ᠨᠠᠭᠤᠷ ᠤᠨ ᠬᠤᠭᠤᠯᠠᠢ ᠲᠤᠰᠬᠤᠨ ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ ᠪᠠᠶᠢᠬᠤ
ᠨᠡᠶᠢᠲᠡᠯᠡᠭᠰᠡᠨ ᠴᠠᠭ᠄
2021/12/23
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠨᠠᠷᠢᠨᠲᠣᠬᠤᠢ ᠪᠠᠯᠭᠠᠰᠤᠨ ᠤ ᠨᠠᠭᠤᠷ ᠤᠨ ᠬᠤᠭᠤᠯᠠᠢ ᠲᠣᠰᠬᠤᠨ ᠤᠯᠠᠨ ᠲᠦᠮᠡᠨ ᠤ ︽ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ︾᠎  ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠳᠠᠳᠤ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃      ᠰᠤᠷᠪᠤᠯᠵᠢᠯᠠᠭᠴᠢ ᠨᠠᠭᠤᠷ ᠤᠨ ᠬᠤᠭᠤᠯᠠᠢ ᠲᠣᠰᠬᠤᠨ ᠤ ᠳᠥᠷᠪᠡᠳᠦᠭᠡᠷ ᠬᠤᠷᠰᠢᠶ᠎ᠠ ᠶᠢᠨ ᠵᠠᠩ ᠴᠧᠩ ᠹᠧᠨ ᠤ ᠭᠡᠷ ᠲᠤ ᠬᠦᠷᠬᠦ ᠳᠤ᠂ ᠲᠣᠰᠬᠤᠨ ᠤ ᠬᠢᠨ ᠲᠡᠳᠡᠨ ᠤ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠲᠤᠬᠠᠢ ᠮᠠᠭᠲᠠᠭᠠᠳ ᠪᠠᠷᠠᠬᠤ ᠦᠭᠡᠢ ᠪᠠᠶᠢᠯ᠎ᠠ᠃      ᠡᠨᠡ ᠵᠢᠯ ᠠᠭᠤᠷ ᠠᠮᠢᠰᠬᠤᠯ ᠭᠠᠩ ᠬᠠᠭᠤᠷᠠᠶ᠂ ᠤᠰᠤᠨ ᠤ ᠲᠦᠪᠰᠢᠨ ᠪᠠᠭᠤᠷᠠᠭᠰᠠᠨ ᠵᠡᠷᠭᠡ ᠠᠰᠠᠭᠤᠳᠠᠯ ᠠᠴᠠ ᠪᠣᠯᠵᠣ᠂ ᠨᠠᠭᠤᠷ ᠤᠨ ᠬᠤᠭᠤᠯᠠᠶ ᠲᠣᠰᠬᠤᠨ ᠤ ᠭᠤᠷᠪᠠᠳᠤᠭᠠᠷ᠂ ᠳᠥᠷᠪᠡᠳᠦᠭᠡᠷ ᠬᠤᠷᠰᠢᠶ᠎ᠠ ᠶᠢᠨ ᠬᠥᠮᠦᠨ ᠮᠠᠯ ᠤᠨ ᠤᠤᠭᠤᠬᠤ ᠤᠰᠤ ᠬᠦᠴᠢᠷᠲᠡᠶ  ᠪᠠᠶᠢᠪᠠ᠃ ᠡᠬᠦᠨ ᠤ ᠲᠤᠯᠠᠳᠠ᠂ ᠲᠤᠰᠬᠤᠨ ᠤ ᠠᠷᠠᠳ ᠤᠨ ᠵᠥᠪᠯᠡᠯ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠤᠨ ᠮᠠᠰᠢᠨ ᠬᠤᠳᠳᠤᠭ ᠢ ᠭᠦᠨ ᠮᠠᠯᠲᠠᠵᠤ᠂ ᠤᠤᠭᠤᠬᠤ ᠤᠰᠤᠨ ᠤ ᠬᠤᠭᠤᠯᠠᠢ ᠶᠢ ᠰᠡᠯᠪᠢᠨ ᠵᠠᠰᠠᠵᠤ᠂ ᠬᠤᠶᠠᠷ ᠬᠤᠷᠰᠢᠶᠠᠨ ᠤ ᠬᠥᠮᠦᠨ ᠮᠠᠯ ᠤᠨ ᠤᠤᠭᠤᠬᠤ ᠤᠰᠤᠨ ᠤ ᠪᠡᠷᠬᠡ ᠠᠰᠠᠭᠤᠳᠠᠯ ᠢ ᠴᠠᠭ ᠲᠤᠬᠠᠢ ᠳᠤ ᠨᠢ ᠰᠢᠢᠳᠪᠦᠷᠢᠯᠡᠪᠡ᠃      ᠨᠠᠭᠤᠷ ᠤᠨ ᠬᠤᠭᠤᠯᠠᠶ ᠲᠣᠰᠬᠤᠨ ᠤ ᠨᠠᠮ ᠤᠨ ᠡᠭᠦᠷ ᠤᠨ ᠱᠦᠵᠢ ᠯᠢᠦ ᠱᠦᠨ ᠬᠤ᠋ ᠰᠤᠷᠪᠤᠯᠵᠢᠯᠠᠬᠴᠢ ᠳᠤ᠄ ︽ᠬᠤᠶᠠᠷ ᠬᠤᠷᠰᠢᠶ᠎ᠠ ᠶᠢᠨ ᠬᠤᠳᠳᠤᠭ ᠪᠣᠯᠤᠨ ᠤᠰᠤᠨ ᠴᠠᠮᠬᠠᠭ ᠤᠨ ᠤᠰᠤ ᠨᠢ ᠪᠤᠯᠠᠩᠭᠢᠷ ᠪᠠᠶᠢᠬᠤ ᠠᠰᠠᠭᠤᠳᠠᠯ ᠣᠷᠣᠰᠢᠭᠰᠠᠭᠠᠷ ᠢᠷᠡᠵᠠᠢ᠂ ᠲᠣᠰᠬᠤᠨ ᠤ ᠠᠷᠠᠳ ᠤᠨ ᠵᠥᠪᠯᠡᠯ ᠬᠤᠶᠠᠷ ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠰᠢᠨ᠎ᠡ ᠪᠠᠷ ᠭᠦᠨ ᠬᠤᠳᠳᠤᠭ ᠪᠠᠶᠢᠭᠤᠯᠵᠤ᠂ ᠮᠠᠨ ᠤ ᠠᠷᠠᠳ ᠤᠯᠠᠨ ᠤ ᠬᠥᠮᠦᠨ ᠮᠠᠯ ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ︾ ᠬᠡᠪᠡ᠃      ᠪᠣᠳᠠᠲᠤ ᠶᠠᠪᠤᠳᠠᠯ ᠢᠶᠠᠷ ᠤᠭ ᠰᠠᠨᠠᠭ᠎ᠠ ᠪᠠᠨ ᠦᠢᠯᠡᠳᠦᠯᠬᠡᠵᠢᠬᠦᠯᠵᠦ᠂ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ ᠬᠡᠮᠡᠨ ᠡᠨᠡ ᠵᠢᠯ ᠠᠴᠠ ᠨᠠᠰᠢ᠂ ᠨᠠᠷᠢᠨᠲᠣᠬᠤᠶ ᠪᠠᠯᠭᠠᠰᠤᠨ ᠤ ᠨᠠᠮ ᠤᠨ ᠬᠤᠷᠢᠶ᠎ᠠ ︽ᠶᠡᠭᠡ ᠨᠠᠮ ᠤᠨ ᠪᠠᠶᠢᠭᠤᠯᠤᠯᠲᠠ ᠶᠢᠨ ᠪᠠᠶᠢᠷᠢᠰᠢᠯ᠂ ᠶᠡᠭᠡ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠮᠵᠢ᠂ ᠶᠡᠭᠡ ᠠᠭᠤᠰᠤᠯᠴᠠᠯ ᠬᠥᠭᠵᠢᠯᠲᠡ︾᠎ ᠶᠢᠨ ᠪᠦᠬᠦᠯᠢ ᠴᠣᠭᠴᠠ ᠶᠢᠨ ᠠᠵᠢᠯ ᠤᠨ ᠰᠡᠳᠬᠢᠴᠡ ᠶᠣᠰᠣᠭᠠᠷ᠂ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷᠠᠬᠢ 2 ᠪᠠᠶᠢᠭᠤᠯᠭ᠎ᠠ ᠨᠢᠭᠡᠴᠢ ᠶᠢᠨ ᠨᠠᠮ ᠤᠨ ᠡᠭᠦᠷ᠂ 1 ᠨᠡᠶᠢᠭᠡᠮ ᠲᠣᠭᠤᠷᠢᠭ ᠤᠨ ᠨᠠᠮ ᠤᠨ ᠡᠭᠦᠷ᠂ 16 ᠲᠣᠰᠬᠤᠨ ᠤ ᠨᠠᠮ ᠤᠨ ᠡᠭᠦᠷ᠂ 26 ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ 1400 ᠢᠯᠡᠬᠦᠦ ᠨᠠᠮ ᠤᠨ ᠭᠡᠰᠢᠭᠦᠨ᠂ ᠪᠥᠬᠦ ᠪᠠᠯᠭᠠᠰᠤᠨ ᠤ 5 ᠲᠦᠮᠡ ᠢᠯᠡᠬᠦᠦ ᠣᠯᠠᠨ ᠲᠦᠮᠡᠨ ᠲᠠᠢ ᠬᠠᠷᠢᠯᠴᠠᠬᠤ ︽ᠨᠢᠭᠡ ᠬᠥᠯᠭᠡ ᠰᠢᠲᠠᠷ᠎ᠠ︾᠎ ᠶᠢᠨ ᠪᠠᠶᠢᠷᠢᠰᠢᠯ ᠢ ᠪᠣᠶ ᠪᠣᠯᠭᠠᠪᠠ᠃ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ 450 ᠲᠦᠷᠦᠯ ᠵᠦᠢᠯ ᠢ ᠡᠯᠰᠡᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠭᠰᠠᠨ 100 ᠭᠠᠷᠤᠢ ᠬᠦᠴᠢᠷᠳᠡᠯᠲᠡᠢ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠤᠳᠠᠭᠠᠰᠢᠷᠠᠭᠤᠯᠤᠭᠠᠳ ᠰᠢᠢᠳᠪᠦᠷᠢᠯᠡᠭᠳᠡᠭᠡᠳᠦᠢ ᠪᠠᠶᠢᠭᠰᠠᠨ 19 ᠵᠥᠷᠢᠴᠡᠯ ᠵᠢᠭᠤᠷᠠᠯᠳᠤᠭᠠᠨ ᠢ ᠰᠢᠢᠳᠪᠤᠷᠢᠯᠡᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ 200 ᠭᠠᠷᠤᠢ ᠤᠳᠠᠭ᠎ᠠ ᠥᠷᠨᠢᠭᠦᠯᠵᠦ᠂ ᠤᠯᠠᠨ ᠲᠦᠮᠡᠨ ᠤ ᠰᠠᠶᠢᠨ ᠦᠨᠡᠯᠡᠯᠲᠡ ᠶᠢ ᠤᠯᠤᠬᠰᠨ ᠪᠠᠶᠢᠨ᠎ᠠ᠃
 
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号