ᠡᠵᠡᠨ ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠨᠠᠮ ᠤᠨ ᠪᠠᠶᠢᠭᠤᠯᠤᠯᠲᠠ ᠶᠢᠨ ᠬᠤᠪᠢᠰᠬᠠᠯᠲᠤ ᠬᠥᠳᠡᠯᠭᠡᠭᠦᠷ ᠢ ᠪᠣᠶ ᠪᠣᠯᠭᠠᠵᠤ ᠬᠢᠨᠠᠨ ᠪᠤᠳᠤᠬᠤ ᠠᠵᠢᠯ ᠤᠨ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2021/12/23
     ᠣᠷᠴᠢᠮ ᠤᠨ ᠬᠤᠶᠠᠷ ᠵᠢᠯ ᠳᠤ᠂ ᠡᠵᠡᠨ ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠭᠠᠬᠤ ᠶᠢ ᠪᠠᠷᠢᠮᠲᠠᠯᠠᠵᠤ ᠨᠠᠮ ᠤᠨ ᠤᠳᠤᠷᠢᠳᠤᠯᠭ᠎ᠠ ᠶᠢ ᠬᠢᠨᠠᠨ ᠪᠣᠳᠣᠬᠤ ᠠᠵᠢᠯ ᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠬᠦᠢᠴᠡᠳᠬᠡᠨ᠂ ᠨᠠᠮ ᠎ ᠤᠨ ᠪᠠᠶᠢᠭᠤᠯᠤᠯᠲᠠ ᠶᠢᠨ ᠠᠵᠢᠯ ᠬᠢᠭᠡᠳ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠨᠠᠮ ᠤᠨ ᠪᠠᠶᠢᠭᠤᠯᠤᠯᠲᠠ ᠳᠤ ᠲᠦᠰᠢᠭᠯᠡᠬᠦ ᠬᠤᠪᠢᠰᠬᠠᠯ ᠤᠨ ᠬᠥᠳᠡᠯᠭᠡᠭᠦᠷ᠂ ᠬᠤᠪᠢᠰᠬᠠᠯ ᠎ ᠤᠨ ᠡᠨᠧᠷᠭᠢ ᠶᠢᠨ ᠴᠤᠭᠯᠠᠷᠠᠯ ᠢ ᠬᠡᠷᠡᠭᠵᠢᠭᠦᠯᠬᠦ ᠪᠠᠷ ᠳᠠᠮᠵᠢᠨ᠂ ᠬᠤᠪᠢᠰᠬᠠᠯ ᠤᠨ ᠢᠲᠡᠭᠡᠯ ᠪᠢᠰᠢᠷᠡᠯ ᠭᠦᠨ ᠵᠤᠵᠠᠭᠠᠨ ᠂ ᠬᠤᠪᠢᠰᠬᠠᠯ ᠤᠨ ᠪᠠᠬᠢᠯᠡᠯᠲᠡ ᠶᠢᠨ ᠴᠢᠨᠠᠷ ᠢ ᠳᠡᠭᠡᠭᠰᠢᠯᠡᠭᠦᠯᠵᠤ᠂ ᠬᠤᠪᠢᠰᠬᠠᠯ ᠤᠨ ᠬᠤᠷᠢᠭ᠎ᠠ ᠱᠤᠭᠤᠮ ︽ᠳᠥᠷᠪᠡᠨ ᠶᠡᠭᠡ︾ ᠠᠵᠢᠯᠯᠠᠭ᠎ᠠ ᠶᠢ ᠪᠠᠲᠤ ᠰᠠᠬᠢᠨ᠂ ᠦᠵᠡᠯ ᠰᠠᠨᠠᠭᠠᠨ ᠤ ᠰᠢᠨ᠎ᠡ ᠥᠨᠳᠦᠷᠯᠢᠭ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ ᠢ ᠳᠡᠭᠡᠭᠰᠢᠯᠡᠭᠦᠯᠦᠨ᠂ ᠬᠢᠨᠠᠨ ᠪᠣᠳᠣᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠤ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠨᠠᠮ ᠤᠨ ᠲᠤᠭ ᠢ ᠬᠢᠨᠠᠨ ᠪᠤᠳᠤᠬᠤ ᠵᠢᠭᠰᠠᠭᠠᠯ ᠤᠨ ᠭᠠᠵᠠᠷ ᠤᠨ ᠡᠮᠦᠨ᠎ᠡ ᠹᠷᠣᠨᠲ ᠲᠤ ᠥᠨᠳᠥᠷ ᠨᠠᠮᠢᠷᠠᠭᠤᠯᠤᠨ᠎ᠠ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号