ᠡᠵᠡᠨ ᠬᠤᠷᠤᠭ᠎ᠠ ᠬᠤᠰᠢᠭᠤᠨ ᠤ 2021 ᠣᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠴᠢᠨᠠᠷ ᠎ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠨᠣᠮ ᠲᠣᠬᠢᠷᠠᠭᠤᠯᠬᠤ ᠠᠵᠢᠯ ᠶᠠᠪᠤᠭᠳᠠᠪᠠ
ᠨᠡᠶᠢᠲᠡᠯᠡᠭᠰᠡᠨ ᠴᠠᠭ᠄
2021/12/23
   ᠡᠨᠡ ᠵᠢᠯ ᠲᠠᠯ᠎ᠠ ᠨᠤᠲᠤᠭ ᠤᠨ ᠨᠣᠮ ᠤᠨ ᠥᠷᠥᠭᠡ ᠠᠴᠠ ᠪᠦᠬᠦ ᠬᠤᠰᠢᠭᠤᠨ ᠤ ᠳᠣᠯᠣᠭᠠᠨ ᠪᠠᠯᠭᠠᠰᠤᠨ ᠤ 138 ᠭᠠᠴᠠᠭ᠎ᠠ ᠳᠤ 3000 ᠲᠥᠭᠦᠷᠢᠭ ᠤᠨ ᠨᠣᠮ ᠬᠦᠷᠭᠡᠵᠦ᠂ ᠨᠡᠶᠢᠲᠡ 11592 ᠲᠥᠭᠦᠷᠢᠭ ᠤᠨ 414000 ᠲᠥᠭᠦᠷᠢᠭ ᠤᠨ ᠨᠣᠮ ᠬᠦᠷᠬᠡᠪᠡ᠃      ᠲᠠᠯ᠎ᠠ ᠨᠤᠲᠤᠭ ᠤᠨ ᠨᠣᠮ ᠤᠨ ᠥᠷᠥᠭᠡ ᠶᠢ ᠤᠯᠠᠮ ᠨᠢᠭᠡ ᠠᠯᠬᠤᠮ ᠲᠡᠭᠦᠯᠳᠡᠷᠵᠢᠨ ᠲᠡᠬᠡᠭᠰᠢᠯᠡᠬᠦᠯᠦᠭᠰᠡᠨ ᠨᠢ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠴᠡᠴᠡᠭᠯᠡᠯᠲᠡ ᠶᠢ ᠠᠬᠢᠭᠤᠯᠵᠤ᠂ ᠮᠠᠯᠴᠢᠳ ᠲᠠᠷᠢᠶᠠᠴᠢᠨ ᠢ ᠶᠠᠳᠠᠭᠤ ᠎ ᠠᠴᠠ ᠨᠢ ᠠᠩᠭᠢᠵᠢᠷᠠᠭᠤᠯᠤᠨ ᠴᠢᠨᠡᠬᠡᠯᠢᠭᠵᠢᠬᠦᠯᠬᠦ ᠠᠵᠢᠯ ᠤᠨ ᠳᠤᠮᠳᠠ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠵᠦᠢ ᠵᠣᠬᠢᠰᠲᠠᠶ ᠠᠰᠢᠭᠯᠠᠨ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠣᠯᠠᠨ ᠲᠦᠮᠡᠨ ᠳᠤ ᠰᠣᠶᠣᠯ ᠤᠨ ᠦᠨᠳᠦᠰᠦᠨ ᠦᠢᠯᠡᠴᠢᠯᠡᠭᠡ ᠬᠠᠩᠭᠠᠨ᠂ ᠨᠣᠮ ᠤᠨ ᠥᠷᠥᠭᠡ ᠶᠢᠨ ᠦᠢᠯᠡᠳᠦᠯ ᠢ ᠨᠡᠩ ᠪᠦᠲᠦᠮᠵᠢᠲᠡᠶ ᠪᠠᠷ ᠪᠠᠳᠠᠷᠠᠭᠤᠯᠵᠤ᠂ ᠪᠦᠬᠦ ᠠᠷᠠᠳ ᠢᠶᠠᠷ ᠎ ᠢᠶᠠᠨ ᠤᠩᠰᠢᠬᠤ᠂ ᠪᠦᠬᠦ ᠠᠷᠠᠳ ᠢᠶᠠᠷ ᠢᠶᠠᠨ ᠣᠷᠣᠯᠴᠠᠬᠤ ᠰᠣᠶᠣᠯ ᠤᠨ ᠣᠷᠴᠢᠨ ᠠᠬᠤᠶ ᠶᠢ ᠪᠣᠶ ᠪᠣᠯᠭᠠᠭᠰᠠᠨ ᠪᠠᠶᠢᠨ᠎ᠠ᠃ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠨᠣᠮ ᠬᠤᠳᠠᠯᠳᠤᠨ ᠠᠪᠬᠤ ᠳᠤ ᠬᠦᠴᠢᠷ᠂ ᠨᠣᠮ ᠵᠢᠭᠡᠯᠡᠬᠦ ᠎ ᠳᠤ ᠬᠦᠴᠢᠷ᠂ ᠨᠣᠮ ᠦᠵᠡᠬᠦ ᠳᠤ ᠬᠦᠴᠢᠷ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠵᠦ᠂ ᠰᠠᠭᠤᠭᠠᠯᠢ ᠠᠷᠠᠳ ᠎ ᠤᠨ ᠰᠣᠶᠣᠯ ᠤᠨ ᠠᠮᠢᠳᠤᠷᠠᠯ ᠢ ᠬᠥᠭᠵᠢᠭᠡᠨ ᠪᠠᠶᠠᠯᠢᠭᠵᠢᠭᠤᠯᠵᠤ᠂ ᠪᠢᠴᠢᠭ ᠤᠨ ᠰᠤᠷᠪᠤᠯᠵᠢᠲᠤ ᠡᠵᠡᠨ ᠬᠤᠷᠤᠭ᠎ᠠ ᠶᠢᠨ ᠬᠥᠭᠵᠢᠯᠲᠡ ᠶᠢ ᠠᠬᠢᠭᠤᠯᠤᠨ᠎ᠠ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号