ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯᠭᠦᠶ ᠦᠶᠯᠡᠳᠪᠦᠷᠢᠯᠡᠯ ᠤᠨ ᠥᠮᠴᠢᠲᠡᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/23
     ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯᠭᠦᠶ ᠦᠶᠯᠡᠳᠪᠦᠷᠢᠯᠡᠯ ᠤᠨ ᠥᠮᠴᠢᠲᠡᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃ ᠡᠯ᠎ᠡ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠨᠢᠬᠡᠴᠢ ᠶᠢᠨ ᠬᠠᠷᠢᠭᠤᠴᠠᠯᠭᠠᠲᠠᠨ ᠵᠢᠴᠢ ᠠᠵᠢᠯᠲᠠᠨ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠥᠬᠦ ᠠᠵᠢᠯᠲᠠᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ 2021 ᠣᠨ ᠤ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯᠭᠦᠶ ᠦᠶᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠤᠰᠬᠠᠶ ᠮᠡᠷᠭᠡᠵᠢᠯ ᠤᠨ ᠠᠵᠢᠯᠲᠠᠨ ᠲᠤᠰᠬᠠᠶ ᠰᠡᠳᠦᠪᠲᠦ ᠪᠣᠯᠪᠠᠰᠤᠷᠠᠯ ᠬᠢᠪᠠ᠃ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠲᠤᠰᠬᠠᠶ ᠮᠡᠷᠭᠡᠵᠢᠯ ᠤᠨ ᠬᠥᠮᠦᠰ ᠢ ᠳᠠᠭᠠᠵᠤ ᠭᠠᠯ ᠤᠨ ᠠᠶᠤᠯ ᠠᠴᠠ ᠠᠪᠤᠷᠠᠨ ᠲᠤᠰᠠᠯᠠᠬᠤ ᠪᠣᠳᠠᠲᠠᠶ ᠰᠣᠷᠢᠯᠲᠠ ᠬᠢᠵᠡᠶ᠃      ᠲᠠᠷᠠᠭ᠎ᠠ ᠠᠯᠬᠤᠮ ᠳᠤ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠦᠯᠵᠢᠶᠡᠨ ᠤ ᠪᠠᠭᠠᠷ᠂ ᠵᠤᠭ᠎ᠠ ᠴᠡᠩᠭᠡᠯ ᠤᠨ ᠭᠠᠵᠠᠷ ᠤᠨ ᠣᠯᠠᠨ ᠨᠡᠶᠢᠲᠡ ᠶᠢᠨ ᠠᠶᠤᠯᠭᠦᠶ ᠦᠶᠯᠡᠳᠪᠦᠷᠢᠯᠡᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠡᠪᠯᠡᠯ ᠢ ᠬᠤᠯᠠᠭᠠᠶᠢᠯᠠᠨ ᠳᠠᠷᠤᠮᠠᠯᠯᠠᠬᠤ᠂ ᠬᠡᠪᠯᠡᠯ ᠤᠨ ᠡᠷᠬᠡ ᠪᠠ ᠵᠣᠬᠢᠶᠠᠯ ᠪᠦᠲᠦᠭᠡᠯ ᠤᠨ ᠡᠷᠬᠡ ᠎ ᠳᠤ ᠬᠠᠯᠳᠠᠬᠤ ᠵᠡᠷᠭᠡ ᠡᠷᠬᠡ ᠳᠤ ᠬᠠᠯᠳᠠᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠪᠥᠬᠦ ᠬᠤᠰᠢᠭᠤᠨ ᠤ ᠬᠡᠪᠯᠡᠨ ᠪᠠᠭᠤᠯᠭᠠᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号