠷᠡᠭᠦᠯᠦᠨ ᠴᠡᠭᠴᠡᠯᠡᠨ ᠵᠠᠰᠠᠪᠠ  ᠃    ᠴᠡᠭᠴᠡᠯᠡᠨ ᠵᠠᠰᠠᠬᠤ ᠠᠵᠢᠯᠯᠠᠭ᠎ᠠ ᠶᠢᠨ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠲᠠᠢ ᠭᠦᠨᠵᠡᠭᠡᠶ ᠨᠡᠪᠲᠡᠷᠡᠯᠴᠡᠵᠦ᠂ ᠢᠳᠬᠠᠨ ᠰᠤᠷᠭᠠᠵᠤ᠂ ᠲᠡᠳᠡᠨ ᠢ ᠢᠳᠬᠠᠵᠤ ᠪᠠᠶᠢᠭᠠᠳ ᠥᠪᠡᠷ ᠢᠶᠠᠨ ᠠᠷᠢᠯᠭᠠᠬᠤ ᠳᠤ ᠬᠢᠨᠠᠮᠠᠭᠠᠶ ᠬᠠᠮᠵᠢᠯᠴᠠᠭᠤᠯᠬᠤ ᠶᠢᠨ ᠬᠠᠮᠲᠤ ᠤᠤᠯ ᠪᠠᠶᠢᠳᠠᠯ ᠢ ᠨᠢ ᠰᠡᠷᠬᠦᠬᠡᠨ ᠂ ᠭᠠᠵᠠᠷ ᠰᠢᠷᠣᠶ ᠬᠡᠷᠡᠭᠯᠡᠬᠦ ᠡᠮᠬᠢ ᠳᠢᠭᠯᠢᠮ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠳᠤᠷ᠎ᠠ ᠪᠠᠷ ᠢᠶᠠᠨ ᠲᠠᠷᠢᠵᠤ ᠤᠷᠭᠤᠭᠤᠯᠬᠤ᠂ ᠳᠤᠷ᠎ᠠ ᠪᠠᠷ ᠢᠶᠠᠨ ᠪᠣᠰᠬᠠᠵᠤ ᠳᠤᠷ᠎ᠠ ᠪᠠᠷ ᠢᠶᠠᠨ ᠪᠠᠶᠢᠭᠤᠯᠬᠤ ᠵᠡᠷᠭᠡ ᠰᠣᠬᠤᠷ ᠪᠠᠯᠠᠶ ᠪᠠᠷ ᠳᠠᠭᠠᠵᠤ ᠬᠢᠬᠦ ᠦᠵᠡᠭᠳᠡᠯ ᠢ ᠪᠦᠲᠦᠮᠵᠢᠲᠡᠶ ᠬᠤᠷᠢᠭᠯᠠᠪᠠ᠃     ᠲᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠲᠣᠪᠴᠢᠶ᠎ᠠ ᠨᠢ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠥᠷᠭᠡᠨ ᠣᠯᠠᠨ ᠰᠠᠭᠤᠭᠠᠯᠢ ᠠᠷᠠᠳ ᠤᠨ ᠦᠵᠡᠯ ᠰᠠᠨᠠᠭ᠎ᠠ ᠣᠶᠢᠯᠠᠭᠠᠭᠳᠠᠬᠤᠨ ᠢ ᠬᠤᠪᠢᠷᠠᠭᠤᠯᠵᠤ᠂ ᠬᠠᠮᠢᠶᠠᠷᠤᠯᠲᠠ ᠎ ᠶᠢᠨ ᠡᠮᠬᠢ ᠵᠢᠷᠤᠮ ᠢ ᠬᠠᠮᠠᠭᠠᠯᠠᠨ᠂ ᠨᠡᠶᠢᠭᠡᠮ ᠤᠨ ᠬᠥᠭᠵᠢᠯᠲᠡ ᠳᠤ ᠬᠠᠤᠯᠢ ᠬᠡᠷᠡᠭᠵᠢᠭᠦᠯᠬᠦ ᠪᠠᠲᠤᠯᠠᠭ᠎ᠠ ᠬᠠᠩᠭᠠᠨ᠎ᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号