| ᠠᠯᠳᠠᠨᠰᠢᠷᠡᠭᠡ ᠪᠠᠯᠭᠠᠰᠤᠨ ᠤ ᠪᠠᠷᠢᠯᠭ᠎ᠠ ᠶᠢᠨ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠣᠷᠣᠵᠤ ᠭᠠᠷᠬᠤ | ᠭᠤᠤᠯ ᠵᠠᠮ ᠨᠢ ᠡᠩᠬᠦᠯ ᠳᠤᠩᠬᠤᠯ ᠪᠠᠶᠢᠵᠤ᠂ ᠬᠡᠵᠢᠶᠡᠳᠡ ︽ᠪᠣᠷᠣᠭᠠᠨ ᠲᠠᠢ ᠡᠳᠦᠷ ᠰᠢᠪᠠᠷ ᠱᠠᠯᠴᠢᠭ ᠲᠠᠢ᠂ | ᠲᠤᠩᠭᠠᠯᠠᠭ ᠡᠳᠦᠷ ᠬᠤᠭ ᠲᠣᠭᠤᠰᠣ ᠲᠡᠭᠳᠡᠵᠦ︾᠂ ᠰᠢᠷᠣᠶ ᠭᠠᠳᠠᠭᠰᠢᠯᠠᠭᠤᠯᠬᠤ ᠪᠠ ᠪᠠᠷᠢᠯᠭ᠎ᠠ ᠶᠢᠨ ᠬᠤᠭ ᠨᠣᠪᠰᠢ | ᠶᠢᠨ ᠲᠡᠷᠭᠡ ᠣᠷᠣᠵᠤ ᠭᠠᠷᠬᠤ ᠳᠤ ᠲᠤᠶᠢᠯ ᠤᠨ ᠳᠥᠭᠦᠮ ᠦᠭᠡᠢ ᠪᠠᠶᠢᠳᠠᠭ᠂ ᠢᠯᠠᠩᠭᠤᠶ᠎ᠠ ᠵᠣᠨ ᠤ ᠤᠯᠠᠷᠢᠯ ᠳᠤ | ᠰᠢᠷᠣᠶ ᠭᠠᠳᠠᠭᠰᠢᠯᠠᠭᠤᠯᠬᠤ ᠲᠡᠷᠭᠡ ᠣᠯᠠᠨ᠂ ᠡᠷᠬᠢᠨ ᠲᠣᠭᠤᠷᠢᠨ ᠤ ᠬᠡᠰᠡᠭ ᠣᠷᠣᠨ ᠤ ᠲᠣᠭᠤᠰᠣ ᠰᠢᠷᠣᠶ ᠳᠡᠭᠳᠡᠵᠦ᠂ | ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠲᠤᠶᠢᠯ ᠤᠨ ᠶᠡᠭᠡ ᠪᠠᠷ | ᠨᠥᠯᠥᠭᠡᠯᠡᠪᠡ᠃ | ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠬᠠᠶᠠᠭᠳᠠᠮᠠᠯ ᠬᠠᠭᠤᠴᠢᠨ | ᠲᠣᠰᠣᠲᠤ ᠴᠢᠯᠠᠭᠤᠯᠢᠭ ᠢ ᠠᠰᠢᠭᠯᠠᠨ ᠵᠠᠮ ᠤᠨ ᠭᠠᠳᠠᠷᠭᠤ ᠶᠢ ᠳᠠᠬᠢᠨ ᠰᠢᠨᠡᠳᠬᠡᠵᠦ᠂ ᠥᠭᠡᠷᠡᠴᠢᠯᠡᠭᠰᠡᠨ ᠤ ᠳᠠᠷᠠᠭᠠᠬᠢ | ᠵᠠᠮ ᠤᠨ ᠭᠠᠳᠠᠷᠭᠤ᠂ ᠲᠡᠭᠰᠢ ᠰᠠᠷᠠᠭᠤᠯ᠂ ᠭᠤᠶᠣ ᠰᠠᠶᠢᠬᠠᠨ᠂ ᠴᠡᠪᠡᠷ ᠲᠡᠭᠰᠢ ᠪᠠᠶᠢᠵᠤ᠂ ᠲᠣᠭᠤᠰᠣ ᠰᠢᠷᠣᠶ ᠲᠡᠭᠳᠡᠬᠦ | ᠪᠠᠨ ᠪᠤᠯᠢᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠮᠥᠷᠲᠡᠭᠡᠨ ᠪᠠᠰᠠ | ᠬᠠᠭᠤᠴᠢᠨ ᠮᠠᠲ᠋ᠧᠷᠢᠶᠠᠯ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠡᠨᠧᠷᠭᠢ ᠶᠢᠨ ᠬᠤᠷᠣᠭᠳᠠᠯ ᠢ | ᠪᠠᠭᠤᠷᠠᠭᠤᠯᠪᠠ ᠃ | |