ᠡᠵᠡᠨ ᠬᠤᠷᠤᠭ᠎ᠠ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠭᠤᠤᠯ ︵ᠨᠠᠭᠤᠷ︶᠎ ᠤᠨ ᠳᠠᠷᠤᠭ᠎ᠠ ᠎ ᠶᠢᠨ ᠲᠦᠷᠢᠮ ᠤᠨ ᠠᠵᠢᠯ ᠢ ᠨᠠᠷᠢᠨ ᠬᠢᠨᠠᠮᠠᠭᠠᠶ ᠠᠳᠬᠤᠪᠠ
ᠨᠡᠶᠢᠲᠡᠯᠡᠭᠰᠡᠨ ᠴᠠᠭ᠄
2021/12/23
     ᠨᠢᠭᠡ ᠳᠤ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠎ ᠤᠨ ᠳᠠᠷᠤᠭ᠎ᠠ ᠶᠢᠨ ᠳᠦᠷᠢᠮ ᠤᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠎ ᠤᠨ ᠶᠡᠷᠦᠩᠬᠡᠢ ᠳᠠᠷᠤᠭ᠎ᠠ ᠪᠠ ᠱᠠᠲᠤ ᠬᠤᠪᠢᠶᠠᠨ ᠬᠡᠰᠡᠭ ᠬᠤᠪᠢᠶᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ 256 ᠬᠥᠮᠦᠨ ᠢ ᠲᠤᠬᠢᠷᠠᠭᠤᠯᠵᠤ᠂ ᠪᠦᠬᠦ ᠬᠤᠰᠢᠭᠤᠨ ᠤ 68 ᠭᠤᠣᠯ ᠮᠥᠷᠡᠨ ᠪᠠ 17 ᠨᠠᠭᠤᠷ ᠴᠥᠭᠦᠷᠥᠮ ᠢ ᠪᠦᠷᠬᠦᠬᠦᠯᠪᠡ᠃ 12 ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠲᠡ 4442 ᠬᠥᠮᠦᠨ ᠤᠳᠠᠭ᠎ᠠ᠂ ᠬᠤᠰᠢᠭᠤ ᠱᠠᠲᠤᠨ ᠤ ᠭᠤᠤᠯ ᠮᠥᠷᠡᠨ ᠢ 103 ᠬᠥᠮᠦᠨ ᠤᠳᠠᠭ᠎ᠠ᠂ ᠪᠠᠯᠭᠠᠰᠤ᠂ ᠲᠣᠰᠬᠤᠨ ᠬᠤᠶᠠᠷ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠢ 4339 ᠬᠥᠮᠦᠨ ᠤᠳᠠᠭ᠎ᠠ ᠲᠣᠭᠤᠷᠢᠨ ᠪᠠᠶᠢᠴᠠᠭᠠᠵᠤ᠂ ᠭᠤᠤᠯ ᠮᠥᠷᠡᠨ ᠢ ᠰᠠᠬᠢᠬᠤ ᠬᠠᠷᠢᠭᠤᠴᠠᠯᠭ᠎ᠠ ᠲᠠᠢ᠂ ᠭᠤᠤᠯ ᠮᠥᠷᠡᠨ ᠢ ᠰᠠᠬᠢᠬᠤ ᠬᠠᠷᠢᠭᠤᠴᠠᠯᠭ᠎ᠠ ᠲᠠᠢ᠂ ᠭᠤᠤᠯ ᠮᠥᠷᠡᠨ ᠢ ᠰᠠᠬᠢᠬᠤ ᠬᠠᠷᠢᠭᠤᠴᠠᠯᠭ᠎ᠠ ᠪᠠᠨ ᠭᠦᠶᠴᠡᠳᠬᠡᠬᠦ ᠶᠢ ᠦᠨᠡᠨ ᠬᠦ ᠪᠡᠶᠡᠯᠡᠭᠦᠯᠪᠡ᠃      ᠪᠦᠬᠦ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠤᠨ ᠶᠡᠷᠦᠩᠬᠡᠢ ᠳᠠᠷᠤᠭ᠎ᠠ ᠶᠢᠨ ᠬᠤᠷᠠᠯ ᠢ 1 ᠤᠳᠠᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠤᠷᠠᠯ ᠢ 2 ᠤᠳᠠᠭ᠎ᠠ᠂ ᠬᠤᠰᠢᠭᠤ᠂ ᠪᠠᠯᠭᠠᠰᠤ ᠬᠤᠶᠠᠷ ᠱᠠᠲᠤᠨ ᠳᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠤᠷᠠᠯ ᠢ 12 ᠤᠳᠠᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ 16 ᠤᠳᠠᠭ᠎ᠠ ᠤᠬᠠᠭᠤᠯᠬᠤ ᠠᠵᠢᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ  ᠃ ᠬᠤᠶᠠᠷ ᠲᠤ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠮᠬᠢ ᠵᠠᠮᠪᠠᠷᠠᠭ᠎ᠠ ᠦᠬᠡᠢ︾᠎ ᠶᠢ ᠪᠠᠶᠢᠩᠭᠤᠵᠢᠭᠤᠯᠤᠨ ᠵᠢᠷᠤᠮᠵᠢᠭᠤᠯᠬᠤ ᠠᠵᠢᠯ ᠦᠷ᠎ᠡ ᠪᠦᠲᠦᠮᠵᠢ ᠲᠠᠢ ᠪᠣᠯᠪᠠ᠃ ᠡᠵᠡᠨ ᠬᠤᠷᠤᠭ᠎ᠠ ᠬᠤᠰᠢᠭᠤᠨ ᠤ ᠬᠢᠯᠢ ᠳᠣᠲᠣᠷᠠᠬᠢ 68 ᠭᠤᠤᠯ ᠮᠥᠷᠡᠨ ᠪᠠ 17 ᠨᠠᠭᠤᠷ ᠴᠥᠭᠦᠷᠥᠮ ᠭᠤᠤᠯ ᠨᠠᠭᠤᠷ ᠎ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠪᠥᠬᠦ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶᠡᠨ ᠤ ᠳ᠋ᠠᠶᠢᠲ᠋ᠠ ᠬᠥᠮᠥᠷᠭᠡ ᠶᠢ ᠪᠠᠶᠢᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号