| ᠨᠢᠭᠡ ᠳᠤ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠵᠠᠰᠠᠬᠤ ᠶᠢ ᠰᠠᠶᠢᠲᠤᠷ | ᠠᠳᠬᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠴᠢᠨᠠᠷ ᠰᠠᠶᠢᠲᠠᠶ | ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ︽ᠠᠮᠢ ᠠᠬᠤᠶ + ᠬᠡᠷᠡᠯ ᠴᠡᠨᠡᠭ︾ ︽ᠠᠮᠢ ᠠᠬᠤᠶ + ᠠᠵᠤ | ᠠᠬᠤᠶ ᠶᠢᠨ ᠵᠢᠮᠢᠰ ᠤᠨ ᠣᠶ︾ ︽ᠠᠮᠢ ᠠᠬᠤᠶ + ᠬᠡᠪᠴᠢᠶᠡᠵᠢᠭᠦᠯᠦᠨ ᠳᠠᠷᠢᠵᠤ ᠲᠡᠵᠢᠭᠡᠬᠦ︾ ᠬᠥᠭᠵᠢᠯᠲᠡ ᠶᠢᠨ | ᠵᠠᠭᠪᠤᠷ ᠢ ᠭᠤᠤᠯᠳᠠᠯᠭ᠎ᠠ ᠲᠠᠢ ᠠᠬᠢᠭᠤᠯᠵᠤ᠂ ᠨᠠᠩ ᠣᠯᠠᠨ ︽ᠠᠮᠢ ᠠᠬᠤᠶ +︾ ᠠᠵᠤ ᠦᠶ᠋ᠯᠡᠰ ᠤᠨ ᠲᠥᠷᠥᠯ | ᠵᠦᠢᠯ ᠢ ᠤᠯᠠᠭᠠᠨᠮᠦ᠋ᠷᠡᠨ ᠪᠠᠯᠭᠠᠰᠤᠨ ᠳᠤ ᠨᠤᠲᠤᠭᠰᠢᠭᠤᠯᠬᠤ ᠪᠠᠷ ᠢᠳᠡᠪᠬᠢᠲᠡᠶ ᠴᠢᠷᠮᠠᠶᠢᠨ᠎ᠠ᠃ | ᠬᠤᠶᠠᠷ ᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠴᠢᠬᠤᠯᠠ | ᠶᠡᠭᠡ ᠲᠦᠷᠦᠯ ᠵᠦᠢᠯ ᠳᠤ ᠰᠠᠶᠢᠲᠤᠷ ᠦᠢᠯᠡᠴᠢᠯᠡᠬᠦ ᠶᠢ ᠤᠯᠠᠭᠠᠨᠮᠦ᠋ᠷᠡᠨ ᠪᠠᠯᠭᠠᠰᠤᠨ ᠤ ᠬᠥᠭᠵᠢᠯᠲᠡ ᠶᠢᠨ ᠶᠡᠷᠦᠩᠬᠡᠢ | ᠬᠦᠭ ᠠᠶᠠᠰ ᠪᠣᠯᠭᠠᠵᠤ᠂ ᠲᠢᠶᠠᠨ ᠵᠢᠶᠤᠤ ᠪᠤᠬᠢᠷᠳᠤᠯ ᠦᠭᠡᠢ ᠡᠨᠧᠷᠭᠢ ᠶᠢᠨ 50 ᠲᠦᠮᠡᠨ ᠬᠢᠯᠦᠸᠠᠲ ᠤᠨ ᠬᠡᠷᠡᠯ | ᠴᠡᠨᠡᠭ ᠢᠶᠠᠷ ᠴᠠᠬᠢᠯᠭᠠᠨ ᠭᠠᠷᠭᠠᠬᠤ ᠵᠢᠱᠢᠶ᠎ᠡ ᠦᠵᠡᠭᠦᠯᠬᠦ ᠲᠦᠷᠦᠯ ᠵᠦᠢᠯ᠂ ᠤᠯᠤᠰ ᠤᠨ ᠴᠠᠬᠢᠯᠭᠠᠨ ᠬᠦᠴᠦᠨ ᠤ | ᠪᠦᠯᠢᠶᠡᠨ ᠲᠤᠬᠤᠢ ᠬᠤᠶᠠᠳᠤᠭᠠᠷ ᠬᠤᠭᠤᠴᠠᠭ᠎ᠠ᠂ ᠰᠢᠨ ᠷᠦᠢ ᠭᠦᠸᠧ ᠶᠤᠸᠠᠨ ᠣᠷᠭᠠᠨᠢᠭ ᠪᠤᠰᠤ ᠤᠩᠭᠠᠷᠢᠭᠤᠯᠤᠨ | ᠴᠠᠷᠴᠠᠭᠠᠬᠤ ᠡᠳ᠋ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ᠂ | ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠪᠠᠲᠤᠯᠠᠨ᠎ᠠ᠃ | ᠭᠤᠷᠪᠠ ᠳᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ | ᠴᠢᠩᠭᠠᠳᠬᠠᠨ᠎ᠠ᠃ ᠱᠧᠨ ᠳ᠋ᠦᠩ ᠠᠭᠤᠷᠬᠠᠢ ᠶᠢᠨ ᠬᠤᠳᠳᠤᠭ ᠤᠨ ᠤᠰᠤᠨ ᠤ ᠪᠠᠷᠢᠮᠵᠢᠶ᠎ᠠ ᠶᠢ ᠳᠡᠭᠡᠭᠰᠢᠯᠡᠭᠦᠯᠦᠨ | ᠥᠭᠡᠷᠡᠴᠢᠯᠡᠬᠦ ᠪᠠ ᠭᠠᠵᠠᠷ ᠰᠢᠷᠣᠢ ᠶᠢ ᠳᠠᠬᠢᠨ ᠠᠰᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ | ᠪᠣᠬᠢᠷᠲᠤᠯ ᠦᠭᠡᠢ ᠠᠭᠤᠷᠬᠠᠢ᠂ ᠤᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠣᠷᠣᠰᠢᠨ ᠠᠮᠢᠳᠤᠷᠠᠬᠤ ᠣᠷᠴᠢᠨ ᠨᠥᠬᠦᠴᠡᠯ ᠤᠨ ᠤᠷᠲᠤ ᠬᠤᠭᠤᠴᠠᠭᠠᠨ ᠤ ᠪᠦᠲᠦᠮᠵᠢᠲᠡᠢ | ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠠᠭᠤᠷᠬᠠᠢ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠲᠦᠷᠪᠡ ᠳᠤ᠂ ᠠᠵᠤ ᠠᠬᠤᠢ ᠬᠥᠭᠵᠢᠭᠰᠡᠨ ᠪᠠᠯᠭᠠᠰᠤᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠲᠦᠯᠬᠢᠨ | ᠠᠬᠢᠭᠤᠯᠵᠤ᠂ ᠡᠷᠬᠡ ᠶᠢ ᠥᠷᠭᠡᠳᠬᠡᠨ ᠪᠠᠯᠭᠠᠰᠤ ᠶᠢ ᠬᠦᠴᠦᠷᠬᠡᠭᠵᠢᠭᠦᠯᠬᠦ ᠶᠡᠷᠦᠩᠬᠡᠢ ᠬᠠᠷᠠᠯᠲᠠ ᠶᠢ ᠪᠡᠶᠡᠯᠡᠭᠦᠯᠦᠨ᠎ᠡ᠃ | | | | | |