| ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠲᠡᠦᠬᠡ ᠶᠢᠨ | ᠮᠡᠳᠡᠯᠭᠡ ᠶᠢ ᠰᠤᠷᠤᠯᠴᠠᠨ ᠣᠶᠢᠯᠠᠭᠠᠬᠤ ᠶᠢ ᠴᠢᠩᠭᠠᠳᠬᠠᠨ᠂ ᠪᠥᠬᠦ ᠲᠤᠪᠴᠢᠶᠠᠨ ᠤ ᠳᠡᠭᠡᠳᠦ ᠳᠣᠤᠷᠠᠳᠤ ᠱᠠᠲᠤᠨ ᠤ | ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠺᠠᠳ᠋ᠷ ᠠᠵᠢᠯᠲᠠᠨ | ᠠᠵᠢᠯᠴᠢᠨ ᠢ ᠬᠥᠲᠥᠯᠥᠨ ᠵᠢᠯᠣᠭᠤᠳᠴᠤ ᠨᠠᠮᠴᠢ ᠴᠢᠨᠠᠷ ᠤᠨ ᠪᠣᠯᠪᠠᠰᠤᠷᠠᠯ ᠢ ᠨᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠤᠯᠤᠰ ᠲᠥᠷᠥ ᠶᠢᠨ ᠬᠠᠯᠠᠭᠤᠨ ᠰᠡᠳᠬᠢᠯᠭᠡ ᠶᠢ ᠨᠢ ᠬᠥᠭᠵᠢᠭᠡᠬᠦ ᠶᠢᠨ ᠲᠥᠯᠥᠭᠡ᠂ ᠡᠵᠡᠨ | ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ | ᠨᠠᠮ ᠤᠨ ᠲᠡᠦᠬᠡ ᠶᠢᠨ ᠮᠡᠳᠡᠯᠭᠡ ᠶᠢᠨ ᠰᠢᠯᠭᠠᠯᠲᠠ ᠬᠢᠪᠠ᠃ | ᠲᠣᠰ ᠤᠳᠠᠭᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠮᠡᠳᠡᠯᠭᠡ ᠶᠢᠨ ᠰᠢᠯᠭᠠᠯᠲᠠ ᠳᠤ ᠨᠠᠮ ᠤᠨ | ᠲᠡᠦᠬᠡ ᠶᠢᠨ ᠬᠤᠯᠪᠣᠭᠳᠠᠯ ᠪᠥᠬᠦᠶ ᠮᠡᠳᠡᠯᠭᠡ ᠶᠢ ᠰᠤᠷᠤᠯᠴᠠᠨ ᠣᠶᠢᠯᠠᠭᠠᠭᠰᠠᠨ ᠪᠠ ᠡᠵᠡᠮᠰᠢᠭᠰᠡᠨ ᠪᠠᠶᠢᠳᠠᠯ ᠢ ᠰᠢᠯᠭᠠᠨ | ᠪᠠᠶᠢᠴᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠡᠯᠪᠡᠷᠢ ᠶᠢ ᠪᠠᠶᠠᠯᠢᠭᠵᠢᠭᠤᠯᠬᠤ ᠪᠠᠷ ᠪᠠᠷᠠᠬᠤ | ᠥᠬᠡᠶ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠴᠦ ᠪᠠᠲᠤᠳᠬᠠᠪᠠ᠃ | ᠲᠠᠷᠠᠭ᠎ᠠ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠣᠯᠠᠨ ᠶᠠᠩᠵᠤ | ᠬᠡᠯᠪᠡᠷᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠯᠪᠡᠷᠢ ᠶᠢ ᠢᠳᠡᠪᠬᠢᠲᠡᠶ ᠥᠷᠨᠢᠭᠦᠯᠵᠦ᠂ | ᠨᠠᠮ ᠤᠨ ᠭᠡᠰᠢᠭᠦᠨ ᠺᠠᠳ᠋ᠷ ᠤᠨ ᠣᠨᠣᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠲᠡᠦᠬᠡ ᠶᠢᠨ ᠤᠯᠤᠰ ᠲᠥᠷᠥ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠤᠨ᠎ᠠ᠃ | | | | |