ᠠᠯᠳᠠᠨᠰᠢᠷᠡᠭᠡ ᠪᠠᠯᠭᠠᠰᠤ ᠰᠤᠷᠭᠠᠭᠤᠯᠢ ᠳᠤ ᠪᠠᠶᠢᠭ᠎ᠠ ᠤᠶᠤᠲᠠᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠡᠳ᠋ ᠱᠦᠵᠢ ᠶᠢᠨ ᠲᠤᠰᠢᠶᠠᠯ ᠬᠠᠪᠰᠤᠷᠭᠠᠭᠰᠠᠨ ᠲᠤᠰᠬᠠᠢ ᠰᠡᠳᠦᠪᠲᠦ ᠪᠣᠯᠪᠠᠰᠤᠷᠠᠯ  ᠶᠠᠪᠤᠬᠳᠠᠭᠤᠯᠤᠬᠰᠠᠨ
ᠨᠡᠶᠢᠲᠡᠯᠡᠭᠰᠡᠨ ᠴᠠᠭ᠄
2021/12/23
    ᠠᠯᠲᠠᠨᠰᠢᠷᠡᠭᠡ ᠪᠠᠯᠭᠠᠰᠤ ᠰᠤᠷᠭᠠᠭᠤᠯᠢ ᠳᠤ ᠪᠠᠶᠢᠭ᠎ᠠ ᠤᠶᠤᠲᠠᠳ ᠤᠨ ᠲᠤᠰᠢᠶᠠᠯ ᠬᠠᠪᠰᠤᠷᠭᠠᠭᠰᠠᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠡᠳ᠋ ᠱᠦᠵᠢ ᠶᠢᠨ ᠲᠤᠰᠬᠠᠶ ᠰᠡᠳᠦᠪᠲᠦ ᠪᠣᠯᠪᠠᠰᠤᠷᠠᠯ ᠢ ᠶᠠᠪᠤᠭᠳᠠᠭᠤᠯᠪᠠ᠃ ᠠᠯᠲᠠᠨᠰᠢᠷᠡᠭᠡ ᠪᠠᠯᠭᠠᠰᠤᠨ ᠤ ᠡᠯ᠎ᠡ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠡᠯ᠎ᠡ ᠨᠡᠶᠢᠭᠡᠮ ᠲᠣᠭᠤᠷᠢᠭ ᠤᠨ ᠱᠦᠵᠢ᠂ ᠤᠶᠤᠲᠠᠳ ᠪᠤᠯᠪᠠᠰᠤᠷᠠᠯ ᠳᠤ ᠣᠷᠣᠯᠴᠠᠪᠠ᠃    ᠪᠤᠯᠪᠠᠰᠤᠷᠠᠯ ᠳᠡᠭᠡᠷ᠎ᠡ᠂ ︽ᠣᠷᠳᠣᠰ ᠨᠤᠲᠤᠭ ᠲᠠᠢ ᠰᠤᠷᠭᠠᠭᠤᠯᠢ ᠳᠤ ᠪᠠᠶᠢᠭ᠎ᠠ ᠤᠶᠤᠲᠠᠳ ᠪᠥᠬᠦ ᠬᠤᠲᠠ ᠶᠢᠨ ᠦᠨᠳᠦᠰᠦᠨ ᠱᠠᠲᠤᠨ ᠤ ᠡᠪᠯᠡᠯ ᠤᠨ ᠬᠤᠷᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠳᠡᠳ᠋ ᠱᠦᠵᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠬᠤ ᠬᠠᠮᠢᠶᠠᠷᠤᠯᠲᠠ ᠶᠢᠨ ᠠᠷᠭ᠎ᠠ︾᠎ ᠶᠢᠨ ᠲᠤᠬᠠᠶ ᠲᠠᠶᠢᠯᠤᠮᠵᠢ ᠬᠢᠵᠦ᠂ ᠡᠯ᠎ᠡ ᠨᠡᠶᠢᠬᠡᠮ ᠲᠤᠭᠤᠷᠢᠭ᠂ ᠪᠠᠶᠢᠭᠤᠯᠭ᠎ᠠ ᠨᠢᠬᠡᠴᠡ ᠶᠢ ᠠᠵᠢᠯ ᠤᠨ ᠪᠠᠶᠢᠷᠢ ᠳᠤ ᠪᠠᠶᠢᠭ᠎ᠠ ᠤᠶᠤᠲᠠᠳ ᠢ ᠨᠠᠷᠢᠨ ᠬᠢᠨᠠᠮᠠᠭᠠᠶ ᠬᠠᠮᠢᠶᠠᠷᠴᠤ ᠂ ᠲᠡᠳᠡᠨ ᠢ ᠦᠨᠡᠨ ᠬᠦ ᠬᠠᠪᠰᠤᠷᠤᠨ ᠳᠡᠮᠵᠢᠵᠦ ᠴᠢᠳᠠᠪᠤᠷᠢᠲᠠᠨ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠪᠤᠯᠪᠠᠰᠤᠷᠠᠯ ᠠᠴᠠ ᠤᠶᠤᠲᠠᠳ ᠢ ᠴᠤᠭ ᠵᠢᠪᠬᠤᠭ᠎ᠠ ᠲᠠᠢ᠂ ᠥᠷᠨᠢᠭᠦᠨ ᠪᠠᠳᠠᠷᠠᠩᠭᠤᠶ᠂ ᠢᠯᠡᠭᠦᠦ ᠰᠣᠨᠣᠰᠴᠤ ᠢᠯᠡᠭᠦᠦ ᠦᠵᠡᠵᠦ ᠢᠯᠡᠭᠦᠦ ᠠᠰᠠᠭᠤᠵᠤ ᠢᠯᠡᠭᠦᠦ ᠬᠢᠵᠦ᠂ ᠥᠪᠡᠷ ᠢ ᠪᠠᠨ ᠬᠠᠮᠲᠤ ᠨᠡᠶᠢᠲᠡ ᠳᠤ ᠠᠭᠤᠰᠤᠯᠴᠠᠭᠤᠯᠵᠤ᠂ ᠨᠡᠶᠢᠭᠡᠮ ᠳᠤ ᠠᠭᠤᠰᠤᠯᠴᠠᠭᠤᠯᠬᠤ ᠶᠢ ᠬᠦᠰᠡᠭᠰᠡᠨ ᠪᠠᠶᠢᠨ᠎ᠠ᠃      ᠪᠤᠯᠪᠠᠰᠤᠷᠠᠯ ᠤᠨ ᠡᠴᠦᠰ ᠲᠤ᠂ ᠤᠶᠤᠲᠠᠳ ᠤᠨ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠶᠢ  ᠵᠣᠷᠢᠭᠵᠢᠭᠤᠯᠵᠤ᠂ ᠵᠣᠷᠢᠭᠲᠠᠶ ᠪᠠᠷ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠮᠦᠵᠢᠭᠦᠯᠵᠦ᠂ ᠥᠪᠡᠷ ᠤᠨ ᠥᠷᠲᠡᠭ ᠢᠶᠠᠨ ᠪᠡᠶᠡᠯᠡᠭᠦᠯᠬᠦ ᠶᠢ ᠵᠣᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号