ᠡᠵᠡᠨ ᠬᠤᠷᠤᠭ᠎ᠠ ᠬᠤᠰᠢᠭᠤᠨ ᠤ ᠨᠠᠷᠢᠨ ᠲᠣᠬᠤᠶ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠢᠨ ︽ᠭᠤᠷᠪᠠ ᠶᠢ ᠲᠡᠷᠢᠭᠦᠨ ᠳᠤ ᠲᠠᠯᠪᠢᠬᠤ︾᠎ ᠶᠢ ᠪᠠᠷᠢᠮᠲᠠᠯᠠᠨ ᠴᠠᠭᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2021/12/23
       ᠣᠶᠢᠷ᠎ᠠ ᠳᠤ᠂ ᠨᠠᠷᠢᠨᠲᠣᠬᠤᠶ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠲᠣᠭᠤᠷᠢᠨ ᠪᠠᠶᠢᠴᠠᠭᠠᠭᠴᠢ ᠶᠢ ᠴᠢᠩᠭ᠎ᠠ ᠱᠠᠭᠠᠷᠳᠠᠵᠤ᠂ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ ᠶᠠᠪᠤᠴᠠ ᠳᠤ ︽ᠭᠤᠷᠪᠠ ᠶᠢ ᠲᠡᠷᠢᠭᠦᠨ ᠳᠤ ᠲᠠᠯᠪᠢᠬᠤ︾᠎ ᠶᠢ ᠡᠷᠡᠰ ᠪᠡᠶᠡᠯᠡᠭᠦᠯᠵᠦ᠂ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠬᠤᠷᠢᠭᠯᠠᠬᠤ︾᠎ ᠶᠢ ᠦᠨᠡᠨ ᠬᠦ ᠪᠠᠲᠤᠯᠠᠵᠤ᠂ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠡᠮᠬᠢ ᠳᠢᠭᠯᠢᠮ ᠢ ᠦᠨᠡᠨ ᠬᠦ ᠵᠢᠷᠤᠮᠵᠢᠭᠤᠯᠬᠤ ᠬᠡᠷᠡᠭᠲᠡᠶ ᠭᠡᠵᠦ ᠱᠠᠭᠠᠷᠳᠠᠪᠠ  ᠃    ᠨᠢᠭᠡ ᠳᠤ ᠬᠠᠮᠤᠭ ᠤᠨ ᠲᠡᠷᠢᠭᠦᠨ ᠳᠤ ᠣᠯᠵᠤ ᠮᠡᠳᠡᠵᠦ᠂ ᠡᠳᠦᠷ ᠪᠦᠷᠢ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ ᠶᠢ ᠪᠠᠷᠢᠮᠲᠠᠯᠠᠨ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠰᠠᠶᠢᠲᠤᠷ ᠬᠢᠵᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠠᠮᠠᠷᠬᠠᠨ ᠡᠭᠦᠰᠳᠡᠭ᠂ ᠣᠯᠠᠨ ᠭᠠᠷᠳᠠᠭ ᠴᠡᠭ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠠᠩᠬ᠎ᠠ ᠠᠯᠬᠤᠮ ᠣᠯᠵᠤ ᠮᠡᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠶᠢ ᠵᠥᠷᠢᠴᠡᠭᠰᠡᠨ ᠬᠡᠷᠡᠭ ᠡᠭᠦᠰᠬᠦ ᠨᠤᠷᠮ᠎ᠠ ᠶᠢ ᠪᠠᠭᠤᠷᠠᠭᠤᠯᠬᠤ ᠮᠥᠷᠲᠡᠭᠡᠨ ᠪᠠᠰᠠ ᠬᠠᠤᠯᠢ ᠶᠢ ᠵᠥᠷᠢᠴᠡᠭᠰᠡᠨ ᠲᠤᠬᠠᠢ ᠶᠢᠨ ᠬᠥᠮᠦᠨ ᠤ ᠬᠤᠬᠢᠷᠠᠯ ᠢ ᠪᠠᠭᠠᠰᠬᠠᠨ᠎ᠠ  ᠃      ᠬᠤᠶᠠᠷ ᠲᠤ᠂ ᠬᠠᠮᠤᠭ ᠲᠡᠷᠢᠬᠦᠨ ᠳᠤ ᠬᠤᠷᠢᠭᠯᠠᠨ ᠵᠣᠭᠰᠣᠭᠠᠵᠤ᠂ ᠲᠤᠬᠠᠶ ᠶᠢᠨ ᠲᠠᠯᠠᠪᠤᠷ ᠲᠤ ︽ᠬᠠᠤᠯᠢ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠬᠤ ᠮᠡᠳᠡᠭᠳᠡᠯ ᠤᠨ ᠪᠢᠴᠢᠭ︾ ᠪᠠᠭᠤᠯᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠬᠠᠶᠢᠨ ᠪᠠᠶᠢᠴᠠᠭᠠᠬᠤ᠂ ᠬᠡᠷᠡᠯ ᠵᠢᠷᠤᠭ ᠠᠪᠬᠤ ᠪᠤᠶᠤ ᠳᠦᠷᠰᠦ ᠰᠢᠩᠭᠡᠭᠡᠬᠦ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠲᠤᠬᠠᠶ ᠶᠢᠨ ᠬᠥᠮᠦᠨ ᠳᠤ ᠡᠬᠢ ᠪᠠᠶᠠᠯᠢᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠢᠨ᠎ᠡ ᠪᠠᠷ ᠨᠡᠶᠢᠲᠡᠯᠡᠬᠦ ᠶᠢ ᠤᠬᠠᠭᠤᠯᠬᠤ ᠶᠢᠨ ᠬᠠᠮᠲᠤ ᠬᠤᠤᠷ ᠬᠥᠨᠥᠭᠡᠯ ᠪᠠ ᠡᠭᠦᠷᠭᠡᠯᠡᠬᠦ ᠬᠠᠤᠯᠢ ᠴᠠᠭᠠᠵᠠ ᠶᠢᠨ ᠦᠷ᠎ᠡ ᠳ᠋ᠦᠩ ᠢ ᠮᠡᠳᠡᠭᠳᠡᠨ᠎ᠡ᠃      ᠭᠤᠷᠪᠠ ᠳᠤ᠂ ᠬᠠᠮᠤᠭ ᠤᠨ ᠲᠡᠷᠢᠭᠦᠨ ᠳᠤ ᠮᠡᠳᠡᠭᠦᠯᠵᠦ᠂ ᠬᠦᠴᠦᠨ ᠥᠬᠡᠶ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠪᠤᠶᠤ ᠬᠠᠤᠯᠢ ᠵᠥᠷᠢᠴᠡᠭᠰᠡᠨ ᠬᠦᠨᠳᠦ ᠶᠡᠭᠡ ᠦᠶᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠳᠤ᠂ ᠬᠠᠮᠤᠭ ᠤᠨ ᠲᠡᠷᠢᠭᠦᠨ ᠳᠤ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠨᠢᠬᠡᠴᠢ ᠳᠤ ᠮᠡᠳᠡᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠨ᠎ᠡ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号